ᠥᠷᠭᠡᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠲᠤᠬᠠᠢ ᠮᠡᠳᠡᠷᠡᠮᠵᠢ ᠶᠢ ᠦᠨᠡᠨᠬᠦ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ | ᠲᠥᠯᠥᠭᠡ᠂ 10 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠮᠸᠡᠭ ᠰᠢ ᠨᠡᠶᠢᠭᠡᠮ ᠲᠣᠭᠤᠷᠢᠭ ᠤᠨ ᠬᠢᠨ ᠣᠷᠳᠣᠰ ᠬᠤᠳᠠ ᠶᠢᠨ | ᠭᠤᠣᠯᠳᠠᠯᠭᠠᠲᠤ ᠴᠢᠰᠤᠨ ᠤ ᠦᠷᠳᠡᠭᠡ ᠲᠠᠢ ᠬᠠᠮᠲᠤᠷᠠᠨ ︽ᠦᠨᠳᠦᠰᠦᠲᠡᠨ ᠨᠦᠭᠦᠳ ᠨᠢᠭᠡ ᠭᠡᠷ ᠤᠨ ᠬᠦᠮᠦᠰ ᠮᠡᠲᠦ ᠪᠦᠯᠬᠦᠮᠳᠡᠵᠦ ᠴᠢᠰᠤ ᠪᠠᠨ ᠬᠠᠨᠳᠢᠪᠯᠠᠨ | ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤᠮᠳᠠ᠂ ᠴᠢᠰᠤ ᠬᠠᠨᠳᠢᠪᠯᠠᠭᠴᠢᠳ ᠠᠵᠢᠯᠲᠠᠳ ᠤᠨ ᠨᠢᠮᠪᠠᠢ ᠵᠢᠯᠣᠭᠤᠳᠤᠯᠭ᠎ᠠ ᠳᠣᠣᠷ᠎ᠠ᠂ ᠴᠢᠰᠤ ᠥᠭᠬᠦ ᠳᠠᠩᠰᠠᠯᠠᠯ᠂ ᠡᠷᠡᠭᠦᠯ ᠮᠡᠨᠳᠦ ᠶᠢᠨ | ᠯᠠᠪᠯᠠᠯᠲᠠ᠂ ᠪᠡᠶ᠎ᠡ ᠶᠢᠨ ᠪᠠᠶᠢᠴᠠᠭᠠᠯᠲᠠ ᠵᠢᠴᠢ ᠴᠢᠰᠤ ᠬᠠᠨᠳᠢᠪᠯᠠᠬᠤ ᠠᠴᠠ ᠡᠮᠦᠨᠡᠬᠢ ᠴᠢᠰᠤᠨ ᠤ ᠪᠠᠶᠢᠴᠠᠭᠠᠯᠲᠠ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠡᠮᠬᠢ | ᠳᠢᠭᠯᠢᠮ ᠲᠠᠢ ᠬᠢᠪᠡ᠃ ᠴᠢᠰᠤ ᠬᠠᠨᠳᠢᠪᠯᠠᠭᠴᠢᠳ ᠤᠨ ᠳᠣᠲᠣᠷ᠎ᠠ᠂ ᠣᠯᠠᠨ ᠵᠢᠯ ᠤᠨ ᠲᠤᠷᠰᠢ ᠴᠢᠰᠤ ᠪᠠᠨ ᠬᠠᠨᠳᠢᠪᠯᠠᠭᠰᠠᠭᠠᠷ ᠢᠷᠡᠭᠰᠡᠨ ︽ᠠᠬᠠᠮᠠᠳ ᠵᠠᠩᠵᠤᠨ︾ | ᠪᠠᠶᠢᠬᠤ ᠪᠠᠷ ᠪᠠᠷᠠᠬᠤ ᠦᠭᠡᠢ᠂ ᠪᠠᠰᠠ ᠠᠩᠬ᠎ᠠ ᠤᠳᠠᠭ᠎ᠠ ᠴᠢᠰᠤ ᠪᠠᠨ ᠬᠠᠨᠳᠢᠪᠯᠠᠬᠤ ᠪᠠᠷ ᠪᠠᠭ᠋ᠠᠨ ᠪᠠᠴᠢᠮᠳᠠᠵᠤ ᠪᠠᠶᠢᠭ᠎ᠠ ︽ᠰᠢᠨ᠎ᠡ ᠴᠡᠷᠢᠭ︾ ᠴᠦ ᠪᠣᠶ᠂ ᠲᠠᠳᠠ ᠴᠢᠩ | ᠦᠨᠡᠨᠴᠢ ᠬᠠᠶᠢᠷ᠎ᠠ ᠰᠡᠳᠬᠢᠯᠭᠡ ᠪᠠᠷ ᠢᠶᠠᠨ ᠠᠷᠢᠭᠤᠨ ᠴᠢᠰᠤ ᠪᠠᠨ ᠬᠠᠷᠠᠮ ᠦᠭᠡᠢ ᠬᠠᠨᠳᠢᠪᠯᠠᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠦᠨᠳᠦᠰᠦᠲᠡᠨ ᠤ | ᠪᠦᠯᠬᠦᠮᠳᠡᠯ ᠤᠨ ᠴᠢᠰᠤ ᠮᠢᠬᠠᠨ ᠤ ᠪᠠᠷᠢᠯᠳᠤᠯᠭ᠎ᠠ ᠶᠢ ᠲᠠᠶᠢᠯᠪᠤᠷᠢᠯᠠᠨ᠂ ᠡᠭᠡᠯ ᠵᠢᠷ ᠤᠨ ᠪᠠᠭ᠎ᠠ ᠶᠠᠪᠤᠳᠠᠯ ᠢᠶᠠᠷ ᠦᠨᠳᠦᠰᠦᠲᠡᠨ ᠤ ᠶᠡᠭᠡ ᠬᠠᠶᠢᠷ᠎ᠠ ᠶᠢ | ᠨᠢᠭᠲᠠᠷᠠᠭᠤᠯᠤᠭᠰᠠᠨ ᠪᠠᠶᠢᠨ᠎ᠠ᠃ | ᠬᠠᠨᠳᠢᠪᠯᠠᠭᠰᠠᠨ ᠴᠢᠰᠤ ᠬᠡᠮᠵᠢᠶ᠎ᠡ ᠲᠠᠢ ᠪᠣᠯᠪᠠᠴᠤ ᠬᠠᠶᠢᠷ᠎ᠠ ᠬᠠᠯᠠᠮᠵᠢ ᠬᠢᠵᠠᠭᠠᠷᠯᠠᠰᠢ ᠦᠭᠡᠢ᠃ ᠲᠣᠰ ᠤᠳᠠᠭᠠᠨ ᠤ ᠴᠢᠰᠤ ᠬᠠᠨᠳᠢᠪᠯᠡᠬᠤ ᠠᠵᠢᠯᠯᠠᠭ᠎ᠠ ᠨᠢ | ᠰᠠᠭᠤᠭᠠᠯᠢ ᠠᠷᠠᠳ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠬᠤ ᠤᠷᠮ᠎ᠠ | ᠰᠡᠳᠬᠢᠯᠭᠡ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠮᠸᠡᠭ ᠰᠢ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ | ᠠᠵᠢᠯ ᠤᠨ ᠠᠮᠵᠢᠯᠲᠠ ᠪᠦᠲᠦᠮᠵᠢ ᠣᠯᠣᠭᠰᠠᠨ ᠤ ᠠᠮᠢᠳᠤᠯᠢᠭ ᠵᠢᠱᠢᠶ᠎ᠡ ᠪᠣᠯᠬᠤ ᠶᠤᠮ᠃ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠪᠣᠯ ᠠᠮᠢ ᠨᠠᠰᠤ ᠬᠢᠭᠡᠳ | ᠦᠨᠡᠨ ᠰᠡᠳᠬᠢᠯᠭᠡ ᠶᠢ ᠬᠤᠯᠪᠣᠬᠤ ᠬᠥᠭᠦᠷᠭᠡ ᠮᠥᠨ᠂ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠪᠠᠷ ᠳᠠᠮᠵᠢᠭᠤᠯᠤᠨ᠂ ᠥᠪᠡᠷ ᠤᠨ ᠨᠢᠭᠡ ᠬᠤᠪᠢ ᠬᠦᠴᠦᠨ | ᠴᠢᠳᠠᠯ ᠢᠶᠠᠷ ᠢᠶᠠᠨ ᠨᠡᠶᠢᠭᠡᠮ ᠳᠤ ᠬᠠᠶᠢᠷ᠎ᠠ ᠬᠠᠯᠠᠮᠵᠢ ᠪᠠᠨ ᠡᠷᠭᠦᠵᠦ᠂ ᠦᠢᠯᠡ ᠠᠵᠢᠯᠯᠠᠭ᠎ᠠ ᠪᠠᠷ ᠢᠶᠠᠨ ᠬᠠᠯᠠᠭᠤᠨ ᠳᠤᠯᠠᠭᠠᠨ ᠢ ᠳᠠᠮᠵᠢᠭᠤᠯᠤᠨ᠂ ᠠᠷᠢᠭᠤᠨ | ᠴᠢᠰᠤ ᠪᠠᠷ ᠢᠶᠠᠨ ᠬᠦᠴᠦᠨ ᠴᠢᠳᠠᠯ ᠢ ᠨᠢᠭᠲᠠᠷᠠᠭᠤᠯᠪᠠ ᠭᠡᠵᠦ ᠤᠯᠠᠨ ᠢᠶᠠᠷ ᠢᠶᠠᠨ ᠢᠯᠡᠳᠬᠡᠨ᠎ᠡ᠃ | |