ᠣᠲᠤᠭ ᠬᠤᠰᠢᠭᠤᠨ ᠤ 1— 8 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠡᠷᠭᠢᠯᠲᠡ ᠶᠢᠨ ᠪᠠᠶᠢᠳᠠᠯ ᠤᠨ ᠲᠣᠪᠴᠢ ᠮᠡᠳᠡᠭᠡ | | | ᠶᠡᠷᠦᠩᠬᠡᠢ ᠪᠠᠶᠢᠳᠠᠯ ᠠᠴᠠ ᠦᠵᠡᠪᠡᠯ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠨᠡᠮᠡᠭᠳᠡᠯ ᠤᠨ ᠬᠤᠷᠳᠤᠴᠠ ᠲᠣᠭᠲᠠᠭᠤᠨ ᠪᠠᠶᠢᠨ᠎ᠠ᠃ 1— 8 | ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6. | 8% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 7 ᠨᠢᠭᠡᠴᠢ ᠳᠡᠭᠡᠭᠰᠢᠯᠡᠪᠡ᠃ ᠶᠡᠷᠦᠩᠬᠡᠢ ᠳᠤᠨᠢ ᠠᠪᠴᠤ ᠦᠵᠡᠪᠡᠯ᠂ ᠮᠠᠨ ᠤ | ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠲᠠᠢ ᠪᠠᠶᠢᠨ᠎ᠠ᠃ | ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠬᠤᠶᠠᠷ ᠨᠢ ᠳᠡᠭᠡᠭᠰᠢᠯᠡᠵᠦ ᠨᠢᠭᠡ ᠨᠢ ᠪᠠᠭᠤᠷᠠᠪᠠ᠃ | 1— 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.0% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 0.39% ᠪᠠᠷ ᠪᠠᠭᠤᠷᠠᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠠᠵᠢᠯ ᠲᠦᠷᠦᠯ ᠠᠴᠠ ᠠᠪᠴᠤ ᠦᠵᠡᠪᠡᠯ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠤᠪᠢ ᠨᠡᠮᠡᠷᠢ ᠨᠡᠩ ᠲᠣᠪᠣᠶᠢᠮ᠎ᠠ ᠪᠠᠶᠢᠨ᠎ᠠ᠃ 1— 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | 17 ᠭᠤᠣᠯ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ | ᠲᠤᠭ᠎ᠠ ᠨᠢ ᠳᠡᠭᠡᠷ᠎ᠡ ᠰᠠᠷ᠎ᠠ ᠶᠢᠨ ᠬᠢ ᠲᠠᠢ ᠲᠡᠩᠴᠡᠪᠡ᠃ ᠡᠭᠦᠨ ᠳᠤ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ 11.4% ᠪᠠᠷ ᠨᠡᠮᠡᠭᠳᠡᠵᠦ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 109.6% ᠬᠥᠷᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ | ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ 8.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 18.6% ᠬᠥᠷᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ 9.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ | ᠨᠣᠷᠮ᠎ᠠ 11.4% ᠬᠥᠷᠪᠡ︔ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ 2.2% ᠢᠶᠠᠷ ᠨᠡᠮᠡᠭᠳᠡᠪᠡ︔ ᠲᠡᠮᠦᠷᠯᠢᠭ | ᠪᠤᠰᠤ ᠠᠭᠤᠷᠬᠠᠢ ᠶᠢᠨ ᠬᠦᠳᠡᠷ ᠰᠢᠯᠢᠬᠦ ᠦᠢᠯᠡᠰ 15.7% ᠪᠠᠷ ᠨᠡᠮᠡᠭᠳᠡᠪᠡ︔ ᠲᠡᠮᠦᠷᠯᠢᠭ ᠤᠨ ᠪᠦᠲᠦᠭᠡᠭᠳᠡᠬᠦᠨ ᠤ ᠦᠢᠯᠡᠰ 9.7% ᠪᠠᠷ ᠨᠡᠮᠡᠭᠳᠡᠪᠡ︔ ᠭᠤᠮ | ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ 7.8% ᠪᠠᠷ ᠨᠡᠮᠡᠭᠳᠡᠪᠡ︔ ᠨᠡᠬᠡᠮᠡᠯ ᠤᠨ ᠦᠢᠯᠡᠰ 40.9% ᠪᠠᠷ ᠨᠡᠮᠡᠭᠳᠡᠪᠡ︔ ᠰᠢᠲᠠᠮᠠᠬᠠᠢ ᠬᠡᠢ ᠶᠢᠨ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 14.1% ᠪᠠᠷ ᠨᠡᠮᠡᠭᠳᠡᠪᠡ︔ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ 91.6% ᠪᠠᠷ | ᠨᠡᠮᠡᠭᠳᠡᠪᠡ︔ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠠᠵᠤ ᠦᠢᠯᠡᠳᠪᠦᠷᠢ 7.7% ᠪᠠᠷ ᠨᠡᠮᠡᠭᠳᠡᠪᠡ︔ | ᠢᠳᠡᠭᠡᠨ ᠪᠣᠯᠪᠠᠰᠤᠷᠠᠭᠤᠯᠬᠤ ᠦᠢᠯᠡᠰ 31.9% ᠪᠠᠷ ᠨᠡᠮᠡᠭᠳᠡᠪᠡ︔ ᠬᠢᠮᠢ ᠶᠢᠨ ᠰᠢᠷᠬᠡᠭ ᠦᠢᠯᠡᠳᠬᠦ ᠦᠢᠯᠡᠰ 2.8% ᠪᠠᠷ ᠨᠡᠮᠡᠭᠳᠡᠪᠡ᠃ | ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠬᠠᠭᠠᠰ ᠠᠴᠠ ᠢᠯᠡᠭᠦᠦ ᠦᠢᠯᠡᠳᠬᠦᠨ ᠤ | ᠭᠠᠷᠤᠯᠲᠠ ᠶᠢᠨ ᠨᠡᠮᠡᠭᠳᠡᠯ ᠤᠨ ᠬᠤᠷᠳᠤᠴᠠ ᠨᠢ ᠨᠡᠮᠡᠭᠳᠡᠪᠡ᠃ 1— 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ 18 ᠵᠦᠢᠯ ᠤᠨ ᠭᠤᠣᠯ ᠪᠣᠯᠬᠤ ᠠᠵᠤ | ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 10 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ ᠡᠭᠦᠨ ᠳᠤ | ᠰᠢᠭᠡᠰᠦᠯᠢᠭ ᠡᠳ᠋ 52.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ︔ ᠴᠠᠬᠢᠯᠠᠭᠤᠷ ᠴᠢᠯᠠᠭᠤ 286.4 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠪᠡ︔ ᠢᠳᠡᠮᠡᠬᠡᠢ ᠬᠤᠵᠢᠷ 98 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 24.6% ᠪᠠᠷ ᠨᠡᠮᠡᠭᠳᠡᠪᠡ︔ PVC122.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠪᠠᠷ | ᠨᠡᠮᠡᠭᠳᠡᠪᠡ︔ ᠣᠨᠴᠠ ᠲᠥᠷᠥᠯ ᠤᠨ ᠰᠢᠷᠬᠡᠭ 0.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.6% ᠪᠠᠷ ᠨᠡᠮᠡᠭᠳᠡᠪᠡ︔ ᠴᠠᠬᠢᠭᠤᠷ | ᠮᠠᠩᠭᠠᠨ 15.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 90.8% ᠪᠠᠷ ᠨᠡᠮᠡᠭᠳᠡᠪᠡ᠃ | |