ᠰᠣ᠋ ᡁᠢ ᠰᠢᠶᠦ᠋ᠡᠭ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠶᠢᠨ ᠱᠧᠨᠵᠧᠨ ᠬᠤᠳᠠ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
      10 ᠳ᠋ᠤᠭᠠᠷ ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠶᠢᠨ ᠱᠧᠨᠵᠧᠨ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠦᠨ᠂ ᠣᠷᠢᠶᠠᠮᠠᠭ ᠵᠠᠮᠠᠭ ᠤᠨ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠠᠪᠤᠳᠠᠯ ᠢ ᠵᠥᠪᠳᠡᠯᠴᠡᠵᠦ᠂ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠠᠬᠢᠭᠤᠯᠵᠤ᠂ ᠣᠨᠣᠪᠴᠢᠲᠠᠢ ᠪᠠᠷ ᠬᠤᠳᠠᠯᠳᠤᠭᠠᠴᠢᠨ ᠤᠷᠢᠨ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃
1.jpg
2.jpg
      ᠰᠣ᠋ ᡁᠢ ᠰᠢᠶᠦ᠋ᠡᠭ ᠬᠤᠸᠠ ᠷᠦᠨ ᠰᠠᠨ ᠵᠢᠦ ᠡᠮ ᠡᠮᠨᠡᠯᠭᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠵᠧᠵᠢᠶᠠᠩ ᠶᠡᠭᠡ ᠰᠤᠷᠭᠠᠭᠤᠯᠢ ᠶᠢᠨ ᠫᠷᠣᠹᠧᠰᠰᠣᠷ᠂ ᠵᠧᠵᠢᠶᠠᠩ ᠶᠡᠭᠡ ᠰᠤᠷᠭᠠᠭᠤᠯᠢ ︱ ᠣᠷᠳᠣᠰ ᠬᠤᠳᠠ ᠶᠢᠨ ᠤᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠡᠷᠬᠢᠯᠡᠭᠴᠢ ᠵᠧᠦ ᠮᠢᠨ ᠲᠠᠢ ᠬᠠᠮᠲᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠬᠢ ᠴᠢᠬᠤᠯᠠ ᠦᠷ᠎ᠡ ᠪᠦᠲᠦᠭᠡᠯ ᠢ ᠨᠠᠷᠢᠨ ᠣᠶᠢᠯᠠᠭᠠᠵᠤ᠂ ᠺᠣᠮᠫᠠᠨᠢ ᠶᠢᠨ ᠰᠤᠳᠤᠯᠤᠨ ᠨᠡᠭᠡᠭᠡᠬᠦ ᠲᠥᠪ ᠤᠨ ᠳᠡᠳ᠋ ᠶᠡᠷᠦᠩᠬᠡᠢ ᠳᠠᠭᠠᠭᠠᠮᠠᠯ ᠯᠢᠦ ᡁᠢ ᠭᠠᠩ  ᠯᠤᠭ᠎ᠠ ᠣᠷᠢᠶᠠᠮᠠᠭ ᠵᠠᠮᠠᠭ ᠤᠨ ᠦᠢᠯᠡᠳᠪᠦᠷᠢᠯᠡᠯ ᠤᠨ ᠰᠤᠳᠤᠯᠤᠨ ᠨᠡᠭᠡᠭᠡᠯᠲᠡ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠨ᠂ ᠣᠷᠢᠶᠠᠮᠠᠭ ᠵᠠᠮᠠᠭ ᠤᠨ ᠠᠵᠤ ᠦᠢᠯᠡᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠬᠦᠷᠢᠶᠡᠨ ᠳᠠᠬᠢ ᠵᠠᠬ᠎ᠠ ᠳᠡᠯᠭᠡᠭᠦᠷᠴᠢᠯᠡᠬᠦ ᠠᠬᠢᠴᠠ ᠶᠢ ᠠᠬᠢᠭᠤᠯᠪᠠ᠃
3.jpg
      ᠬᠠᠨ ᠺᠧ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠲᠤᠶᠢᠯ ᠤᠨ ᠨᠢᠮᠭᠡᠨ ᠨᠡᠶᠢᠯᠡᠮᠡᠯ ︵ᠨᠡᠶᠢᠯᠡᠮᠡᠯ ᠪᠣᠳᠠᠰ︶ ᠲᠡᠮᠦᠷᠯᠢᠭ ᠤᠨ ᠴᠢᠳᠠᠮᠵᠢᠲᠤ ᠮᠠᠲ᠋ᠧᠷᠢᠶᠠᠯ ᠤᠨ ᠡᠭᠦᠳᠦᠨ ᠪᠦᠲᠦᠭᠡᠭᠴᠢ ᠮᠥᠨ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ ᠠᠵᠤ ᠠᠬᠤᠶᠢᠯᠠᠯ ᠮᠥᠨ᠃ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠷᠦᠩ ᠹᠦ᠋ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ ᠪᠣᠯᠣᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠰᠠᠨᠠᠯ ᠢᠶᠠᠨ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ᠂ ᠲᠦᠷᠦᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠭᠦᠨᠵᠡᠭᠡᠢ ᠵᠥᠪᠳᠡᠯᠴᠡᠨ ᠰᠠᠨᠠᠯ ᠨᠢᠭᠡᠳᠪᠡ᠃
4.jpg
      ᠰᠣ᠋ ᡁᠢ ᠰᠢᠶᠦ᠋ᠡᠭ ᠰᠢᠨ ᠢ ᠰᠢᠯ ᠤᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠳᠤ ᠬᠦᠷᠴᠦ᠂ ᠺᠣᠮᠫᠠᠨᠢ ᠶᠢᠨ ᠭᠦᠢᠴᠡᠳᠬᠡᠬᠦ ᠬᠡᠷᠡᠭ ᠮᠡᠳᠡᠭᠴᠢ᠂ ᠳᠡᠳ᠋ ᠶᠡᠷᠦᠩᠬᠡᠢ ᠵᠠᠬᠢᠷᠤᠯ ᠯᠢ ᠱᠧᠩ ᠭᠧᠨ ᠲᠠᠢ ᠠᠵᠤ ᠦᠢᠯᠡᠰ ᠤᠨ ᠬᠥᠭᠵᠢᠯᠲᠡ᠂ ᠣᠷᠣᠨ ᠪᠦᠰᠡ ᠶᠢᠨ ᠬᠠᠮᠲᠤᠷᠠᠯᠴᠠᠭ᠎ᠠ᠂ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠨ᠂ ᠬᠤᠶᠠᠷ ᠲᠠᠯ᠎ᠠ ᠪᠠᠷ ᠢᠶᠠᠨ ᠬᠠᠮᠵᠢᠯᠴᠠᠨ ᠬᠥᠭᠵᠢᠬᠦ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ᠂ ᠨᠡᠩ ᠥᠷᠭᠡᠨ ᠬᠡᠪᠴᠢᠶ᠎ᠡ᠂ ᠨᠡᠩ ᠭᠦᠨ ᠳᠠᠪᠬᠤᠷᠭ᠎ᠠ ᠳᠠᠬᠢ ᠪᠣᠳᠠᠲᠠᠢ ᠬᠠᠮᠲᠤᠷᠠᠯᠴᠠᠭ᠎ᠠ ᠶᠢ ᠠᠬᠢᠭᠤᠯᠤᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭ ᠬᠦᠷᠳᠡᠬᠦ᠂ ᠬᠠᠮᠲᠤᠪᠠᠷ ᠤᠷᠤᠭᠰᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ ᠭᠡᠵᠦ ᠢᠯᠡᠳᠬᠡᠪᠡ᠃      ᠼᠦᠢ ᠵᠢᠩ᠂ ᠭᠤᠸ ᡁᠢ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ