ᠦᠰᠦᠭ ᠢᠶᠠᠷ ᠦᠭᠦᠯᠡᠬᠦᠢ᠄ ᠠᠵᠤ ᠠᠬᠤᠶᠢᠯᠠᠯ ᠴᠡᠷᠢᠭ ᠠᠴᠠ ᠬᠠᠯᠠᠭᠳᠠᠭᠰᠠᠳ ᠢ ᠡᠯᠰᠡᠨ ᠬᠡᠷᠡᠭᠯᠡᠬᠦ ᠳᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠬᠦᠷᠲᠡᠵᠦ ᠪᠤᠯᠤᠨ᠎ᠠ ᠦᠦ︖
ᠨᠡᠶᠢᠲᠡᠯᠡᠭᠰᠡᠨ ᠴᠠᠭ᠄
2024/10/8
      ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠠᠴᠠ ᠬᠠᠯᠠᠭᠳᠠᠭᠰᠠᠳ ᠢ ᠡᠯᠰᠡᠨ ᠬᠡᠷᠡᠭᠯᠡᠬᠦ ᠳᠤ᠂ ᠲᠡᠭᠦᠨ ᠯᠦᠭᠡ 1 ᠵᠢᠯ ᠠᠴᠠ ᠳᠡᠭᠡᠭᠰᠢ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠲᠤᠰᠢᠶᠠᠵᠤ ᠥᠭᠭᠦᠭᠰᠡᠨ ᠪᠣᠯ᠂ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠢ ᠲᠤᠰᠢᠶᠠᠭᠰᠠᠨ ᠲᠡᠷᠡ ᠰᠠᠷ᠎ᠠ ᠠᠴᠠ ᠡᠬᠢᠯᠡᠵᠦ᠂ 3 ᠵᠢᠯ ᠤᠨ ᠳᠣᠲᠣᠷ᠎ᠠ ᠪᠣᠳᠠᠲᠠᠢ ᠡᠯᠰᠡᠨ ᠬᠡᠷᠡᠭᠯᠡᠭᠰᠡᠨ ᠬᠥᠮᠥᠨ ᠤ ᠲᠤᠭ᠎ᠠ ᠪᠠᠷ ᠨᠢ ᠲᠤᠭ᠎ᠠ ᠲᠣᠭᠲᠠᠭᠠᠨ ᠦᠷᠳᠡᠭ ᠤᠨ ᠨᠡᠮᠡᠭᠳᠡᠯ ᠤᠨ ᠭᠠᠶᠢᠯᠢ᠂ ᠬᠤᠳᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠬᠦᠷᠲᠡᠭᠡᠨ᠎ᠡ᠃       ᠬᠥᠮᠥᠨ ᠪᠦᠷᠢ ᠳᠤ ᠵᠢᠯ ᠳᠤ 6000 ᠲᠥᠭᠦᠷᠢᠭ ᠥᠭᠴᠦ᠂ ᠬᠠᠮᠤᠭ ᠤᠨ ᠥᠨᠳᠥᠷ ᠲᠡᠭᠡᠨ 50% ᠪᠠᠷ ᠥᠰᠬᠡᠵᠦ ᠪᠣᠯᠣᠨ᠎ᠠ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ