ᠮᠧᠩ ᠰᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠳᠣᠣᠷ᠎ᠠ 10 ᠭᠠᠴᠠᠭ᠎ᠠ ᠨᠡᠶᠢᠭᠡᠮ ᠲᠣᠭᠤᠷᠢᠭ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠᠶᠢᠭᠤᠯᠵᠤ᠂ ᠮᠧᠩ ᠰᠢ ᠪᠠᠯᠭᠠᠰᠤᠨ ᠤ 1938 ᠲᠡᠭᠰᠢ ᠳᠥᠷᠪᠡᠯᠵᠢᠨ ᠺᠢᠯᠣᠮᠧᠲᠷ ᠤᠨ ᠭᠠᠵᠠᠷ | ᠣᠷᠣᠨ ᠢ ᠬᠠᠮᠤᠷᠤᠨ᠂ ᠪᠥᠬᠦ ᠪᠠᠯᠭᠠᠰᠤᠨ ᠤ 1.8 ᠲᠦᠮᠡᠨ ᠰᠠᠭᠤᠭᠠᠯᠢ ᠠᠷᠠᠳ ᠲᠤ ᠦᠢᠯᠡᠴᠢᠯᠡᠵᠦ ᠪᠠᠶᠢᠳᠠᠭ᠃ ᠣᠶᠢᠷ᠎ᠠ ᠶᠢᠨ ᠵᠢᠯ ᠤᠳ ᠲᠤ᠂ ᠮᠠᠯᠵᠢᠬᠤ | ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠠᠰᠠᠭᠤᠳᠠᠯ ᠢᠶᠠᠷ ᠭᠤᠣᠯ ᠪᠣᠯᠭᠠᠭᠰᠠᠨ ᠵᠥᠷᠢᠴᠡᠯ ᠨᠢ ᠦᠨᠳᠦᠰᠦᠨ ᠱᠠᠲᠤᠨ ᠤ | ᠵᠠᠰᠠᠯᠲᠠ ᠶᠢᠨ ᠬᠦᠴᠢᠷ ᠲᠦᠪᠡᠭᠲᠡᠢ ᠠᠰᠠᠭᠤᠳᠠᠯ ᠪᠣᠯᠵᠤ᠂ ᠬᠡᠷᠬᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠢ ᠠᠰᠢᠭᠯᠠᠨ ᠪᠦᠬᠦ ᠪᠠᠯᠭᠠᠰᠤᠨ ᠤ ᠤᠯᠠᠨ | ᠲᠦᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠬᠤ ᠨᠢ ᠮᠸᠡᠭ ᠰᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ | ᠲᠤᠯᠭᠠᠷᠠᠵᠤ ᠪᠠᠶᠢᠭ᠎ᠠ ᠴᠢᠬᠤᠯᠠ ᠶᠡᠭᠡ ᠰᠡᠳᠦᠪ ᠪᠣᠯᠵᠠᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠢᠬᠤᠯᠠᠴᠢᠯᠠᠯ ᠳᠡᠮᠵᠢᠯᠭᠡ ᠳᠣᠣᠷ᠎ᠠ᠂ ᠮᠧᠩ ᠰᠢ ᠪᠠᠯᠭᠠᠰᠤᠨ ᠤ | ᠵᠥᠷᠢᠴᠡᠯ ᠵᠢᠭᠤᠷᠠᠯᠳᠤᠭᠠᠨ ᠢ ᠬᠠᠪᠰᠤᠷᠤᠨ ᠡᠶᠡᠳᠡᠭᠦᠯᠬᠦ ᠪᠦᠯᠬᠦᠮ ᠤᠨ ᠪᠣᠯᠪᠠᠰᠤᠨ ᠦᠢᠯᠡᠳᠦᠯᠭᠡ ᠶᠢᠨ ᠲᠥᠷᠥᠯ ᠵᠦᠢᠯ ᠢ ᠪᠠᠶᠢᠭᠤᠯᠪᠠ᠃ | ᠨᠢᠭᠡ ᠳᠤ ᠴᠡᠭᠴᠡᠯᠡᠬᠦ᠂ ᠬᠤᠶᠠᠷ ᠲᠤ ᠰᠤᠷᠪᠤᠯᠵᠢᠯᠠᠬᠤ᠂ ᠭᠤᠷᠪᠠ ᠳᠤ ᠠᠵᠢᠯᠯᠠᠬᠤ᠂ ᠳᠥᠷᠪᠡ ᠳᠤ ᠠᠬᠢᠭᠤᠯᠬᠤ ᠠᠵᠢᠯ ᠤᠨ ᠰᠡᠳᠬᠢᠴᠡ ᠪᠠᠷ ᠳᠠᠮᠵᠢᠭᠤᠯᠤᠨ᠂ | ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠪᠠ᠃ | ᠨᠢᠭᠡ ᠳᠤ ᠴᠡᠭᠴᠡᠯᠡᠬᠦ | ᠵᠥᠷᠢᠴᠡᠯ ᠵᠢᠭᠤᠷᠠᠯᠳᠤᠭᠠᠨ ᠢ ᠬᠠᠪᠰᠤᠷᠤᠨ ᠡᠶᠡᠳᠡᠭᠦᠯᠬᠦ ᠪᠦᠯᠬᠦᠮ ᠨᠢ ᠬᠠᠤᠯᠢ ᠴᠠᠭᠠᠵᠠ ᠶᠢᠨ ᠭᠠᠵᠠᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ | ᠭᠡᠷ᠂ ᠬᠠᠤᠯᠢ ᠴᠠᠭᠠᠵᠠ ᠶᠢᠨ ᠠᠵᠢᠯᠲᠠᠨ᠂ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠢᠶᠠᠷ ᠭᠤᠣᠯ ᠴᠣᠭᠴᠠ ᠪᠣᠯᠭᠠᠵᠤ᠂ ᠭᠠᠴᠠᠭ᠎ᠠ ᠲᠣᠰᠬᠤᠨ ᠤ | ᠨᠥᠯᠥᠭᠡᠯᠡᠬᠦ ᠬᠦᠴᠦᠨ ᠲᠠᠢ ᠴᠢᠳᠠᠪᠤᠷᠢᠲᠠᠨ ᠢᠶᠠᠷ ᠬᠠᠪᠰᠤᠷᠤᠮᠵᠢ ᠪᠣᠯᠭᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ᠂ | ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ 10 ᠭᠠᠷᠤᠢ ᠪᠠᠶᠢᠭᠤᠯᠭ᠎ᠠ | ᠨᠢᠭᠡᠴᠢ ᠶᠢ ᠡᠮᠬᠢᠯᠡᠨ ᠨᠡᠶᠢᠯᠡᠭᠦᠯᠵᠦ ᠨᠢᠭᠡ ᠴᠣᠭᠴᠠᠵᠢᠭᠤᠯᠤᠭᠰᠠᠨ ᠬᠡᠯᠡᠵᠦ ᠶᠠᠷᠢᠬᠤ ᠳᠠᠭᠠᠨ ᠰᠠᠶᠢᠨ ᠵᠥᠷᠢᠴᠡᠯ ᠢ ᠡᠶᠡᠳᠡᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢ ᠪᠠᠶᠢᠭᠤᠯᠵᠤ᠂ ᠬᠠᠤᠯᠢ ᠪᠠᠷ ᠵᠠᠰᠠᠬᠤ ᠬᠦᠴᠦᠨ ᠢ ᠪᠦᠷᠢᠯᠳᠦᠭᠦᠯᠪᠡ᠃ ︽ᠵᠠᠭᠠᠯᠳᠤᠬᠤ ᠠᠴᠠ ᠡᠮᠦᠨ᠎ᠡ ᠡᠶᠡᠳᠡᠭᠦᠯᠬᠦ+ ᠬᠠᠮᠲᠤ ᠪᠠᠷ ᠠᠰᠢᠭᠯᠠᠬᠤ ᠰᠢᠭᠦᠬᠦ | ᠲᠢᠩᠬᠢᠮ + ᠬᠠᠤᠯᠢ ᠴᠠᠭᠠᠵᠠ ᠶᠢᠨ ᠨᠤᠲᠠᠯᠠᠯᠲᠠ ᠬᠢᠬᠦ︾᠂ ︽ᠰᠡᠳᠬᠢᠯ ᠢᠶᠠᠨ ᠬᠤᠯᠪᠣᠭᠰᠠᠨ ᠰᠢᠭᠦᠬᠦ ᠲᠢᠩᠬᠢᠮ + ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾᠂ | ︽ᠲᠠᠪᠤᠨ ᠠᠵᠢᠯ ᠢ ᠵᠡᠷᠭᠡᠪᠡᠷ ᠪᠡᠶᠡᠯᠡᠭᠦᠯᠬᠦ + ᠵᠠᠬᠢᠳᠠᠯ ᠰᠤᠷᠪᠤᠯᠵᠢᠯᠠᠯ ᠢ ᠬᠠᠪᠰᠤᠷᠤᠨ ᠰᠢᠢᠳᠪᠦᠷᠢᠯᠡᠬᠦ ᠣᠷᠣᠯᠠᠨ ᠰᠢᠢᠳᠪᠦᠷᠢᠯᠡᠬᠦ︾ ᠵᠡᠷᠭᠡ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠭᠤᠷᠪᠠᠨ ᠵᠦᠢᠯ ᠤᠨ ᠰᠢᠨ᠎ᠡ ᠵᠠᠭᠪᠤᠷ ᠢ ᠪᠠᠶᠢᠭᠤᠯᠪᠠ᠃ | ᠬᠤᠶᠠᠷ ᠲᠤ ᠰᠤᠷᠪᠤᠯᠵᠢᠯᠠᠬᠤ | ᠥᠩᠭᠡᠷᠡᠭᠰᠡᠨ ᠵᠢᠯ ᠤᠳ ᠤᠨ ᠵᠥᠷᠢᠴᠡᠯ ᠵᠢᠭᠤᠷᠠᠯᠳᠤᠭᠠᠨ ᠤ ᠲᠤᠭ᠎ᠠ ᠨᠡᠯᠢᠶᠡᠳ ᠣᠯᠠᠨ ᠭᠠᠴᠠᠭ᠎ᠠ ᠲᠣᠰᠬᠤᠨ ᠢ ᠰᠤᠷᠪᠤᠯᠵᠢᠯᠠᠬᠤ ᠪᠠᠷ ᠳᠠᠮᠵᠢᠭᠤᠯᠤᠨ᠂ | ᠵᠥᠷᠢᠴᠡᠯ ᠤᠨ ᠭᠤᠣᠯ ᠴᠣᠭᠴᠠ ᠶᠢ ᠣᠶᠢᠯᠠᠭᠠᠵᠤ᠂ ᠵᠥᠷᠢᠴᠡᠯ ᠢ ᠲᠥᠷᠥᠯ ᠠᠩᠭᠢᠯᠠᠪᠠ᠃ | ᠭᠤᠷᠪᠠ ᠳᠤ ᠠᠵᠢᠯᠯᠠᠬᠤ | ︽ᠠᠮᠤᠭᠤᠯᠠᠩ · ᠰᠡᠳᠬᠢᠯ ᠨᠢᠭᠡᠳᠦᠨ ᠮᠸᠡᠭ ᠰᠢ ᠶᠢ ᠪᠠᠶᠢᠭᠤᠯᠬᠤ 6442︾ ᠠᠵᠢᠯ ᠤᠨ ᠠᠷᠭ᠎ᠠ ᠶᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠨᠢᠭᠡ | ᠴᠣᠭᠴᠠᠵᠢᠭᠤᠯᠤᠭᠰᠠᠨ ᠵᠢᠷᠭᠤᠭᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯ ᠤᠨ ᠪᠠᠶᠢᠷᠢᠰᠢᠯ ᠢ ᠪᠠᠷᠢᠮᠲᠠᠯᠠᠪᠠ᠃ | ᠳᠥᠷᠪᠡ ᠳᠤ ᠠᠬᠢᠭᠤᠯᠬᠤ | ᠸᠢᠴᠠᠲ ᠤᠨ ᠨᠡᠶᠢᠲᠡ ᠶᠢᠨ ᠳ᠋ᠤᠭᠠᠷ ᠤᠨ ᠲᠠᠪᠴᠠᠩ ᠳᠤ ︽ᠠᠮᠤᠭᠤᠯᠠᠩ · ᠰᠡᠳᠬᠢᠯ ᠨᠢᠭᠡᠳᠦᠨ ᠮᠸᠡᠭ ᠰᠢ ᠶᠢ ᠪᠠᠶᠢᠭᠤᠯᠬᠤ︾ ᠲᠤᠰᠬᠠᠢ ᠪᠤᠯᠤᠩ ᠭᠠᠷᠭᠠᠵᠤ᠂ | ᠨᠡᠶᠢᠲᠡ 32 ᠬᠤᠭᠤᠴᠠᠭᠠᠨ ᠤ ᠮᠡᠳᠡᠭᠡ ᠵᠠᠩᠭᠢ ᠶᠢ ᠨᠡᠶᠢᠲᠡᠯᠡᠨ᠂ ᠳᠡᠭᠡᠳᠦ ᠱᠠᠲᠤᠨ ᠤ ᠬᠢᠨ 27 ᠮᠡᠳᠡᠭᠡ ᠵᠠᠩᠭᠢ ᠶᠢ ᠬᠡᠷᠡᠭᠯᠡᠪᠡ᠃ | 2023 ᠣᠨ ᠤ 6 ᠳ᠋ᠤᠭᠠᠷ ᠰᠠᠷ᠎ᠠ ᠳᠤ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠦᠭᠰᠡᠨ ᠠᠴᠠ ᠨᠠᠭᠠᠰᠢ᠂ | ᠮᠧᠩ ᠰᠢ ᠪᠠᠯᠭᠠᠰᠤᠨ ᠤ ᠵᠥᠷᠢᠴᠡᠯ ᠵᠢᠭᠤᠷᠠᠯᠳᠤᠭᠠᠨ ᠢ ᠬᠠᠪᠰᠤᠷᠤᠨ ᠡᠶᠡᠳᠡᠭᠦᠯᠬᠦ ᠪᠦᠯᠬᠦᠮ ᠤᠨ ᠬᠢᠨ ᠵᠠᠬᠢᠳᠠᠯ ᠰᠤᠷᠪᠤᠯᠵᠢᠯᠠᠯ ᠤᠨ 5 ᠳᠠᠷᠤᠭᠳᠠᠮᠠᠯ ᠬᠡᠷᠡᠭ ᠢ | ᠬᠠᠪᠰᠤᠷᠤᠨ ᠰᠢᠢᠳᠪᠦᠷᠢᠯᠡᠵᠦ᠂ ᠮᠠᠯᠴᠢᠳ ᠢ ᠬᠠᠪᠰᠤᠷᠤᠨ 1500 ᠭᠠᠷᠤᠢ ᠮᠦ ᠭᠠᠵᠠᠷ ᠰᠢᠷᠣᠢ ᠨᠤᠲᠤᠭ ᠪᠡᠯᠴᠢᠭᠡᠷ ᠤᠨ ᠵᠢᠭᠤᠷᠠᠯᠳᠤᠭᠠᠨ ᠤ ᠠᠰᠠᠭᠤᠳᠠᠯ ᠢ | ᠰᠢᠢᠳᠪᠦᠷᠢᠯᠡᠨ᠂ ᠬᠤᠯᠪᠣᠭᠳᠠᠭᠰᠠᠨ ᠪᠡᠯᠡ ᠮᠥᠩᠭᠦ 2 ᠲᠦᠮᠡᠨ ᠲᠥᠭᠦᠷᠢᠭ ᠢ ᠳᠠᠪᠠᠪᠠ᠃ ᠡᠭᠦᠨ ᠤ ᠬᠠᠮᠲᠤ᠂ ᠵᠠᠷᠭᠤ ᠶᠢ ᠬᠦᠯᠢᠶᠡᠨ ᠠᠪᠤᠮᠠᠭᠴᠠ ᠳᠠᠷᠤᠶᠢᠬᠠᠨ | ᠭᠦᠢᠴᠡᠳᠬᠡᠬᠦ ᠬᠠᠯᠠᠮᠰᠢᠯ ᠤᠲᠠᠰᠤ ᠪᠠᠷ ᠲᠤᠰᠬᠠᠭᠰᠠᠨ 456 ᠠᠰᠠᠭᠤᠳᠠᠯ ᠢ ᠬᠠᠪᠰᠤᠷᠤᠨ ᠰᠢᠢᠳᠪᠦᠷᠢᠯᠡᠪᠡ᠃ | ᠮᠧᠩ ᠰᠢ ᠪᠠᠯᠭᠠᠰᠤᠨ ᠤ ᠵᠥᠷᠢᠴᠡᠯ ᠵᠢᠭᠤᠷᠠᠯᠳᠤᠭᠠᠨ ᠢ ᠬᠠᠪᠰᠤᠷᠤᠨ ᠡᠶᠡᠳᠡᠭᠦᠯᠬᠦ ᠪᠦᠯᠬᠦᠮ ᠤᠨ ᠪᠣᠯᠪᠠᠰᠤᠨ ᠦᠢᠯᠡᠳᠦᠯᠭᠡ ᠶᠢᠨ ᠲᠥᠷᠥᠯ ᠵᠦᠢᠯ ᠨᠢ ᠪᠠᠶᠢᠳᠠᠯ᠂ | ᠶᠣᠰᠣ᠂ ᠬᠠᠤᠯᠢ ᠶᠢ ᠣᠷᠭᠠᠨᠢᠭ ᠢᠶᠠᠷ ᠤᠶᠠᠯᠳᠤᠭᠤᠯᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠠᠢ᠂ ᠬᠠᠮᠤᠭ ᠤᠨ ᠰᠢᠭᠤᠳ | ᠠᠰᠠᠭᠤᠳᠠᠯ ᠠᠴᠠ ᠭᠠᠷᠳᠠᠨ᠂ ᠣᠯᠠᠨ ᠲᠦᠮᠡᠨ ᠢ ᠬᠠᠪᠰᠤᠷᠤᠨ ᠵᠥᠷᠢᠴᠡᠯ ᠢ ᠨᠢ ᠰᠢᠢᠳᠪᠦᠷᠢᠯᠡᠵᠦ᠂ ᠠᠰᠠᠭᠤᠳᠠᠯ ᠢ ᠨᠢ ᠲᠣᠬᠢᠷᠠᠭᠤᠯᠤᠨ᠂ ᠠᠷᠭ᠎ᠠ ᠪᠣᠳᠣᠯᠭ᠎ᠠ | ᠳᠤᠷᠠᠳᠴᠤ᠂ ᠠᠷᠠᠳ ᠤᠨ ᠵᠥᠷᠢᠴᠡᠯ ᠤᠨ ᠡᠶᠡᠳᠡᠭᠦᠯᠭᠡ ᠪᠠᠷ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ | ᠱᠤᠭᠤᠮ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠧᠩ ᠰᠢ ᠪᠠᠯᠭᠠᠰᠤᠨ ᠤ ᠪᠣᠯᠪᠠᠰᠤᠨ ᠤ ᠦᠢᠯᠡᠳᠦᠯᠭᠡ ᠶᠢᠨ ᠭᠦᠨᠵᠡᠭᠡᠶᠢᠷᠡᠨ ᠬᠥᠭᠵᠢᠬᠦ ᠶᠢ ᠪᠦᠲᠦᠮᠵᠢᠲᠡᠶ | ᠠᠬᠢᠭᠤᠯᠪᠠ᠃ | | | |