1— 8 ᠳ᠋ᠤᠭᠠᠷ ᠰᠠᠷ᠎ᠠ ᠶᠢᠨ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2024/10/8
      1— 8 ᠳ᠋ᠤᠭᠠᠷ ᠰᠠᠷ᠎ᠠ ᠶᠢᠨ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠶᠢᠨ ᠪᠠᠶᠢᠳᠠᠯ           1— 8 ᠳ᠋ᠤᠭᠠᠷ ᠰᠠᠷ᠎ᠠ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠲᠣᠭᠲᠠᠭᠤᠨ ᠪᠥᠭᠡᠳ ᠡᠮᠬᠢ ᠵᠢᠷᠤᠮ ᠲᠠᠢ ᠰᠠᠶᠢᠨ ᠬᠠᠨᠳᠤᠰᠢ ᠲᠠᠢ ᠪᠠᠶᠢᠪᠠ᠃ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠳᠤ ᠲᠦᠭᠦᠬᠡᠢ ᠨᠡᠭᠦᠷᠡᠰᠦ᠂ ᠨᠠᠷᠢᠯᠢᠭ ᠨᠡᠭᠦᠷᠡᠰᠦ ᠵᠢᠴᠢ ᠴᠠᠬᠢᠯᠭᠠᠨ ᠭᠠᠷᠭᠠᠬᠤ ᠬᠡᠮᠵᠢᠶ᠎ᠡ ᠴᠥᠮ ᠠᠳᠠᠯᠢ ᠬᠤᠭᠤᠴᠠᠭᠠᠨ ᠤ ᠬᠢ ᠠᠴᠠ ᠲᠣᠭᠲᠠᠭᠤᠨ ᠪᠠᠶᠢᠬᠤ ᠶᠢᠨ ᠵᠡᠷᠭᠡᠪᠡᠷ ᠳᠡᠭᠡᠭᠰᠢᠯᠡᠵᠦ᠂ ᠬᠡᠦᠷᠡᠰᠦ ᠶᠢᠨ ᠭᠠᠷᠤᠯᠲᠠ ᠶᠢᠨ ᠪᠠᠭᠤᠷᠠᠯᠲᠠ ᠶᠢᠨ ᠬᠡᠮᠵᠢᠶ᠎ᠡ ᠡᠳᠦᠢ ᠲᠡᠳᠦᠢ ᠪᠠᠭᠠᠰᠤᠨ᠂ ᠢᠳᠡᠪᠬᠢᠲᠡᠢ ᠲᠣᠬᠢᠷᠠᠭᠤᠯᠤᠯᠲᠠ ᠬᠢᠭᠰᠡᠨ ᠪᠠᠶᠢᠳᠠᠯ ᠢᠯᠡᠷᠡᠪᠡ᠃      ᠲᠦᠭᠦᠬᠡᠢ ᠨᠡᠭᠦᠷᠡᠰᠦᠨ ᠤ ᠦᠢᠯᠡᠳᠪᠦᠷᠢᠯᠡᠯ ᠲᠣᠭᠲᠠᠭᠤᠨ ᠢᠶᠠᠷ ᠳᠡᠭᠡᠭᠰᠢᠯᠡᠵᠦ᠂ 1— 8 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠨᠡᠶᠢᠲᠡ 2711.3 ᠲᠦᠮᠡᠨ ᠲᠣᠨ ᠳᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠨ᠂ ᠡᠨᠧᠷᠭᠢ ᠶᠢᠨ ᠬᠠᠩᠭᠠᠯᠭ᠎ᠠ ᠳᠤ ᠪᠠᠲᠤ ᠲᠤᠯᠭᠠᠭᠤᠷᠢᠯᠠᠯ ᠬᠠᠩᠭᠠᠪᠠ᠃       ᠨᠠᠷᠢᠯᠢᠭ ᠨᠡᠭᠦᠷᠡᠰᠦᠨ ᠤ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ 1— 8 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠷᠢᠯᠢᠭ ᠨᠡᠭᠦᠷᠡᠰᠦᠨ ᠤ ᠭᠠᠷᠤᠯᠲᠠ ᠨᠡᠶᠢᠲᠡ 1293.5 ᠲᠦᠮᠡᠨ ᠲᠣᠨ ᠳᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠪᠠ᠃       ᠬᠡᠦᠷᠡᠰᠦ ᠶᠢᠨ ᠭᠠᠷᠤᠯᠲᠠ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ 1— 8 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠷᠤᠯᠲᠠ ᠶᠢᠨ ᠬᠡᠮᠵᠢᠶ᠎ᠡ ᠨᠡᠶᠢᠲᠡ 494.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 25.8% ᠪᠠᠷ ᠪᠠᠭᠤᠷᠠᠵᠠᠢ᠂ ᠭᠡᠪᠡᠴᠦ ᠳᠡᠭᠡᠷ᠎ᠡ ᠰᠠᠷ᠎ᠠ ᠶᠢᠨ ᠬᠢ ᠲᠠᠢ ᠬᠠᠷᠢᠴᠠᠭᠤᠯᠪᠠᠯ᠂ ᠪᠠᠭᠤᠷᠠᠯᠲᠠ ᠶᠢᠨ ᠬᠡᠮᠵᠢᠶ᠎ᠡ ᠨᠢ ᠵᠠᠭᠤᠨ ᠤ 0.1 ᠨᠢᠭᠡᠴᠢ ᠪᠠᠭᠠᠰᠴᠤ᠂ ᠠᠵᠢᠯ ᠲᠥᠷᠥᠯ ᠤᠨ ᠬᠢᠨ ᠶᠠᠭ ᠠᠯᠬᠤᠮ ᠠᠯᠬᠤᠮ ᠢᠶᠠᠷ ᠲᠣᠬᠢᠷᠠᠭᠤᠯᠤᠯᠲᠠ ᠪᠠ ᠰᠡᠷᠭᠦᠭᠡᠯᠲᠡ ᠬᠢᠵᠦ ᠪᠠᠶᠢᠬᠤ ᠶᠢ  ᠬᠠᠷᠠᠭᠤᠯᠪᠠ᠃       ᠴᠠᠬᠢᠯᠭᠠᠨ ᠭᠠᠷᠭᠠᠬᠤ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂ 1— 8 ᠳ᠋ᠤᠭᠠᠷ ᠰᠠᠷ᠎ᠠ ᠳᠤ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 243.4 ᠳ᠋ᠦᠩᠰᠢᠭᠤᠷ ᠺᠢᠯᠣᠸᠠᠲ ᠴᠠᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠪᠦᠭᠦ ᠭᠠᠵᠠᠷ ᠣᠷᠣᠨ ᠤ ᠡᠨᠧᠷᠭᠢ ᠶᠢᠨ ᠬᠠᠩᠬᠠᠯᠭ᠎ᠠ ᠳᠤ ᠴᠢᠬᠤᠯᠠ ᠬᠤᠪᠢ ᠨᠡᠮᠡᠷᠢ ᠦᠵᠡᠭᠦᠯᠪᠡ᠃       1— 8 ᠳ᠋ᠤᠭᠠᠷ ᠰᠠᠷ᠎ᠠ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠤᠨ ᠲᠠᠯ᠎ᠠ ᠪᠠᠷ ᠢᠳᠡᠪᠬᠢᠲᠡᠢ ᠠᠬᠢᠯᠲᠠ ᠲᠠᠢ ᠪᠣᠯᠵᠤ᠂ ᠦᠢᠯᠡᠳᠪᠦᠷᠢᠯᠡᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠂ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃  
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ