ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠭᠡᠷ ᠲᠤᠨᠢ ᠬᠦᠷᠭᠡᠵᠦ  ᠠᠷᠠᠳ ᠲᠤ ᠲᠥᠬᠦᠮ ᠦᠵᠡᠭᠦᠯᠦᠨ ᠪᠣᠳᠠᠲᠤ ᠪᠦᠲᠦᠮᠵᠢ ᠭᠠᠷᠭᠠᠪᠠ ︱ ᠴᠢ ᠫᠠᠨ ᠵᠢᠩ ᠪᠠᠯᠭᠠᠰᠤ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠦᠢᠯᠡᠴᠢᠯᠡᠵᠦ  ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/10/31
      2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠠᠵᠢᠯ ᠪᠥᠬᠦ ᠲᠠᠯ᠎ᠠ ᠪᠠᠷ ᠡᠬᠢᠯᠡᠬᠦ ᠶᠢ ᠳᠠᠭᠠᠯᠳᠤᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠪᠠᠷ ᠴᠢ ᠫᠠᠨ ᠵᠢᠩ ᠪᠠᠯᠭᠠᠰᠤ ᠶᠢᠨ ᠬᠢᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠡᠭᠦᠰᠦᠯᠲᠡ ᠶᠢᠨ ᠴᠡᠭ ᠢᠶᠠᠨ ᠪᠣᠯᠭᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠦᠢᠯᠡᠴᠢᠯᠡᠵᠦ᠂ ᠢᠳᠡᠪᠬᠢᠲᠡᠢ ᠪᠠᠷ ᠡᠷᠦᠬᠡ ᠳᠤ ᠬᠦᠷᠴᠦ ᠪᠠᠶᠢᠳᠠᠯ ᠢ ᠣᠶᠢᠯᠠᠭᠠᠨ᠂ ᠦᠨᠳᠦᠰᠦᠨ ᠱᠠᠲᠤᠨ ᠤ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠪᠡ᠃ ᠣᠶᠢᠷ᠎ᠠ ᠳᠤ᠂ ᠴᠢ ᠫᠠᠨ ᠵᠢᠩ ᠪᠠᠯᠭᠠᠰᠤᠨ ᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠪᠠᠷ ᠱᠧᠨ ᠵᠢᠩ ᠲᠣᠰᠬᠤᠨ᠂ ᠠᠷᠤᠴᠢᠷᠭ᠎ᠠ ᠲᠣᠰᠬᠤᠨ᠂ ᠤᠷᠠᠨᠳᠦ᠋ᠰᠢ ᠭᠠᠴᠠᠭ᠎ᠠ ᠪᠣᠯᠣᠨ ᠶᠡᠬᠡᠳᠠᠯᠠᠢ ᠭᠠᠴᠠᠭ᠎ᠠ ᠳᠤ ᠬᠦᠷᠴᠦ ᠦᠢᠯᠡᠴᠢᠯᠡᠭᠡ ᠬᠠᠩᠭᠠᠪᠠ᠃      ︽ᠡᠩ ᠤᠨ ᠭᠡᠷ ᠪᠦᠯᠢ ᠶᠢᠨ ᠬᠥᠮᠥᠨ ᠪᠦᠷᠢ ᠵᠢᠯ ᠳᠤ 400 ᠲᠥᠭᠦᠷᠢᠭ ᠲᠤᠰᠢᠶᠠᠨ᠎ᠠ᠂ ᠡᠪᠡᠳᠴᠢᠨ ᠦᠵᠡᠭᠦᠯᠪᠡᠯ ᠡᠮ ᠠᠪᠴᠤ᠂ ᠡᠮᠨᠡᠯᠭᠡ ᠳᠤ ᠰᠠᠭᠤᠪᠠᠯ ᠲᠠᠩᠰᠠ ᠳᠡᠶᠢᠯᠵᠦ ᠲᠠᠶᠢᠯᠤᠨ᠎ᠠ ᠁︾ ᠭᠡᠵᠦ ᠦᠢᠯᠡᠴᠢᠯᠡᠭᠡᠨ ᠤ ᠠᠩᠭᠢ ᠶᠢᠨ ᠠᠵᠢᠯᠲᠠᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠳᠤ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠭᠠᠴᠠᠭ᠎ᠠ ᠲᠣᠰᠬᠤᠨ ᠳᠤ ᠰᠠᠭᠤᠨ ᠠᠵᠢᠯᠯᠠᠬᠤ ᠠᠩᠭᠢ ᠶᠢᠨ ᠭᠡᠰᠢᠭᠦᠳ ᠠᠷᠠᠳ ᠣᠯᠠᠨ ᠤ ᠠᠰᠠᠭᠤᠯᠲᠠ ᠶᠢ ᠬᠠᠷᠢᠭᠤᠯᠵᠤ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠬᠤ ᠶᠢ ᠵᠢᠯᠤᠭᠤᠳᠬᠤ ᠦᠢᠯᠡᠴᠢᠯᠡᠭᠡ ᠬᠠᠩᠭᠠᠪᠠ᠃ ᠡᠭᠦᠨ ᠤ ᠳᠠᠭᠠᠤ᠂ ᠣᠯᠠᠨ ᠤ ᠨᠡᠶᠢᠳᠡᠮ ᠠᠩᠬᠠᠷᠴᠤ ᠪᠠᠶᠢᠭ᠎ᠠ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠲᠠᠩᠰᠠ ᠲᠠᠶᠢᠯᠬᠤ ᠶᠠᠪᠤᠴᠠ᠂ ᠡᠮᠴᠢᠯᠡᠭᠡᠨ ᠤ ᠳᠠᠭᠠᠳᠬᠠᠯ ᠤᠨ APP ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠭ᠎ᠠ ᠬᠢᠵᠦ᠂ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠩ ᠪᠥᠬᠦ ᠲᠠᠯ᠎ᠠ ᠪᠠᠷ ᠣᠶᠢᠯᠠᠭᠠᠭᠤᠯᠤᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠪᠡ᠃      ᠰᠠᠶ᠋ᠢᠬᠠᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠲᠢᠶᠠᠨ ᠨᠠᠰᠤᠲᠠᠨ᠄ ︽ᠪᠢ ᠨᠠᠰᠤ ᠠᠬᠢᠭᠰᠠᠨ ᠠᠴᠠ ᠭᠠᠷ ᠤᠲᠠᠰᠤ ᠳᠡᠭᠡᠷ᠎ᠡ ᠭᠦᠢᠴᠡᠳᠬᠡᠵᠦ ᠴᠢᠳᠠᠬᠤ ᠦᠭᠡᠢ᠂ ᠭᠠᠳᠠᠭᠰᠢ ᠭᠠᠷᠬᠤ ᠳᠤ ᠴᠤ ᠳᠥᠭᠦᠮ ᠦᠭᠡᠢ᠂ ᠬᠡᠦᠬᠡᠳ ᠤᠳ ᠴᠦ ᠡᠩ ᠤᠨ ᠴᠠᠭ ᠲᠠᠭᠠᠨ ᠬᠠᠷᠢᠵᠤ ᠢᠷᠡᠬᠦ ᠵᠠᠪ ᠦᠭᠡᠢ᠂ ᠲᠠ ᠨᠠᠷ ᠭᠡᠷ ᠲᠤ ᠢᠷᠠᠵᠤ ᠨᠠᠳᠠ ᠳᠤ ᠭᠠᠷᠳᠠᠮ ᠬᠢᠵᠦ ᠥᠭᠭᠦᠭᠰᠡᠨ ᠳᠤ ᠴᠢᠨᠢ ᠮᠠᠰᠢ ᠲᠠᠯᠠᠷᠬᠠᠵᠤ ᠪᠠᠶᠢᠨ᠎ᠠ᠂ ᠦᠨᠡᠬᠡᠷ ᠲᠥᠬᠦᠮ ᠪᠠᠶᠢᠨ᠎ᠠ ᠰᠢᠦ︾ ᠭᠡᠵᠦ ᠪᠠᠶᠠᠷᠲᠠᠢ ᠬᠡᠯᠡᠵᠦ ᠪᠠᠶᠢᠯ᠎ᠠ᠃      ᠲᠣᠰ ᠤᠳᠠᠭᠠᠨ ᠤ ᠠᠵᠢᠯᠯᠠᠭ᠎ᠠ ᠪᠠᠷ 150 ᠭᠠᠷᠤᠢ ᠬᠦᠮᠦᠨ ᠳᠤ ᠰᠢᠭᠤᠳ ᠦᠢᠯᠡᠴᠢᠯᠡᠵᠦ᠂ 300 ᠭᠠᠷᠤᠢ ᠵᠦᠢᠯ ᠤᠨ ᠦᠢᠯᠡᠴᠢᠯᠡᠭᠡᠨ ᠤ ᠤᠴᠢᠷ ᠶᠠᠪᠤᠳᠠᠯ ᠢ ᠲᠤᠬᠠᠢ ᠶᠢᠨ ᠲᠠᠯᠠᠪᠠᠢ ᠳᠤ ᠭᠦᠢᠴᠡᠳᠬᠡᠪᠡ᠃ ᠴᠢ ᠫᠠᠨ ᠵᠢᠩ ᠪᠠᠯᠭᠠᠰᠤ ᠶᠢᠨ ᠬᠢᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠨᠡᠩ ᠤᠯᠠᠨ ᠳᠣᠲᠣᠨᠣ ᠪᠥᠭᠡᠳ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠤᠨ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ