ᠣᠲᠤᠭ ᠬᠤᠰᠢᠭᠤᠨ ᠤ 2024 ᠣᠨ ᠤ 1— 8 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠲᠣᠭᠲᠠᠭᠤᠨ ᠢᠶᠠᠷ ᠰᠠᠶᠢᠵᠢᠷᠠᠪᠠ
ᠨᠡᠶᠢᠲᠡᠯᠡᠭᠰᠡᠨ ᠴᠠᠭ᠄
2024/10/8
      ᠣᠲᠤᠭ ᠬᠤᠰᠢᠭᠤᠨ ᠤ 2024 ᠣᠨ ᠤ 1— 8 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ       ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠲᠣᠭᠲᠠᠭᠤᠨ ᠢᠶᠠᠷ ᠰᠠᠶᠢᠵᠢᠷᠠᠪᠠ      2024 ᠣᠨ ᠤ 1— 8 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠠᠶᠢᠵᠢᠷᠠᠬᠤ ᠬᠠᠨᠳᠤᠰᠢ ᠲᠠᠢ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠨᠡᠶᠢᠲᠡ 2157.2 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 769.9 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 4.1% ᠪᠠᠷ ᠪᠠᠭᠤᠷᠠᠪᠠ︔ ᠡᠵᠡᠩᠨᠡᠯᠲᠡ ᠶᠢᠨ ᠥᠪᠡᠷ ᠤᠨ ᠥᠷᠲᠡᠭ 632.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠪᠠᠷ ᠪᠠᠭᠤᠷᠠᠪᠠ︔ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 38.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠪᠡ︔ 88.9 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠠᠰᠢᠭ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ︔ ᠡᠵᠡᠩᠨᠡᠯᠲᠡ ᠠᠴᠠ ᠭᠠᠳᠠᠨᠠᠬᠢ ᠣᠷᠣᠯᠭ᠎ᠠ ᠶᠢ 5.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 346.2% ᠢᠶᠠᠷ ᠨᠡᠮᠡᠭᠳᠡᠪᠡ︔ ᠨᠡᠶᠢᠲᠡ 89.5 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ︔ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 42.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠪᠠᠭᠤᠷᠠᠪᠠ᠃       ᠲᠥᠷᠥᠯ ᠵᠦᠢᠯ ᠠᠴᠠ ᠨᠢ ᠦᠵᠡᠪᠡᠯ᠂ ᠠᠭᠤᠷᠬᠠᠢ ᠮᠠᠯᠲᠠᠬᠤ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠥᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠦ᠂ ᠡᠵᠡᠩᠨᠡᠯᠲᠡ ᠶᠢᠨ ᠠᠰᠢᠭ ᠣᠷᠣᠯᠭ᠎ᠠ ᠶᠢᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠪᠠ᠃ ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 258.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠨ᠂ ᠡᠵᠡᠩᠨᠡᠯᠲᠡ ᠶᠢᠨ ᠠᠰᠢᠭ ᠣᠷᠣᠯᠭ᠎ᠠ ᠶᠢ 54.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 25.7 ᠳ᠋ᠦᠩᠰᠢᠭᠤᠷ ᠲᠥᠭᠦᠷᠢᠭ ᠲᠤ ᠬᠦᠷᠪᠡ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 396.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ12.7% ᠪᠠᠷ ᠪᠠᠭᠤᠷᠠᠨ᠂ ᠡᠵᠡᠩᠨᠡᠯᠲᠡ ᠶᠢᠨ ᠠᠰᠢᠭ ᠬᠤᠨᠵᠢᠪᠤᠷᠢ 21.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ42.2% ᠢᠶᠠᠷ ᠪᠠᠭᠤᠷᠠᠵᠤ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 12.4 ᠳ᠋ᠦᠩᠰᠢᠭᠤᠷ ᠲᠥᠭᠦᠷᠢᠭ ᠲᠤ ᠬᠦᠷᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 115.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2% ᠢᠶᠠᠷ ᠨᠡᠮᠡᠭᠳᠡᠨ᠂ ᠡᠵᠡᠩᠨᠡᠯᠲᠡ ᠶᠢᠨ ᠠᠰᠢᠭ ᠣᠷᠣᠯᠭ᠎ᠠ12.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 366.7% ᠪᠠᠷ ᠨᠡᠮᠡᠭᠳᠡᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 3.9 ᠳ᠋ᠦᠩᠰᠢᠭᠤᠷ ᠲᠥᠭᠦᠷᠢᠭ ᠲᠤ ᠬᠦᠷᠪᠡ᠃  
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ