1— 8 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ | ᠵᠠᠳᠠᠯᠤᠯᠲᠠ | | | 2024 ᠣᠨ ᠤ 1 ︱ 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ | ᠲᠥᠷᠥᠯ ᠵᠦᠢᠯ ᠨᠡᠶᠢᠲᠡ 100 ᠪᠠᠶᠢᠵᠤ᠂ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.0% ᠪᠠᠷ ᠨᠡᠮᠡᠭᠳᠡᠪᠡ᠃ ᠡᠭᠦᠨ ᠳᠤ᠄ ᠠᠷᠠᠳ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 9.1 ᠨᠢᠭᠡᠴᠢ | ᠳᠠᠶᠢᠴᠢᠯᠠᠪᠠ᠃ | ᠨᠢᠭᠡ᠂ ᠠᠵᠤ ᠦᠢᠯᠡᠰ ᠢᠶᠠᠷ ᠬᠤᠪᠢᠶᠠᠷᠢᠯᠠᠪᠠᠯ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠲᠣᠪᠣᠶᠢᠮ᠎ᠠ ᠪᠠᠶᠢᠨ᠎ᠠ᠃ | ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠶᠡᠷᠦᠩᠬᠡᠢ ᠪᠡᠯᠡ | ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ ᠠᠳᠠᠯᠢ ᠬᠤᠭᠤᠴᠠᠭᠠᠨ ᠤ ᠬᠢ ᠠᠴᠠ 9.1% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ | ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ | 12.5 ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 43% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ | ᠵᠠᠭᠤᠨ ᠤ 5.8 ᠨᠢᠭᠡᠴᠢ ᠪᠠᠭᠤᠷᠠᠭᠤᠯᠪᠠ᠃ | ᠬᠤᠶᠠᠷ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠢᠶᠠᠷ ᠬᠤᠪᠢᠶᠠᠷᠢᠯᠠᠪᠠᠯ᠂ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ | ᠲᠦᠷᠦᠯ ᠵᠦᠢᠯ ᠤᠨ ᠲᠤᠯᠭᠠᠭᠤᠷᠢᠯᠠᠯ ᠴᠢᠩᠭᠠᠷᠠᠪᠠ᠃ | 1— 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ | ᠪᠡᠯᠡ ᠣᠷᠣᠭᠤᠯᠤᠭᠰᠠᠨ ᠬᠠᠷᠢᠴᠠᠯ ᠪᠥᠬᠦ ᠪᠡᠯᠡ ᠣᠷᠣᠭᠤᠯᠤᠯᠲᠠ ᠶᠢᠨ 75.6% ᠬᠤᠪᠢ ᠶᠢᠨ ᠵᠢᠩ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ | 21.6% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 14.4 ᠨᠢᠭᠡᠴᠢ ᠳᠠᠶᠢᠴᠢᠯᠠᠪᠠ︔ ᠪᠥᠬᠦ ᠬᠤᠰᠢᠭᠤᠨ ᠤ 500 ᠲᠦᠮᠡ ᠠᠴᠠ | 5000 ᠲᠦᠮᠡᠨ ᠲᠥᠭᠦᠷᠢᠭ ᠤᠨ ᠬᠤᠭᠤᠷᠤᠨᠳᠤᠬᠢ ᠲᠥᠷᠥᠯ ᠵᠦᠢᠯ ᠳᠤ ᠪᠡᠯᠡ ᠣᠷᠣᠭᠤᠯᠤᠭᠰᠠᠨ ᠬᠠᠷᠢᠴᠠᠯ ᠪᠥᠬᠦ ᠪᠡᠯᠡ ᠣᠷᠣᠭᠤᠯᠤᠯᠲᠠ ᠶᠢᠨ 4.4% | ᠬᠤᠪᠢ ᠶᠢᠨ ᠵᠢᠩ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠪᠠᠭᠤᠷᠠᠨ᠂ ᠪᠥᠬᠦ ᠪᠡᠯᠡ ᠣᠷᠣᠭᠤᠯᠤᠯᠲᠠ ᠶᠢ ᠵᠠᠭᠤᠨ ᠤ 0.5 ᠨᠢᠭᠡᠴᠢ | ᠪᠠᠭᠤᠷᠠᠭᠤᠯᠪᠠ᠃ ᠨᠡᠯᠢᠶᠡᠳ ᠶᠡᠭᠡ ᠲᠦᠷᠦᠯ ᠵᠦᠢᠯ ᠨᠢ ᠰᠠᠭᠤᠷᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ | ᠨᠡᠮᠡᠭᠳᠡᠬᠦ ᠳᠤ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠪᠡ᠃ | ᠭᠤᠷᠪᠠ᠂ ᠬᠦᠷᠢᠶ᠎ᠡ ᠬᠡᠪᠴᠢᠶ᠎ᠡ ᠪᠠᠷ ᠬᠤᠪᠢᠶᠠᠷᠢᠯᠠᠪᠠᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠦᠷᠭᠦᠯᠵᠢᠯᠡᠨ ᠴᠢᠩᠭᠠᠷᠠᠪᠠ᠃ | 1︱8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.8 | ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 31.2% ᠢ ᠡᠵᠡᠯᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 21.7 ᠨᠢᠭᠡᠴᠢ | ᠳᠠᠶᠢᠴᠢᠯᠠᠪᠠ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 38.2% ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 49.7% ᠪᠠᠶᠢᠵᠤ᠂ ᠭᠤᠷᠪᠠᠳᠤᠭᠠᠷ | ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 7.2 ᠨᠢᠭᠡᠴᠢ ᠳᠠᠶᠢᠴᠢᠯᠠᠪᠠ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠢ ᠭᠤᠣᠯᠳᠠᠭᠤ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠲᠤ | ᠲᠦᠰᠢᠭᠯᠡᠵᠦ ᠳᠠᠶᠢᠴᠢᠯᠠᠪᠠ᠃ | ᠳᠥᠷᠪᠡ᠂ ᠪᠦᠲᠦᠴᠡ ᠪᠠᠷ ᠨᠢ ᠬᠤᠪᠢᠶᠠᠷᠢᠯᠠᠪᠠᠯ᠂ ᠪᠠᠷᠢᠯᠭ᠎ᠠ ᠤᠭᠰᠠᠷᠠᠬᠤ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠨᠢ | ᠢᠯᠡᠷᠬᠡᠢ ᠪᠠᠶᠢᠨ᠎ᠠ᠃ | ᠪᠠᠷᠢᠯᠭ᠎ᠠ ᠤᠭᠰᠠᠷᠠᠬᠤ ᠠᠵᠢᠯ ᠪᠠ ᠲᠤᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠲᠠᠯ᠎ᠠ ᠪᠠᠷ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ | ᠨᠡᠶᠢᠯᠡᠪᠦᠷᠢ ᠨᠢ ᠪᠦᠬᠦ ᠪᠡᠯᠡ ᠣᠷᠣᠭᠤᠯᠤᠯᠲᠠ ᠶᠢᠨ 97.8% ᠬᠤᠪᠢ ᠶᠢᠨ ᠵᠢᠩ ᠢ ᠡᠵᠡᠯᠡᠪᠡ᠃ ᠡᠭᠦᠨ ᠳᠤ᠂ ᠪᠣᠳᠠᠲᠤ ᠶᠠᠭᠤᠮ᠎ᠠ ᠶᠢᠨ ᠠᠵᠢᠯ ᠤᠨ ᠬᠡᠮᠵᠢᠶ᠎ᠡ ᠶᠢ | ᠲᠤᠰᠬᠠᠭᠰᠠᠨ ᠪᠠᠷᠢᠯᠭ᠎ᠠ ᠤᠭᠰᠠᠷᠠᠬᠤ ᠢᠨᠵᠧᠨᠧᠷᠢᠩ ᠤᠨ ᠪᠡᠯᠡ ᠣᠷᠣᠭᠤᠯᠤᠯᠲᠠ 36.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 60.8% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 20.8 ᠨᠢᠭᠡᠴᠢ ᠳᠠᠶᠢᠴᠢᠯᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ ᠶᠢ ᠲᠤᠰᠬᠠᠭᠰᠠᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠡᠯᠡ ᠣᠷᠣᠭᠤᠯᠤᠯᠲᠠ | 21.8 ᠳ᠋ᠦᠩᠰᠢᠭᠤᠷ ᠲᠥᠭᠦᠷᠢᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 12.1% ᠪᠠᠷ ᠪᠠᠭᠤᠷᠠᠨ᠂ ᠪᠥᠬᠦ ᠪᠡᠯᠡ ᠣᠷᠣᠭᠤᠯᠤᠯᠲᠠ ᠶᠢ ᠳᠠᠶᠢᠴᠢᠯᠠᠨ | ᠵᠠᠭᠤᠨ ᠤ 4.5 ᠨᠢᠭᠡᠴᠢ ᠪᠠᠭᠤᠷᠠᠭᠤᠯᠪᠠ᠃ | | |