ᠰᠢᠨᠬᠤᠸᠠ ᠬᠤᠷᠢᠶ᠎ᠠ ᠶᠢᠨ ᠰᠢᠶᠠᠮᠧᠨ ᠤ 10 ᠰᠠᠷ᠎ᠠ ᠶᠢᠨ 16 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠹᠦᠵᠢᠶᠠᠨ ᠳᠤ | ᠰᠢᠨᠵᠢᠯᠡᠨ ᠪᠠᠶᠢᠴᠠᠭᠠᠬᠤ ᠳᠠᠭᠠᠨ᠂ ᠹᠦᠵᠢᠶᠠᠨ ᠮᠤᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠲᠣᠭᠲᠠᠴᠠ ᠨᠢ ᠠᠮᠢᠳᠤᠯᠢᠭ᠂ | ᠠᠵᠤ ᠦᠢᠯᠡᠰ ᠨᠢ ᠰᠢᠯᠢᠳᠡᠭ᠂ ᠠᠷᠠᠳ ᠨᠢ ᠪᠠᠶᠠᠨ᠂ ᠠᠮᠢ ᠠᠬᠤᠢ ᠨᠢ ᠦᠵᠡᠰᠬᠦᠯᠡᠩᠲᠦ ᠰᠠᠶᠢᠬᠠᠨ ᠰᠢᠨ᠎ᠡ ᠹᠦᠵᠢᠶᠠᠨ ᠢ ᠪᠦᠲᠦᠭᠡᠨ ᠪᠠᠶᠢᠭᠤᠯᠬᠤ ᠬᠠᠷᠠᠯᠲᠠ ᠶᠢ | ᠰᠤᠯᠠᠷᠠᠭᠤᠯᠤᠯ ᠦᠭᠡᠢ ᠠᠳᠬᠤᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠲᠦᠷᠭᠡᠨ ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠨᠡᠩ ᠶᠡᠭᠡ ᠳᠠᠪᠰᠢᠯᠲᠠ ᠲᠠᠢ ᠪᠣᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠰᠢᠨ᠎ᠡ | ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠤ᠂ ᠴᠢᠨᠠᠷᠯᠢᠭ ᠠᠮᠢᠳᠤᠷᠠᠯ ᠢ ᠴᠣᠭᠴᠠᠯᠠᠬᠤ ᠲᠠᠯ᠎ᠠ ᠪᠠᠷ ᠨᠠᠩ ᠶᠡᠭᠡ ᠰᠢᠪᠲᠤᠯᠤᠯᠲᠠ | ᠭᠠᠷᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠷᠢᠭᠦᠨ ᠤ ᠬᠢ ᠪᠤᠯᠬᠤ ᠪᠠᠷ ᠵᠣᠷᠢᠭᠲᠠᠢ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠵᠠᠢ᠃ | | | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ | ᠪᠣᠯ 15 ᠤ ᠦᠳᠡ ᠶᠢᠨ ᠬᠤᠶᠢᠨ᠎ᠠ᠂ ᠰᠢ ᠶᠢᠨ ᠫᠢᠩ ᠵᠠᠩᠵᠸᠤ ᠬᠤᠳᠠ ᠶᠢᠨ ᠳ᠋ᠦᠩᠱᠠᠨ ᠰᠢᠶᠠᠨ ᠤ ᠴᠧᠨᠴᠧᠩ ᠪᠠᠯᠭᠠᠰᠤᠨ ᠤ ᠤᠤ ᠵᠢᠶᠣᠣ ᠲᠣᠰᠬᠤᠨ ᠳᠤ | ᠰᠢᠨᠵᠢᠯᠡᠨ ᠪᠠᠶᠢᠴᠠᠭᠠᠬᠤ ᠳᠠᠭᠠᠨ ᠵᠢᠭᠠᠰᠤᠴᠢᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ | ᠰᠡᠭᠦᠳᠡᠷᠯᠡᠪᠡ | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ | ᠪᠣᠯ 16 ᠤ ᠦᠳᠡ ᠶᠢᠨ ᠡᠮᠦᠨ᠎ᠡ᠂ ᠰᠢ ᠶᠢᠨ ᠫᠢᠩ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ | ᠬᠡᠰᠡᠭ ᠢ ᠰᠢᠨᠵᠢᠯᠡᠨ ᠪᠠᠶᠢᠴᠠᠭᠠᠬᠤ ᠳᠠᠭᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠧᠦ ᠽᠦ ᠢ | ᠪᠣᠯᠣᠨ ᠮᠤᠵᠢ ᠶᠢᠨ ᠳᠠᠷᠤᠭ᠎ᠠ ᠵᠣᠣ ᠯᠦᠩ ᠤᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠵᠠᠩᠵᠸᠦ᠂ ᠰᠢᠶᠠᠮᠧᠨ ᠵᠡᠷᠭᠡ ᠭᠠᠵᠠᠷ ᠲᠤ ᠬᠦᠷᠴᠦ᠂ ᠬᠥᠳᠡᠭᠡ | ᠲᠣᠰᠬᠤᠨ᠂ ᠬᠤᠪᠢᠰᠬᠠᠯ ᠤᠨ ᠬᠥᠮᠦᠵᠢᠯ ᠤᠨ ᠰᠠᠭᠤᠷᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠵᠡᠷᠭᠡ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ | 15 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠵᠠᠩᠵᠸᠤ ᠬᠤᠳᠠ ᠶᠢᠨ ᠳ᠋ᠦᠩᠱᠠᠨ ᠰᠢᠶᠠᠨ ᠳᠤ ᠰᠢᠨᠵᠢᠯᠡᠨ ᠪᠠᠶᠢᠴᠠᠭᠠᠪᠠ᠃ ᠲᠤᠰ | ᠰᠢᠶᠠᠨ ᠤ ᠵᠡᠭᠦᠨ ᠡᠮᠦᠨ᠎ᠡ ᠪᠡᠶ᠎ᠡ ᠶᠢᠨ ᠴᠧᠨᠴᠧᠩ ᠪᠠᠯᠭᠠᠰᠤᠨ ᠤ ᠤᠤ ᠵᠢᠶᠣᠣ ᠲᠣᠰᠬᠤᠨ ᠭᠤᠷᠪᠠᠨ ᠲᠠᠯ᠎ᠠ ᠪᠠᠷ ᠢᠶᠠᠨ ᠳᠠᠯᠠᠢ ᠲᠠᠢ ᠵᠠᠯᠭᠠᠯᠳᠤᠵᠤ᠂ ᠣᠶᠢᠷ᠎ᠠ ᠶᠢᠨ | ᠵᠢᠯ ᠳᠤ ᠳᠠᠯᠠᠢ ᠳᠤ ᠲᠦᠰᠢᠭᠯᠡᠨ ᠲᠣᠰᠬᠤᠨ ᠢᠶᠠᠨ ᠮᠠᠨᠳᠤᠭᠤᠯᠬᠤ᠂ ᠳᠠᠯᠠᠢ ᠳᠤ ᠲᠦᠰᠢᠭᠯᠡᠨ ᠲᠣᠰᠬᠤᠨ ᠢᠶᠠᠨ ᠬᠦᠴᠦᠷᠬᠡᠭᠵᠢᠭᠦᠯᠬᠦ ᠰᠢᠨ᠎ᠡ ᠵᠠᠮ ᠢᠶᠠᠷ ᠵᠠᠮᠨᠠᠪᠠ᠃ ᠰᠢ | ᠶᠢᠨ ᠫᠢᠩ ᠤᠤ ᠵᠢᠶᠣᠣ ᠪᠤᠯᠤᠩ ᠤᠨ ᠳᠠᠯᠠᠢ ᠶᠢᠨ ᠣᠷᠣᠨ ᠤ ᠣᠷᠴᠢᠨ ᠲᠣᠭᠤᠷᠢᠨ ᠪᠠ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠵᠦ᠂ | ᠳᠠᠯᠠᠢ ᠶᠢᠨ ᠢᠳᠡᠭᠡᠨ ᠤ ᠪᠠᠷᠠᠭ᠎ᠠ ᠪᠠ ᠵᠢᠭᠠᠰᠤᠨ ᠤ ᠭᠠᠷᠤᠯᠲᠠ ᠶᠢᠨ ᠠᠷᠠᠯᠵᠢᠶᠠᠨ ᠤ ᠪᠠᠶᠢᠳᠠᠯ ᠢ ᠨᠠᠷᠢᠨ ᠣᠶᠢᠯᠠᠭᠠᠪᠠ᠃ ᠴᠥᠭᠡᠨ ᠪᠤᠰᠤ ᠲᠡᠯᠡᠶ ᠶᠢᠨ ᠭᠠᠷᠤᠯᠲᠠ ᠶᠢᠨ | ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠴᠥᠮ ᠬᠥᠭᠵᠢᠶᠡᠨ ᠲᠠᠢ ᠪᠠᠶᠢᠵᠤ᠂ ᠲᠣᠰᠬᠤᠨ ᠤ ᠠᠷᠠᠳ ᠤᠨ ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ | ᠪᠠᠶᠢᠬᠤ ᠶᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠬᠦᠷᠦᠯᠴᠡᠨ ᠢᠷᠡᠭᠰᠡᠨ ᠲᠣᠰᠬᠤᠨ ᠤ ᠠᠷᠠᠳ ᠪᠣᠯᠣᠨ ᠵᠢᠭᠠᠰᠤᠴᠢᠨ ᠳᠤ᠂ ᠪᠢ 23 ᠵᠢᠯ ᠤᠨ | ᠡᠮᠦᠨ᠎ᠡ ᠲᠠᠨ ᠤ ᠲᠤᠰᠬᠤᠨ ᠳᠤ ᠢᠷᠡᠵᠦ ᠥᠩᠭᠡᠷᠡᠭᠰᠡᠨ ᠶᠤᠮ᠂ ᠣᠳᠣ ᠪᠤᠯᠲᠠᠯ᠎ᠠ ᠭᠦᠨ ᠰᠠᠭᠤᠭᠳᠠᠯ ᠲᠠᠢ ᠪᠠᠶᠢᠨ᠎ᠠ᠃ ᠡᠨᠡ ᠤᠳᠠᠭ᠎ᠠ ᠲᠣᠰᠬᠤᠨ ᠳᠤ ᠮᠠᠰᠢ ᠶᠡᠭᠡ | ᠬᠤᠪᠢᠷᠠᠯᠲᠠ ᠭᠠᠷᠤᠭᠰᠠᠨ ᠢ ᠦᠵᠡᠭᠡᠳ ᠲᠤᠩ ᠪᠠᠶᠠᠷᠯᠠᠵᠤ᠂ ᠲᠤᠩ ᠳᠣᠭᠳᠣᠯᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠬᠥᠳᠡᠭᠡ ᠲᠣᠰᠬᠤᠨ ᠯᠠᠪᠲᠠᠢ | ᠨᠡᠩ ᠭᠡᠭᠡᠨ ᠰᠠᠷᠠᠭᠤᠯ ᠢᠷᠡᠭᠡᠳᠦᠢ ᠲᠠᠢ ᠪᠣᠯᠵᠤ᠂ ᠲᠠᠷᠢᠶᠠᠴᠢᠳ ᠨᠡᠩ ᠬᠥᠭᠵᠢᠶᠡᠨᠲᠦ ᠠᠮᠢᠳᠤᠷᠠᠯ ᠲᠠᠢ ᠪᠤᠯᠬᠤ ᠶᠤᠮ᠃ ᠲᠣᠰᠬᠤᠨ ᠤ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠤᠬ᠎ᠠ ᠲᠡᠷᠭᠡᠨ ᠤ ᠦᠢᠯᠡᠳᠦᠯ ᠢᠶᠠᠨ ᠪᠠᠳᠠᠷᠠᠭᠤᠯᠵᠤ᠂ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ︽ᠲᠠᠯᠠᠢ ᠲᠠᠩᠭᠢᠰ︾ ᠤᠨ ᠠᠵᠢᠯ ᠢ | ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠪᠠᠶᠠᠵᠢᠬᠤ ᠵᠠᠮ ᠳᠡᠭᠡᠷ᠎ᠡ ᠴᠤᠴᠠᠯᠲᠠ ᠦᠭᠡᠢ ᠤᠷᠤᠭᠰᠢᠯᠠᠬᠤ ᠬᠡᠷᠡᠭᠲᠡᠢ ᠭᠡᠪᠡ᠃ | | ᠲᠠᠷᠠᠭ᠎ᠠ ᠨᠢ᠂ ᠰᠢ ᠶᠢᠨ ᠫᠢᠩ ᠭᠦ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠭᠦ᠋ ᠸᠧᠨ ᠴᠠᠩ ᠨᠥᠬᠦᠷ ᠤᠨ ᠰᠡᠳᠬᠢᠯ ᠬᠥᠳᠡᠯᠭᠡᠮ᠎ᠡ ᠦᠢᠯᠡ | ᠠᠵᠢᠯᠯᠠᠭ᠎ᠠ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠠᠶᠢᠬᠤ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠭᠦ᠋ ᠸᠧᠨ ᠴᠠᠩ ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ | ᠫᠢᠩ᠂ ᠺᠠᠳ᠋ᠷ ᠤᠨ ᠠᠵᠢᠯ ᠤᠨ ᠠᠮᠵᠢᠯᠲᠠ ᠶᠢᠨ ᠰᠠᠶᠢᠨ ᠮᠠᠭᠤ ᠶᠢ ᠬᠡᠮᠵᠢᠬᠦ ᠳᠤ ᠵᠠᠩᠭᠢᠯᠠᠭ᠎ᠠ ᠨᠢ ᠠᠷᠠᠳ ᠤᠯᠠᠨ ᠤ ᠮᠠᠭᠲᠠᠭᠠᠯ ᠰᠠᠶᠢᠰᠢᠶᠠᠯ ᠰᠠᠶᠢᠨ ᠡᠰᠡᠬᠦ ᠶᠢ ᠦᠵᠡᠨ᠎ᠡ᠃ | ᠡᠯ᠎ᠡ ᠱᠠᠲᠤᠨ ᠤ ᠤᠳᠤᠷᠢᠳᠬᠤ ᠺᠠᠳ᠋ᠷᠴᠤᠳ ᠭᠦ᠋ ᠸᠧᠨ ᠴᠠᠩ ᠨᠥᠬᠦᠷ ᠠᠴᠠ ᠲᠠᠭᠠᠨ ᠰᠤᠷᠤᠯᠴᠠᠵᠤ᠂ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠤᠢ | ᠪᠤᠯᠭᠠᠵᠤ᠂ ᠳᠠᠷᠤᠭ᠎ᠠ ᠲᠤᠰᠢᠶᠠᠯᠲᠠᠨ ᠪᠣᠯᠪᠠᠰᠤ ᠭᠠᠵᠠᠷ ᠣᠷᠣᠨ ᠤ ᠠᠷᠠᠳ ᠲᠠᠭᠠᠨ ᠪᠤᠶᠠᠨ ᠦᠢᠯᠡᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠤᠷᠳᠤ | ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠥᠷᠯᠥᠭ ᠬᠥᠰᠢᠶ᠎ᠡ ᠶᠢ ᠠᠷᠠᠳ ᠤᠯᠠᠨ ᠤ ᠰᠡᠳᠬᠢᠯ ᠳᠤ ᠱᠤᠭᠤᠬᠤ ᠬᠡᠷᠡᠭᠲᠡᠢ᠃ ᠭᠦ᠋ ᠸᠧᠨ ᠴᠠᠩ ᠨᠥᠬᠦᠷ ᠠᠴᠠ | ᠰᠤᠷᠤᠯᠴᠠᠬᠤ ᠳᠤ᠂ ᠲᠡᠭᠦᠨ ᠤ ᠮᠣᠷᠠᠯ ᠡᠷᠳᠡᠮ ᠬᠤᠣᠰᠯᠠᠭᠰᠠᠨ ᠡᠷᠬᠢᠮ ᠳᠡᠭᠡᠳᠦ ᠵᠠᠩ ᠰᠤᠷᠲᠠᠯ ᠢ ᠨᠢ ᠪᠢᠰᠢᠷᠡᠨ ᠰᠤᠷᠤᠯᠴᠠᠬᠤ ᠪᠠᠷ ᠪᠠᠷᠠᠬᠤ ᠦᠭᠡᠢ᠂ ᠲᠡᠭᠦᠨ ᠰᠢᠭ | ᠬᠥᠮᠥᠨ ᠪᠣᠯᠵᠤ ᠵᠠᠰᠠᠭ ᠪᠠᠷᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠭᠤᠸᠠᠨ ᠳ᠋ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠰᠢ ᠶᠢᠨ ᠫᠢᠩ ᠲᠤᠬᠠᠢ ᠶᠢᠨ ᠭᠠᠵᠠᠷ ᠤᠨ ᠰᠣᠶᠣᠯ ᠤᠨ ᠥᠪ ᠤᠨ ᠬᠠᠮᠠᠭᠠᠯᠠᠯᠲᠠ ᠶᠢ | ᠴᠢᠩᠭᠠᠳᠬᠠᠵᠤ᠂ ᠬᠤᠶᠠᠷ ᠬᠥᠪᠡᠭᠡᠨ ᠤ ᠰᠣᠶᠣᠯ ᠤᠨ ᠰᠣᠯᠢᠯᠴᠠᠭ᠎ᠠ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ | ᠰᠣᠶᠣᠯ ᠤᠨ ᠥᠪ ᠪᠣᠯ ᠡᠪᠦᠭᠡ ᠳᠡᠭᠡᠳᠦᠰ ᠤᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | 16 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠮᠧᠨ ᠳᠤ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠪᠠ᠃ ᠲᠡᠷᠡ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠬᠦ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠶᠡᠷᠦᠩᠬᠡᠶᠢᠯᠡᠭᠰᠡᠨ | ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠰᠢᠶᠠᠮᠧᠨ ᠣᠨᠴᠠᠭᠠᠢ ᠣᠷᠣᠨ 40 ᠭᠠᠷᠤᠢ | ᠵᠢᠯ ᠤᠨ ᠬᠥᠭᠵᠢᠯᠲᠡ ᠪᠠᠷ ᠳᠠᠮᠵᠢᠨ ᠲᠤᠬᠠᠢ ᠶᠢᠨ ᠵᠢᠯ ᠳᠤ ᠲᠥᠰᠥᠭᠡᠯᠡᠬᠦᠶ᠎ᠡ ᠪᠡᠷᠬᠡ ᠯᠤᠲᠤ ᠶᠡᠭᠡ ᠬᠤᠪᠢᠷᠠᠯᠲᠠ ᠭᠠᠷᠴᠠᠢ᠃ ᠥᠨᠥᠳᠥᠷ ᠥᠭᠡᠷᠡᠴᠢᠯᠡᠯᠲᠡ | ᠨᠡᠭᠡᠭᠡᠯᠲᠡ ᠶᠢ ᠠᠳᠬᠤᠬᠤ ᠶᠢᠨ ᠭᠦᠨᠴᠡ ᠪᠠ ᠥᠷᠭᠡᠴᠡ ᠶᠢᠨ ᠲᠠᠯ᠎ᠠ ᠪᠠᠷ ᠴᠥᠮ ᠥᠩᠭᠡᠷᠡᠭᠰᠡᠨ ᠤ ᠱᠠᠭᠠᠷᠳᠠᠯᠭ᠎ᠠ ᠠᠴᠠ ᠨᠡᠩ ᠥᠨᠳᠥᠷ ᠪᠣᠯᠪᠠ᠃ ᠹᠦᠵᠢᠶᠠᠨ ᠪᠣᠯᠣᠨ | ᠰᠢᠶᠠᠮᠧᠨ ᠤ ᠬᠢᠨ ᠪᠠᠶᠢᠳᠠᠯ ᠤᠨ ᠬᠥᠭᠵᠢᠯᠲᠡ ᠳᠤ ᠵᠣᠬᠢᠴᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠣᠯᠠᠨ ᠤᠯᠤᠰ ᠤᠨ | ᠥᠨᠳᠥᠷ ᠪᠠᠷᠢᠮᠵᠢᠶ᠎ᠠ ᠪᠠᠷ ᠭᠦᠨ ᠬᠠᠭᠠᠯᠪᠤᠷᠢᠯᠠᠵᠤ ᠨᠠᠷᠢᠯᠢᠭ ᠠᠷᠠᠴᠢᠯᠠᠬᠤ ᠶᠢ ᠵᠣᠯᠭᠠᠭᠤᠯᠵᠤ᠂ ᠳᠦᠷᠢᠮ ᠤᠨ ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ | ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | 16 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠠᠮᠧᠨ ᠳᠤ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠭᠰᠠᠨ ᠪᠥᠭᠡᠳ ᠳᠠᠷᠠᠭᠠᠴᠢ ᠶᠢᠨ | ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ | ᠠᠭᠤᠰᠤᠯᠴᠠᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ᠃ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠲᠦᠷᠭᠡᠳᠬᠡᠨ | ᠪᠠᠶᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠪᠣᠭᠤᠮᠲᠠ ᠰᠢᠪᠲᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠦᠷᠦ ᠶᠢᠨ ᠪᠣᠳᠣᠯᠭ᠎ᠠ ᠪᠠ | ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠪᠦᠷᠢᠨ ᠲᠡᠭᠦᠯᠳᠡᠷ ᠰᠢᠨ᠎ᠡ ᠶᠢ ᠡᠭᠦᠳᠬᠦ ᠣᠷᠴᠢᠨ ᠨᠥᠬᠦᠴᠡᠯ᠂ ᠨᠡᠩ ᠲᠠᠲᠠᠬᠤ ᠬᠦᠴᠦᠨ ᠲᠠᠢ ᠴᠢᠳᠠᠪᠤᠷᠢᠲᠠᠨ ᠤ ᠣᠷᠴᠢᠨ | ᠨᠥᠬᠦᠴᠡᠯ ᠢ ᠪᠤᠢ ᠪᠤᠯᠭᠠᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠢ | ᠪᠠᠬᠢᠵᠢᠭᠦᠯᠵᠦ᠂ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ ᠡᠷᠡᠯᠬᠡᠭᠯᠡᠨ | ᠲᠡᠮᠡᠴᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠣᠪᠤᠶᠢᠯᠭᠠᠨ᠂ ᠦᠷᠭᠦᠯᠵᠢᠯᠡᠨ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ | ᠰᠢᠪᠲᠤᠯᠤᠯᠲᠠ ᠬᠢᠵᠦ᠂ ᠪᠡᠶ᠎ᠡ ᠪᠠᠨ ᠳᠠᠭᠠᠭᠠᠵᠤ ᠥᠭᠡᠷᠡᠴᠢᠯᠡᠯᠲᠡ ᠬᠢᠬᠦ ᠬᠡᠷᠡᠭᠲᠡᠢ᠃ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠵᠤ᠂ ︽ | ᠵᠢᠨᠵᠢᠶᠠᠩ ᠤᠨ ᠲᠤᠷᠰᠢᠯᠭ᠎ᠠ︾ ᠶᠢ ᠰᠢᠨ᠎ᠡ ᠶᠢ ᠡᠭᠦᠳᠦᠨ ᠬᠥᠭᠵᠢᠭᠦᠯᠵᠦ᠂ ᠪᠦᠭᠦ ᠨᠡᠶᠢᠭᠡᠮ ᠤᠨ ᠪᠡᠯᠡ ᠣᠷᠣᠭᠤᠯᠵᠤ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠤᠯᠠᠨ ᠤ ᠪᠤᠳᠤᠵᠤ ᠰᠠᠨᠠᠭᠰᠠᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢ ᠤᠷᠢᠳ ᠢᠶᠠᠷ ᠰᠠᠶᠢᠲᠤᠷ ᠠᠳᠬᠤᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ | 21 ᠳ᠋ᠦ᠋ᠭᠡᠷ ᠵᠠᠭᠤᠨ ᠤ ᠲᠠᠯᠠᠢ ᠳᠡᠭᠡᠷᠡᠬᠢ ᠲᠣᠷᠭᠠᠨ ᠵᠠᠮ ᠤᠨ ᠭᠤᠣᠯ ᠣᠷᠣᠨ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ | ᠴᠢᠬᠤᠯᠠ ᠵᠠᠩᠭᠢᠯᠠᠭ᠎ᠠ ᠶᠢᠨ ᠴᠡᠭ᠂ ᠴᠢᠬᠤᠯᠠ ᠨᠡᠪᠲᠡᠷᠡᠬᠦ ᠵᠠᠮ ᠤᠨ ᠴᠢᠳᠠᠮᠵᠢ ᠶᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ | ᠭᠦᠪᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯᠣᠨ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ | ᠵᠢᠱᠢᠶ᠎ᠡ ᠦᠵᠡᠭᠦᠯᠭᠦ ᠬᠡᠷᠡᠭᠲᠡᠢ᠃ ᠠᠭᠤᠯᠠᠷᠬᠠᠭ ᠣᠷᠣᠨ ᠪᠠ ᠲᠠᠯᠠᠢ ᠳᠠᠭᠠᠤ ᠣᠷᠣᠨ ᠤ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠦᠨ ᠭᠦᠨᠵᠡᠭᠡᠶᠢᠷᠡᠭᠦᠯᠵᠦ᠂ | ᠠᠭᠤᠯᠠᠷᠬᠠᠭ ᠣᠷᠣᠨ ᠪᠠ ᠲᠠᠯᠠᠢ ᠳᠠᠭᠠᠤ ᠣᠷᠣᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠢᠳᠠᠮᠵᠢ ᠶᠢᠨ ᠬᠠᠷᠢᠯᠴᠠᠨ | ᠨᠥᠬᠦᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠥᠨᠳᠥᠷ ᠠᠭᠤᠯᠠ ᠠᠴᠠ ᠲᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠤᠨ᠂ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠲᠠᠯᠠᠢ ᠶᠢᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ | ᠣᠷᠴᠢᠨ ᠲᠣᠭᠤᠷᠢᠨ ᠤ ᠪᠠᠭᠲᠠᠭᠠᠮᠵᠢ ᠶᠢ ᠥᠷᠭᠡᠳᠬᠡᠬᠦ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠠᠯᠬᠤᠴᠠ ᠶᠢ | ᠲᠦᠷᠭᠡᠳᠬᠡᠬᠦ ᠬᠡᠷᠡᠭᠲᠡᠢ᠃ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠡᠷᠲᠡ ᠴᠢᠯᠦᠭᠡᠯᠡᠭᠳᠡᠭᠰᠡᠨ ᠣᠷᠣᠨ ᠰᠣᠪᠢᠶᠠᠳ ᠣᠷᠣᠨ ᠢ | ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ | ᠪᠤᠢ ᠪᠤᠯᠭᠠᠵᠤ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ᠃ ᠬᠠᠮᠲᠤ ᠶᠢᠨ ᠣᠶ ᠰᠢᠭᠤᠢ ᠶᠢᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶ ᠰᠢᠭᠤᠢ ᠶᠢᠨ ᠢᠳᠡᠭᠡᠨ ᠪᠠ ᠣᠶ ᠳᠣᠲᠣᠷᠠᠬᠢ ᠠᠵᠤ ᠠᠬᠤᠢ ᠶᠢ ᠬᠥᠭᠵᠢᠭᠦᠯᠦᠨ᠂ ︽ᠣᠶ | ᠰᠢᠭᠤᠢ ᠶᠢᠨ ᠠᠮᠤ ᠶᠢᠨ ᠰᠠᠩ᠂ ᠵᠣᠭᠤᠰᠤᠨ ᠬᠥᠮᠥᠷᠭᠡ︾ ᠶᠢ ᠲᠠᠰᠤᠷᠠᠯᠲᠠ ᠦᠭᠡᠢ ᠠᠭᠤᠳᠠᠯᠤᠨ ᠪᠣᠶᠢᠵᠢᠭᠤᠯᠬᠤ ᠬᠡᠷᠡᠭᠲᠡᠢ᠃ ᠹᠦᠵᠧᠦ᠂ ᠰᠢᠶᠠᠮᠧᠨ ᠤ ᠪᠦᠭᠦ | ᠤᠯᠤᠰ ᠤᠨ ᠲᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ | ᠲᠠᠯᠠᠢ ᠲᠠᠩᠭᠢᠰ ᠤᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ | ᠭᠠᠮᠰᠢᠭ ᠢ ᠰᠡᠷᠭᠡᠶᠢᠯᠡᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠹᠦᠵᠢᠶᠠᠨ ᠤ ᠰᠢᠨ᠎ᠡ ᠳᠦᠷᠢ ᠲᠥᠷᠬᠦ ᠶᠢ ᠢᠯᠡᠷᠡᠭᠦᠯᠬᠦ ᠳᠤ ᠤᠳᠠᠭᠠᠨ | ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠪᠢᠰᠬᠠᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠴᠠᠩ ᠲᠢᠩ᠂ ᠨᠢᠩᠬᠤᠸᠠ ᠶᠢᠨ ᠤᠷᠳᠤ | ᠵᠠᠮ ᠤᠨ ᠠᠶᠠᠨ ᠲᠠᠶᠢᠨ ᠤ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ᠂ ᠬᠤᠪᠢᠰᠬᠠᠯ ᠤᠨ ᠲᠡᠦᠬᠡᠨ ᠮᠠᠲ᠋ᠧᠷᠢᠶᠠᠯ ᠪᠣᠯᠣᠨ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ | ᠴᠢᠩᠭᠠᠳᠬᠠᠵᠤ᠂ ᠰᠣᠶᠣᠯ ᠢᠶᠠᠷ ᠬᠥᠮᠥᠨ ᠢ ᠤᠬᠠᠭᠠᠷᠠᠭᠤᠯᠬᠤ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠵᠠᠩᠰᠢᠯ ᠢ ᠬᠠᠯᠠᠵᠤ ᠳᠠᠳᠬᠠᠯ ᠢᠶᠠᠨ | ᠥᠭᠡᠷᠡᠴᠢᠯᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ | ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠣᠶᠢᠵᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠰᠣᠶᠣᠯ ᠤᠨ | ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠤᠨ ᠳᠡᠯᠭᠡᠷᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠤᠨ ᠦᠨᠳᠦᠰᠦᠲᠡᠨ ᠤ | ᠬᠠᠮᠲᠤ ᠶᠢᠨ ᠲᠠᠨᠢᠯᠲᠠ᠂ ᠰᠣᠶᠣᠯ ᠤᠨ ᠬᠠᠮᠲᠤ ᠶᠢᠨ ᠲᠠᠨᠢᠯᠲᠠ᠂ ᠤᠯᠤᠰ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠲᠥᠷᠥᠯ ᠰᠠᠳᠤᠨ ᠨᠤᠲᠤᠭ ᠤᠨ | ᠠᠬ᠎ᠠ ᠳᠡᠭᠦᠦ ᠨᠠᠷ᠂ ᠳᠡᠭᠡᠳᠦᠰ ᠤᠨ ᠭᠠᠵᠠᠷ ᠤᠨ ᠰᠣᠶᠣᠯ ᠵᠡᠷᠭᠡ ᠬᠤᠯᠪᠣᠭᠠᠰᠤ ᠳᠤ ᠲᠦᠰᠢᠭᠯᠡᠨ ᠬᠠᠷᠢᠶᠠᠲᠤ ᠨᠠᠷ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠭᠡᠰᠢᠭᠦᠨ ᠺᠠᠳ᠋ᠷᠴᠤᠳ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ | ᠶᠢ ᠬᠥᠮᠥᠵᠢᠭᠦᠯᠵᠦ᠂ ᠵᠣᠷᠢᠭᠲᠠᠢ ᠪᠠᠷ ᠲᠦᠷᠦᠭᠦᠯᠡᠨ ᠬᠢᠵᠦ᠂ ᠰᠠᠶᠢᠲᠤᠷ ᠲᠡᠮᠡᠴᠡᠵᠦ ᠢᠯᠠᠯᠲᠠ ᠣᠯᠬᠤ ᠵᠠᠮ ᠨᠡᠭᠡᠭᠡᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠵᠤ᠂ ᠵᠣᠷᠢᠭᠲᠠᠢ ᠪᠠᠷ ᠤᠷᠤᠭᠰᠢᠯᠠᠨ ᠲᠠᠪᠰᠢᠵᠤ᠂ ᠴᠢᠳᠠᠮᠠᠭᠠᠢ ᠠᠵᠢᠯᠯᠠᠨ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠠᠷᠠᠳ | ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠵᠦ᠂ ᠤᠭ ᠰᠠᠨᠠᠭ᠎ᠠ ᠪᠠᠨ ᠥᠯᠥ ᠮᠠᠷᠲᠠᠨ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠡᠪ ᠬᠠᠮᠲᠤᠴᠤᠳ ᠤᠨ ᠤᠯᠤᠰ | ᠲᠥᠷᠥ ᠶᠢᠨ ᠮᠥᠨ ᠴᠢᠨᠠᠷ ᠢ ᠡᠭᠦᠷᠢᠳᠡ ᠬᠠᠳᠠᠭᠠᠯᠠᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠭᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ | |