ᠭᠤᠸ ᠬᠤᠸᠠᠢ ᠵᠢᠩ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/18
      10 ᠳ᠋ᠤᠭᠠᠷ ᠰᠠᠷ᠎ᠠ ᠶᠢᠨ 16 ᠤ ᠡᠳᠦᠷ᠂ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ 9 ᠳ᠋ᠦ᠋ᠭᠡᠷ ᠰᠠᠷ᠎ᠠ ᠶᠢᠨ 26 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠰᠦᠨ ᠱᠣᠸ ᠴᠧᠩ ᠱᠦᠵᠢ ᠶᠢᠨ 2024 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ ᠰᠤᠷᠤᠯᠴᠠᠨ᠂ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠵᠢᠯ ᠢᠶᠠᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃
W020241017309884927676.png
      ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠣ᠋ ᡁᠢ ᠰᠢᠶᠦ᠋ᠡᠭ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠰᠢᠶᠧ ᠢᠦᠢ᠂ ᠯᠢ ᡁᠢ ᠪᠢᠶᠣᠣ᠂ ᠰᠢᠦᠢ ᠷᠦᠢ ᠹᠧᠩ᠂ ᠯᠢᠦ ᠷᠦᠢ᠂ ᠭᠦᠸᠧ ᠵᠣᠣ ᠬᠤᠶ᠂ ᠨᠠᠰᠤᠨᠳᠡᠯᠭᠡᠷ᠂ ᠦ᠋ ᠶᠦᠩ ᠨᠢᠩ ᠬᠤᠷᠠᠯ ᠳᠤ ᠣᠷᠣᠯᠴᠠᠪᠠ᠃      ᠭᠤᠸ ᠬᠤᠸᠠᠢ ᠵᠢᠩ ᠬᠡᠯᠡᠬᠦ ᠳᠡᠭᠡᠨ᠂ ᠥᠨᠥ ᠵᠢᠯ ᠠᠴᠠ ᠨᠠᠭᠠᠰᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠳᠠᠷᠤᠭᠠᠰᠤ ᠶᠢ ᠠᠷᠭᠠᠴᠠᠭᠠᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠪᠠᠨ ᠪᠠᠲᠤᠯᠠᠪᠠ᠃ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠡᠷᠴᠢ ᠬᠦᠴᠦᠨ ᠢᠶᠠᠨ ᠬᠥᠪᠴᠢᠯᠡᠨ᠂ ᠨᠡᠩ ᠴᠢᠩᠭ᠎ᠠ ᠡᠷᠴᠢᠮᠲᠡᠢ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠬᠠᠲᠠᠭᠤ ᠬᠡᠪ ᠰᠤᠷᠲᠠᠯ ᠢᠶᠠᠷ ᠳᠥᠷᠪᠡᠳᠦᠭᠡᠷ ᠤᠯᠠᠷᠢᠯ ᠤᠨ ᠠᠵᠢᠯ ᠢ ᠰᠠᠶᠢᠲᠤᠷ ᠬᠢᠵᠦ᠂ ᠵᠢᠯ ᠤᠨ ᠡᠴᠦᠰ ᠲᠤ ᠨᠢᠭᠡ ᠬᠤᠪᠢ ᠬᠢᠷᠢ ᠲᠡᠩᠴᠡᠭᠰᠡᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠬᠡᠯᠡᠬᠦ ᠳᠡᠭᠡᠨ᠂ ᠬᠠᠷᠠᠯᠲᠠ ᠪᠠᠨ ᠴᠢᠩᠭ᠎ᠠ ᠠᠩᠬᠠᠷᠴᠤ᠂ ᠠᠵᠤ ᠦᠢᠯᠡᠳᠪᠦᠷᠢ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠶᠡᠬᠡᠳᠬᠡᠬᠦ᠂ ᠬᠡᠷᠡᠭᠯᠡᠭᠡ ᠶᠢ ᠠᠬᠢᠭᠤᠯᠬᠤ ᠳᠤ ᠬᠦᠴᠦᠯᠡᠨ᠂ ᠣᠨ ᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠨᠡᠩ ᠤᠯᠠᠨ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠪᠣᠳᠠᠲᠠᠢ ᠰᠠᠶᠢᠲᠤᠷ ᠠᠳᠬᠤᠨ᠂ ᠵᠢᠱᠢᠭᠰᠡᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ᠂ ᠮᠠᠯᠴᠢᠨ ᠲᠠᠷᠢᠶᠠᠴᠢᠨ ᠤ ᠵᠢᠭᠡᠯᠡᠯᠭᠡ ᠶᠢᠨ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠵᠦ ᠣᠷᠣᠯᠭ᠎ᠠ ᠶᠢ ᠨᠡᠮᠡᠭᠳᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠵᠢᠭᠡᠯᠡᠯᠭᠡ ᠶᠢᠨ ᠳᠠᠷᠤᠭᠠᠰᠤ ᠶᠢ ᠪᠥᠬᠦ ᠬᠦᠴᠦᠨ ᠢᠶᠠᠷ ᠢᠶᠠᠨ ᠪᠠᠭᠠᠰᠬᠠᠬᠤ ᠬᠡᠷᠡᠭᠲᠡᠢ᠃ ᠮᠠᠯ ᠤᠨ ᠪᠣᠷᠣᠯᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠵᠢᠴᠢ ᠺᠠᠳ᠋ᠷ ᠠᠵᠢᠯᠲᠠᠨ ᠤ ᠭᠠᠴᠠᠭ᠎ᠠ ᠲᠣᠰᠬᠤᠨ ᠢ ᠪᠠᠲᠤᠯᠠᠨ ᠳᠠᠭᠠᠭᠠᠴᠢᠯᠠᠵᠤ ᠬᠠᠪᠰᠤᠷᠤᠨ ᠲᠡᠳᠬᠦᠬᠦ ᠶᠢ ᠳᠠᠶᠢᠴᠢᠯᠠᠨ᠂ ᠮᠠᠯᠴᠢᠨ ᠲᠠᠷᠢᠶᠠᠴᠢᠨ ᠢ ᠬᠠᠪᠰᠤᠷᠴᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠬᠤ ᠳᠤ ᠬᠦᠴᠢᠷᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠬᠢᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠬᠥᠭᠵᠢᠭᠡᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠦ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠰᠡᠯᠡᠭᠦᠴᠡᠯ ᠵᠤᠭᠠᠴᠠᠯ᠂ ᠲᠠᠮᠢᠷ ᠤᠨ ᠤᠷᠤᠯᠳᠤᠭᠠᠨ ᠵᠡᠷᠭᠡ ᠬᠡᠷᠡᠭᠯᠡᠭᠡᠨ ᠤ ᠰᠢᠨ᠎ᠡ ᠦᠵᠡᠭᠳᠡᠯ᠂ ᠰᠢᠨ᠎ᠡ ᠵᠠᠭᠪᠤᠷ ᠢ ᠲᠦᠷᠭᠡᠨ ᠪᠣᠶᠢᠵᠢᠭᠤᠯᠤᠨ᠂ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠢᠭᠤᠯᠴᠢᠯᠠᠯ ᠤᠨ ᠬᠡᠷᠡᠭᠯᠡᠭᠡ ᠶᠢ ᠶᠡᠬᠡᠪᠡᠷ ᠬᠥᠭᠵᠢᠭᠡᠵᠦ᠂ ᠬᠡᠷᠡᠭᠯᠡᠭᠡ ᠰᠠᠶᠢᠵᠢᠷᠠᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠨ᠂ ᠠᠭᠤᠷᠬᠠᠢ᠂ ᠭᠠᠯ ᠤᠨᠲᠠᠷᠠᠭᠠᠬᠤ᠂ ᠠᠶᠤᠯᠲᠠᠢ ᠬᠢᠮᠢ ᠶᠢᠨ ᠪᠣᠳᠠᠰ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠭᠦᠨᠵᠡᠭᠡᠢ ᠪᠠᠶᠢᠴᠠᠭᠠᠵᠤ ᠴᠡᠭᠴᠡᠯᠡᠨ᠂ ᠣᠨᠴᠠ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠳᠠᠷᠠᠭ᠎ᠠ ᠵᠢᠯ ᠤᠨ ᠭᠤᠣᠯᠳᠠᠯᠭ᠎ᠠ ᠲᠠᠢ ᠠᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠡᠷᠲᠡᠬᠡᠨ ᠲᠥᠯᠥᠪᠯᠡᠵᠦ᠂ ᠮᠠᠨ ᠤ ᠬᠤᠰᠢᠭᠤᠨ ᠤ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠡᠷᠡᠰ ᠠᠳᠬᠤᠵᠤ᠂ ᠪᠠᠶᠢᠷᠢᠯᠠᠭᠤᠯᠤᠭᠰᠠᠨ ᠡᠭᠦᠷᠭᠡ ᠶᠢ ᠡᠴᠦᠰ ᠲᠤᠨᠢ ᠲᠤᠯᠲᠠᠯ᠎ᠠ ᠴᠢᠩᠭ᠎ᠠ ᠠᠳᠬᠤᠨ᠂ ᠡᠯ᠎ᠡ ᠵᠦᠢᠯ ᠤᠨ ᠠᠵᠢᠯ ᠢ ᠪᠣᠳᠠᠲᠠᠢ ᠠᠬᠢᠭᠤᠯᠬᠤ ᠬᠡᠷᠡᠭᠲᠡᠢ ᠭᠡᠪᠡ᠃      ᠰᠣ᠋ ᡁᠢ ᠰᠢᠶᠦ᠋ᠡᠭ ᠬᠡᠯᠡᠬᠦ ᠳᠡᠭᠡᠨ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠤᠨ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠵᠠᠳᠠᠯᠵᠤ᠂ ᠨᠠᠷᠢᠯᠢᠭ ᠣᠨᠣᠪᠴᠢᠲᠠᠢ ᠬᠢᠨᠠᠨ ᠬᠡᠮᠵᠢᠵᠦ ᠲᠣᠬᠢᠷᠠᠭᠤᠯᠤᠨ᠂ ᠪᠥᠬᠦ ᠵᠢᠯ ᠤᠨ ᠬᠠᠷᠠᠯᠲᠠ ᠡᠭᠦᠷᠭᠡ ᠪᠠᠨ ᠠᠮᠵᠢᠯᠲᠠᠲᠠᠢ ᠪᠡᠶᠡᠯᠡᠭᠦᠯᠬᠦ ᠬᠡᠷᠡᠭᠲᠡᠢ᠃ ᠰᠢᠰᠲ᠋ᠧᠮ ᠲᠠᠢ ᠪᠠᠷ ᠡᠮᠬᠢᠯᠡᠵᠦ᠂ ᠳᠤᠲᠠᠭᠤᠳᠠᠯ ᠢᠶᠠᠨ ᠪᠠᠶᠢᠴᠠᠭᠠᠵᠤ ᠨᠥᠬᠦᠨ᠂ ᠡᠯ᠎ᠡ ᠲᠥᠷᠥᠯ ᠤᠨ ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠤᠰᠢᠭᠤ ᠨᠠᠮ ᠤᠨ ᠬᠤᠷᠢᠶᠠᠨ ᠤ ︽ᠲᠤᠯᠤᠭᠠᠨ ᠨᠢᠭᠡ ᠵᠢᠯ︾ ᠤᠨ ᠬᠠᠷᠠᠯᠲᠠ ᠡᠭᠦᠷᠭᠡ ᠪᠠᠨ ᠠᠮᠵᠢᠯᠲᠠᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠡᠯᠡᠳᠬᠡᠯ ᠠᠵᠢᠯ ᠢ ᠰᠠᠶᠢᠲᠤᠷ ᠬᠢᠵᠦ᠂ 2025 ᠣᠨ ᠤ ᠭᠤᠣᠯᠳᠠᠯᠭ᠎ᠠ ᠲᠠᠢ ᠲᠥᠷᠥᠯ ᠵᠦᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠷᠢᠯᠢᠭ ᠣᠨᠣᠪᠴᠢᠲᠠᠢ ᠲᠥᠯᠥᠪᠯᠡᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃      ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠲᠣᠭᠤᠷᠢᠭ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 14 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠵᠤ᠂ ᠲᠦᠷᠦᠭᠦᠸ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ᠂ ᠴᠢᠬᠤᠯᠠ ᠶᠡᠭᠡ ᠲᠥᠷᠥᠯ ᠵᠦᠢᠯ ᠤᠨ ᠠᠬᠢᠭᠤᠯᠤᠯᠲᠠ᠂ ᠥᠭᠡᠷᠡᠴᠢᠯᠡᠯᠲᠡ ᠶᠢᠨ ᠭᠦᠨᠵᠡᠭᠡᠶᠢᠷᠡᠭᠦᠯᠦᠯᠲᠡ ᠵᠡᠷᠭᠡ ᠭᠤᠣᠯᠳᠠᠯᠭ᠎ᠠ ᠲᠠᠢ ᠠᠵᠢᠯ ᠤᠨ ᠪᠠᠶᠢᠳᠠᠯ ᠬᠢᠭᠡᠳ ᠳᠥᠷᠪᠡᠳᠦᠭᠡᠷ ᠤᠯᠠᠷᠢᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ