ᠤᠯᠠᠭᠠᠨᠪᠠᠯᠭᠠᠰᠤ ᠶᠢᠨ ᠲᠣᠰᠣᠲᠤ ᠨᠡᠶᠢᠭᠡᠮ ᠲᠣᠭᠤᠷᠢᠭ ᠵᠠᠯᠠᠭᠤᠴᠤᠳ ᠪᠠᠭᠠᠴᠤᠳ ᠤᠨ ᠳᠤᠷ᠎ᠠ ᠰᠣᠨᠢᠷᠬᠠᠯᠲᠤ ᠲᠠᠮᠢᠷ ᠤᠨ ᠬᠥᠳᠡᠯᠭᠡᠭᠡᠨ ᠢ ᠡᠷᠬᠢᠯᠡᠪᠡ
ᠨᠡᠶᠢᠲᠡᠯᠡᠭᠰᠡᠨ ᠴᠠᠭ᠄
2024/10/18
      ᠲᠣᠰᠣᠲᠤ ᠨᠡᠶᠢᠭᠡᠮ ᠲᠣᠭᠤᠷᠢᠭ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠭᠤᠵᠢᠭᠤ ᠲᠠᠯᠪᠢᠭᠤ᠂ ᠪᠠᠶᠠᠷ ᠬᠥᠷ ᠲᠠᠢ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠰᠣᠶᠣᠯ ᠤᠨ ᠣᠷᠴᠢᠨ ᠠᠬᠤᠢ ᠶᠢ ᠪᠣᠢ ᠪᠣᠯᠭᠠᠬᠤ ᠶᠢᠨ ᠲᠤᠰᠠᠳᠠ᠂ ᠣᠶᠢᠷ᠎ᠠ ᠳᠤ᠂ ᠤᠯᠠᠭᠠᠨᠪᠠᠯᠭᠠᠰᠤ ᠶᠢᠨ ᠲᠣᠰᠣᠲᠤ ᠨᠡᠶᠢᠭᠡᠮ ᠲᠣᠭᠤᠷᠢᠭ ᠤᠨ ᠬᠢᠨ ᠣᠲᠤᠭ ᠬᠤᠰᠢᠭᠤᠨ ᠤ ᠤᠯᠠᠭᠠᠨᠪᠠᠯᠭᠠᠰᠤ ᠶᠢᠨ ᠲᠣᠰᠣᠲᠤ ᠨᠡᠶᠢᠭᠡᠮ ᠲᠣᠭᠤᠷᠢᠭ ᠤᠨ ᠵᠧᠨ ᠮᠧᠶ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ᠂ ᠵᠠᠯᠠᠭᠤᠴᠤᠳ ᠪᠠᠭᠠᠴᠤᠳ ᠤᠨ ᠳᠤᠷ᠎ᠠ ᠰᠣᠨᠢᠷᠬᠠᠯᠲᠤ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠡᠷᠭᠢᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠬᠥᠭᠡᠷᠦᠯᠳᠦᠨ ᠢᠨᠢᠶᠡᠯᠳᠦᠬᠦ ᠳᠠᠭᠤᠨ ᠬᠠᠩᠭᠢᠨᠠᠵᠤ᠂ ᠬᠥᠷ ᠨᠠᠷᠭᠢᠶᠠᠨ ᠢᠶᠠᠷ ᠪᠢᠯᠬᠠᠨ᠎ᠠ᠃ 30 ᠵᠠᠯᠠᠭᠤᠴᠤᠳ ᠪᠠᠭᠠᠴᠤᠳ ᠳᠤᠭᠤᠶᠢᠯᠠᠩ ᠬᠤᠪᠢᠶᠠᠵᠤ᠂ ︽ᠮᠣᠳᠣ ᠶᠢ ᠤᠨᠠᠭᠠᠬᠤ ᠦᠭᠡᠢ ᠪᠠᠷᠢᠬᠤ︾᠂ ︽ᠰᠠᠭᠠᠳ ᠳᠠᠪᠠᠵᠤ ᠬᠦᠴᠦ ᠳᠠᠮᠵᠢᠭᠤᠯᠵᠤ ᠬᠦᠶᠦᠬᠦ︾᠂ ︽ᠨᠠᠢᠮᠠᠯᠵᠢ ᠣᠷᠣᠯᠳᠤᠬᠤ︾ ᠵᠡᠷᠭᠡ ᠭᠤᠷᠪᠠᠨ ᠲᠣᠭᠯᠠᠭᠠᠮ ᠲᠣᠭᠯᠠᠪᠠ᠃ ︽ᠮᠣᠳᠣ ᠶᠢ ᠤᠨᠠᠭᠠᠬᠤ ᠦᠭᠡᠢ ᠪᠠᠷᠢᠬᠤ︾ ᠲᠣᠭᠯᠠᠭᠠᠮ ᠨᠢ ᠬᠡᠦᠬᠡᠳ ᠤᠨ ᠠᠩᠬᠠᠷᠤᠯ ᠲᠥᠪᠯᠡᠷᠡᠬᠦ ᠶᠢ ᠰᠢᠯᠭᠠᠵᠤ᠂ ︽ᠰᠠᠭᠠᠳ ᠳᠠᠪᠠᠵᠤ ᠬᠦᠴᠦ ᠳᠠᠮᠵᠢᠭᠤᠯᠵᠤ ᠬᠦᠶᠦᠬᠦ︾ ᠪᠠ ︽ᠨᠠᠢᠮᠠᠯᠵᠢ ᠣᠷᠣᠯᠳᠤᠬᠤ︾ ᠨᠢ ᠬᠡᠦᠬᠡᠳ ᠤᠳ ᠤᠨ ᠪᠦᠲᠦᠮᠵᠢᠲᠡᠢ ᠬᠠᠮᠵᠢᠯᠴᠠᠬᠤ ᠶᠢ ᠱᠠᠭᠠᠷᠳᠠᠳᠠᠭ᠂ ᠳᠡᠭᠡᠷᠡᠬᠢ ᠭᠤᠷᠪᠠᠨ ᠵᠦᠢᠯ ᠤᠨ ᠲᠣᠭᠯᠠᠭᠠᠮ ᠢᠶᠠᠷ ᠳᠠᠮᠵᠢᠭᠤᠯᠤᠨ ᠬᠡᠦᠬᠡᠳ ᠤᠨ ᠵᠣᠬᠢᠴᠠᠭᠤᠯᠬᠤ ᠴᠢᠳᠠᠪᠤᠷᠢ ᠪᠠ ᠲᠤᠰᠬᠠᠯ ᠤᠨ ᠬᠤᠷᠳᠤᠴᠠ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠥᠷᠢᠰᠦᠯᠳᠦᠭᠡᠨ ᠤ ᠳᠤᠮᠳᠠ ᠰᠢᠨᠲᠠᠷᠠᠰᠢ ᠦᠭᠡᠢ ᠴᠢᠷᠮᠠᠶᠢᠬᠤ᠂ ᠰᠡᠳᠬᠢᠯ ᠨᠢᠭᠡᠳᠦᠨ ᠪᠦᠯᠬᠦᠮᠳᠡᠬᠦ᠂ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠶᠢ ᠡᠵᠡᠮᠰᠢᠭᠦᠯᠦᠭᠰᠡᠨ ᠪᠠᠶᠢᠨ᠎ᠠ᠃      ᠲᠣᠰ ᠤᠳᠠᠭᠠᠨ ᠤ ᠳᠤᠷ᠎ᠠ ᠰᠣᠨᠢᠷᠬᠠᠯᠲᠤ ᠲᠠᠮᠢᠷ ᠤᠨ ᠬᠥᠳᠡᠯᠭᠡᠭᠡᠨ ᠢᠶᠠᠷ ᠳᠠᠮᠵᠢᠭᠠᠳ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠪᠦᠯᠬᠦᠮ ᠨᠡᠶᠢᠲᠡ ᠶᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠬᠢᠭᠡᠳ ᠥᠷᠢᠰᠦᠯᠳᠦᠭᠡᠨ ᠤ ᠤᠬᠠᠮᠰᠠᠷ ᠢ ᠬᠥᠮᠥᠵᠢᠭᠦᠯᠦᠭᠰᠡᠨ ᠪᠥᠭᠡᠳ ᠲᠡᠳᠡᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠪᠠᠬ᠎ᠠ ᠶᠢ ᠴᠤ ᠨᠡᠮᠡᠭᠳᠡᠭᠦᠯᠪᠡ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠢᠳᠡ ᠡᠷᠬᠡᠪᠰᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠠᠷᠠᠭᠠᠴᠢ ᠪᠠᠷ ᠨᠡᠶᠢᠭᠡᠮ ᠲᠣᠭᠤᠷᠢᠭ ᠤᠨ ᠬᠢᠨ ᠠᠷᠠᠳ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠠᠷᠠᠳ ᠤᠨ ᠰᠠᠨᠠᠯ ᠢ ᠬᠤᠷᠢᠶᠠᠨ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠦᠢᠯᠡᠳᠦᠯ ᠢ ᠦᠨᠡᠨᠬᠦ ᠪᠠᠳᠠᠷᠠᠭᠤᠯᠤᠨ᠂ ︽ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠭᠦᠨᠵᠡᠭᠡᠶᠢᠷᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ