ᠴᠢ ᠫᠠᠨ ᠵᠢᠩ ᠪᠠᠯᠭᠠᠰᠤ ᠤᠯᠤᠰ ᠤᠨ ᠪᠠᠶᠠᠷ ᠤᠨ ︽ᠲᠠᠯᠠᠨ ᠲᠠᠪᠤᠨ ᠵᠢᠯ ᠤᠨ ᠬᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ  ᠡᠬᠡ ᠣᠷᠣᠨᠴᠢ ᠬᠠᠶᠢᠷ᠎ᠠ ᠰᠡᠳᠬᠢᠯᠭᠡ ᠶᠢ ᠵᠤᠵᠠᠭᠠᠳᠬᠠᠬᠤ︾ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/9
      ᠠᠮᠤ ᠲᠠᠷᠢᠶ᠎ᠠ ᠨᠠᠶᠢᠭᠤᠭᠰᠠᠨ ᠠᠯᠲᠠᠨ ᠨᠠᠮᠤᠷ᠂ ᠠᠷᠠᠳ ᠣᠯᠠᠨ ᠢᠶᠠᠷ ᠢᠶᠠᠨ ᠬᠥᠭᠡᠷᠦᠯᠳᠦᠭᠰᠡᠨ ᠪᠠᠶᠠᠷᠲᠤ ᠮᠥᠴᠡ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠠᠶᠠᠷᠯᠠᠨ ᠪᠡᠯᠭᠡᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠳᠡᠯᠭᠡᠷᠡᠭᠦᠯᠦᠨ᠂ ᠥᠷᠭᠡᠨ ᠣᠯᠠᠨ ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠴᠢ ᠫᠠᠨ ᠵᠢᠩ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠢᠨ ᠪᠠᠶᠠᠯᠢᠭ ᠠᠭᠤᠯᠭ᠎ᠠ ᠲᠠᠢ ᠤᠯᠤᠰ ᠤᠨ ᠪᠠᠶᠠᠷ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠰᠢᠨ ᠰᠢᠨ ᠨᠡᠶᠢᠭᠡᠮ ᠲᠣᠭᠤᠷᠢᠭ ᠤᠨ ᠬᠢᠨ ᠰᠢ ᠶᠤᠸᠠᠨ ᠤ ᠨᠢᠭᠡᠳᠦᠭᠡᠷ ᠬᠤᠭᠤᠴᠠᠭᠠᠨ ᠤ ᠰᠠᠭᠤᠭᠠᠯᠢ ᠲᠣᠭᠤᠷᠢᠭ ᠲᠤ ︽ᠬᠥᠭᠵᠢᠯ ᠪᠠᠳᠠᠷᠠᠯᠲᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠢ ᠬᠠᠮᠲᠤᠪᠠᠷ ᠪᠡᠶᠡᠯᠡᠭᠦᠯᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠤᠷᠠᠨ ᠰᠠᠶᠢᠬᠠᠨ ᠤ ᠲᠣᠭᠯᠠᠯᠲᠠ᠂ ᠰᠣᠨᠢᠷᠬᠠᠯᠲᠤ ᠲᠣᠭᠯᠠᠭᠠᠮ ᠪᠠ ᠣᠨᠢᠰᠤᠭ᠎ᠠ ᠲᠠᠭᠠᠬᠤ ᠤᠷᠤᠯᠳᠤᠭᠠᠨ ᠵᠡᠷᠭᠡ ᠶᠢ ᠲᠣᠬᠢᠷᠠᠭᠤᠯᠵᠤ᠂ ᠣᠨᠢᠰᠤᠭ᠎ᠠ ᠲᠠᠭᠠᠬᠤ ᠤᠷᠤᠯᠳᠤᠭᠠᠨ ᠳᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠲᠤᠬᠠᠢ ᠣᠨᠢᠰᠤᠭ᠎ᠠ ᠲᠠᠭᠠᠷᠠᠭᠤᠯᠤᠨ᠂ ᠣᠯᠠᠨ ᠢᠶᠠᠷ ᠢᠶᠠᠨ ᠢᠳᠡᠪᠬᠢᠲᠡᠢ ᠬᠠᠷᠢᠭᠤᠯᠵᠤ᠂ ᠬᠥᠷ ᠨᠠᠷᠭᠢᠶᠠᠨ ᠤ ᠳᠤᠮᠳᠠ ᠨᠠᠮ ᠤᠨ ᠬᠠᠮᠤᠭ ᠤᠨ ᠰᠢᠨ᠎ᠡ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠦᠨᠳᠦᠰᠦᠲᠡᠨ ᠤ ᠠᠵᠢᠯ ᠤᠨ ᠲᠤᠬᠠᠢ ᠮᠡᠳᠡᠯᠭᠡ ᠶᠢ ᠨᠡᠩ ᠭᠦᠨᠵᠡᠭᠡᠢ ᠣᠶᠢᠯᠠᠭᠠᠵᠠᠢ᠃ ᠬᠠᠮᠤᠭ ᠤᠨ ᠰᠡᠭᠦᠯ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤᠯᠤᠰ ᠤᠨ ᠲᠤᠭ ᠲᠠᠢ ᠬᠠᠮᠲᠤ ᠬᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠠᠭᠤᠤ ᠶᠡᠭᠡ ᠡᠬᠡ ᠤᠯᠤᠰ ᠤᠨ ᠢᠶᠠᠨ ᠴᠡᠴᠡᠭᠯᠡᠨ ᠬᠥᠭᠵᠢᠬᠦ ᠶᠢ ᠢᠷᠦᠭᠡᠪᠡ᠃      ᠴᠢ ᠰᠢᠶᠠᠩ ᠨᠡᠶᠢᠭᠡᠮ ᠲᠣᠭᠤᠷᠢᠭ ᠤᠨ ᠨᠠᠮ ᠤᠨ ᠡᠭᠦᠷ ︽ᠤᠯᠠᠭᠠᠨ ᠲᠤᠭ ᠤᠨ ᠳᠣᠣᠷ᠎ᠠ ᠬᠠᠮᠲᠤ ᠪᠠᠷ ᠦᠰᠦᠨ ᠪᠣᠶᠢᠵᠢᠵᠤ᠂ ᠡᠬᠡ ᠤᠯᠤᠰ ᠲᠠᠭᠠᠨ ᠪᠡᠯᠡᠭ ᠬᠦᠷᠭᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠳᠤ᠂ ᠨᠠᠮ ᠤᠨ ᠭᠡᠰᠢᠭᠦᠳ ᠲᠣᠭᠤᠷᠢᠨ ᠰᠠᠭᠤᠵᠤ᠂ ᠤᠯᠤᠰ ᠤᠨ ᠬᠥᠭᠵᠢᠯᠲᠡ ᠶᠢᠨ ᠦᠯᠢᠭᠡᠷ ᠢ ᠶᠠᠷᠢᠨ᠂ ᠴᠢᠩ ᠦᠨᠡᠨᠴᠢ ᠬᠠᠶᠢᠷ᠎ᠠ ᠰᠡᠳᠬᠢᠯᠭᠡ ᠪᠠ ᠠᠮᠢᠳᠤ ᠲᠦᠷᠰᠦᠯᠢᠭ ᠦᠭᠡ ᠶᠠᠷᠢᠶ᠎ᠠ ᠪᠠᠷ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠡᠷᠴᠢ ᠵᠣᠷᠢᠭ᠂ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠪᠠ᠃ ᠳᠠᠷᠠᠭ᠎ᠠ ᠨᠢ᠂ ᠤᠯᠠᠨ ᠢᠶᠠᠷ ᠢᠶᠠᠨ ᠬᠠᠮᠲᠤᠪᠠᠷ ᠤᠯᠤᠰ ᠤᠨ ᠪᠠᠶᠠᠷ ᠤᠨ ᠭᠠᠷ ᠤᠷᠠᠯᠠᠯ ᠤᠨ ᠪᠦᠲᠦᠭᠡᠭᠳᠡᠬᠦᠨ ᠬᠢᠵᠦ᠂ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠳᠥᠭᠦᠷᠡᠩ ᠪᠠᠶᠢᠯ᠎ᠠ᠃ ᠡᠨᠡ ᠤᠳᠠᠭᠠᠨ ᠤ ᠠᠵᠢᠯᠯᠠᠭ᠎ᠠ ᠨᠢ ᠢᠳᠡᠪᠬᠢᠲᠡᠢ ᠪᠠᠷ ᠥᠭᠡᠳᠡᠯᠡᠨ ᠳᠠᠪᠰᠢᠬᠤ ᠡᠬᠡ ᠣᠷᠣᠨᠴᠢ ᠦᠵᠡᠯ ᠢ ᠪᠤᠶ ᠪᠣᠯᠭᠠᠵᠤ᠂ ᠰᠠᠭᠤᠭᠠᠯᠢ ᠠᠷᠠᠳ ᠤᠨ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠪᠡ᠃      ᠮᠸᠡᠭ ᠰᠢᠶᠠᠩ ᠨᠡᠶᠢᠭᠡᠮ ᠲᠣᠭᠤᠷᠢᠭ ᠤᠨ ᠬᠢᠨ ᠤᠳᠤᠭ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠲᠠᠢ ᠬᠠᠮᠲᠤᠷᠠᠨ ︽ᠬᠥᠷᠰᠢ ᠵᠡᠷᠭᠡᠯᠡᠳᠡᠭᠡ ᠪᠠᠷ ᠢᠶᠠᠨ ᠨᠡᠶᠢᠯᠡᠨ ᠤᠯᠤᠰ ᠤᠨ ᠪᠠᠶᠠᠷ ᠢ ᠤᠭᠲᠤᠵᠤ ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠨ ᠨᠠᠮ ᠤᠨ ᠠᠴᠢ ᠳᠤ ᠲᠠᠯᠠᠷᠬᠠᠬᠤ︾ ᠪᠥᠵᠢᠭ ᠤᠨ ᠤᠷᠤᠯᠳᠤᠭᠠᠨ ᠬᠢᠪᠡ᠃ ︽ᠪᠢᠳᠡᠨ ᠤ ᠵᠢᠷᠭᠠᠯᠲᠤ ᠠᠮᠢᠳᠤᠷᠠᠯ︾᠂ ︽ᠥᠨᠢᠳᠡ ᠶᠢᠨ ᠮᠠᠭᠲᠠᠭᠠᠯ ᠳᠠᠭᠤᠤ︾᠂ ︽ᠠᠩᠬᠢᠯᠤᠮ᠎ᠠ ᠠᠯᠮᠤᠷᠠᠳ︾᠂ ︽ᠥᠪᠥᠷ ᠮᠣᠩᠭᠤᠯ ᠢᠶᠠᠨ ᠮᠠᠭᠲᠠᠨ ᠳᠠᠭᠤᠯᠠᠶ᠎ᠠ︾ ᠭᠡᠬᠦ ᠮᠡᠲᠦ ᠶᠢᠨ ᠭᠤᠶᠣ ᠲᠣᠭᠯᠠᠯᠲᠠ ᠶᠢ ᠭᠠᠷᠭᠠᠵᠤ᠂ ᠲᠤᠬᠠᠢ ᠶᠢᠨ ᠲᠠᠯᠠᠪᠠᠢ ᠳᠠᠬᠢ ᠬᠥᠮᠥᠰ ᠤᠨ ᠬᠠᠷᠠᠭ᠎ᠠ ᠶᠢ ᠪᠠᠶᠠᠰᠬᠠᠨ ᠰᠣᠨᠣᠷ ᠢ ᠨᠢ ᠮᠢᠯᠢᠶᠠᠯ᠎ᠠ᠃ ᠬᠢᠨᠠᠭᠴᠢᠳ ᠤᠷᠤᠯᠳᠤᠭᠠᠨ ᠳᠤ ᠣᠷᠣᠯᠴᠠᠭᠰᠠᠨ ᠠᠩᠭᠢ ᠶᠢᠨ ᠪᠥᠵᠢᠭ ᠤᠨ ᠬᠥᠳᠡᠯᠦᠯ᠂ ᠪᠡᠶᠡᠯᠡᠭᠦᠯᠦᠭᠰᠡᠨ ᠪᠠᠶᠢᠳᠠᠯ᠂ ᠲᠠᠶᠢᠰᠠᠨ ᠤ ᠢᠯᠡᠳᠬᠡᠬᠦ ᠴᠢᠳᠠᠪᠤᠷᠢ ᠵᠡᠷᠭᠡ ᠡᠯᠧᠮᠧᠨ᠋ᠲ ᠢ ᠦᠨᠳᠦᠰᠦᠯᠡᠨ ᠶᠡᠷᠦᠩᠬᠡᠶᠢᠯᠡᠭᠰᠡᠨ ᠬᠤᠪᠢ ᠥᠭᠴᠡᠢ᠂ ᠲᠣᠰ ᠤᠳᠠᠭᠠᠨ ᠤ ᠪᠥᠵᠢᠭ ᠤᠨ ᠤᠷᠤᠯᠳᠤᠭᠠᠨ ᠨᠢ ᠬᠠᠷᠢᠶ᠎ᠠ ᠣᠷᠣᠨ ᠳᠠᠬᠢ ᠪᠥᠵᠢᠭ ᠤᠨ ᠪᠠᠭ᠋ᠠᠲᠠᠳ ᠲᠤ ᠥᠪᠡᠷ ᠢ ᠪᠠᠨ ᠢᠯᠡᠷᠡᠭᠦᠯᠬᠦ ᠲᠠᠪᠴᠠᠩ ᠬᠠᠩᠭᠠᠨ ᠥᠭᠴᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃ᠴᠢ ᠫᠠᠨ ᠨᠡᠶᠢᠭᠡᠮ ᠲᠣᠭᠤᠷᠢᠭ ᠤᠨ ᠬᠢᠨ ᠠᠭᠤᠷᠬᠠᠢ ᠶᠢᠨ ᠦᠢᠯᠡᠰ ᠤᠨ ᠰᠠᠭᠤᠭᠠᠯᠢ ᠲᠣᠭᠤᠷᠢᠭ ᠲᠤ ︽ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠰᠡᠳᠬᠢᠯ ᠰᠡᠳᠬᠢᠯ ᠢᠶᠠᠨ ᠬᠤᠯᠪᠣᠨ  ᠪᠠᠶᠠᠷ ᠬᠦᠷ ᠲᠠᠢ ᠪᠠᠷ ᠤᠯᠤᠰ ᠤᠨ ᠪᠠᠶᠠᠷ ᠢᠶᠠᠨ ᠤᠭᠲᠤᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ︽ᠳᠤᠮᠳᠠᠳᠤ ᠤᠯᠤᠰ ᠡᠵᠢ ᠮᠢᠨᠢ︾᠂ ︽ᠡᠬᠡ ᠤᠯᠤᠰ ᠮᠢᠨᠢ ᠰᠠᠶᠢᠨ ᠪᠠᠶᠢᠨ᠎ᠠ ᠦᠦ︾᠂ ︽ᠳᠠᠯᠠᠢ ᠳᠤ ᠠᠶᠠᠯᠠᠬᠤᠶ᠎ᠠ ᠵᠠᠯᠠᠭᠤᠷᠴᠢ ᠳᠤ ᠲᠦᠰᠢᠭᠯᠡᠨ᠎ᠡ︾ ᠭᠡᠬᠦ ᠮᠡᠲᠦ ᠶᠢᠨ ᠲᠣᠭᠯᠠᠯᠲᠠ ᠭᠠᠷᠭᠠᠵᠤ᠂ ᠰᠠᠭᠤᠭᠠᠯᠢ ᠠᠷᠠᠳ ᠤᠨ ᠡᠬᠡ ᠤᠯᠤᠰ ᠲᠠᠭᠠᠨ ᠢᠷᠦᠭᠡᠯ ᠵᠥᠩᠨᠡᠯ ᠢᠶᠠᠨ ᠳᠡᠪᠰᠢᠭᠦᠯᠵᠦ ᠪᠠᠶᠢᠬᠤ ᠶᠢ ᠭᠦᠨ ᠢᠯᠡᠳᠬᠡᠵᠡᠢ᠃ ᠪᠠᠰᠠ ᠴᠣᠮᠣ ᠳᠠᠮᠵᠢᠭᠤᠯᠬᠤ᠂ ᠴᠠᠭᠠᠷᠢᠭ ᠭᠤᠬᠢᠳᠠᠬᠤ ᠵᠡᠷᠭᠡ ᠰᠣᠨᠢᠷᠬᠠᠯᠲᠤ ᠲᠣᠭᠯᠠᠭᠠᠮ ᠲᠣᠬᠢᠷᠠᠭᠤᠯᠵᠤ᠂ ᠰᠠᠭᠤᠭᠠᠯᠢ ᠠᠷᠠᠳ ᠤᠳ ᠠᠪᠢᠶᠠᠰ ᠪᠢᠯᠢᠭ ᠢᠶᠠᠨ ᠪᠠᠳᠠᠷᠠᠭᠤᠯᠤᠨ᠂ ᠠᠬᠤᠢ ᠲᠠᠯᠠᠪᠠᠢ ᠪᠠᠶᠠᠷ ᠵᠢᠷᠭᠠᠯ ᠢᠶᠠᠷ ᠴᠠᠯᠭᠢᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠨᠡᠯᠭᠡ ᠶᠢᠨ ᠠᠵᠢᠯᠲᠠᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠲᠥᠯᠥᠪᠦᠷᠢ ᠦᠭᠡᠢ ᠪᠠᠷ ᠴᠢᠰᠤᠨ ᠰᠢᠬᠢᠷ᠂ ᠴᠢᠰᠤᠨ ᠳᠠᠷᠤᠯᠲᠠ ᠶᠢ ᠨᠢ ᠬᠡᠮᠵᠢᠵᠦ᠂ ᠦᠰᠦ ᠵᠠᠰᠠᠭᠴᠢ ᠰᠠᠭᠤᠭᠠᠯᠢ ᠠᠷᠠᠳ ᠤᠨ ᠱᠠᠭᠠᠷᠳᠠᠯᠭ᠎ᠠ ᠪᠠᠷ ᠦᠰᠦ ᠶᠢ ᠨᠢ ᠵᠠᠰᠠᠵᠤ ᠥᠭᠪᠡ᠃       ᠠᠶᠢᠯ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠦᠰ ᠮᠡᠲᠦ ᠲᠣᠳᠣᠨᠤ ᠪᠠᠶᠢᠯᠴᠠᠵᠤ᠂ ᠨᠠᠮ ᠪᠠ ᠤᠯᠠᠨ ᠲᠦᠮᠡᠨ ᠰᠡᠳᠬᠢᠯ ᠢᠶᠠᠨ ᠨᠢᠭᠡᠳᠬᠡᠨ ᠤᠯᠤᠰ ᠤᠨ ᠪᠠᠶᠠᠷ ᠢᠶᠠᠨ ᠤᠭᠲᠤᠬᠤ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠵᠢᠭ ᠤᠨ ᠬᠡᠯᠪᠡᠷᠢ ᠪᠠᠷ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠨ᠂ ᠪᠦᠯᠬᠦᠮᠳᠡᠨ ᠲᠡᠮᠡᠴᠡᠵᠦ᠂ ᠥᠭᠡᠳᠡᠯᠡᠨ ᠲᠠᠪᠰᠢᠬᠤ ᠤᠯᠤᠰ ᠢᠶᠠᠨ ᠬᠠᠶᠢᠷᠠᠯᠠᠬᠤ ᠣᠷᠴᠢᠨ ᠢ ᠪᠤᠢ ᠪᠣᠯᠭᠠᠪᠠ᠃ ᠠᠵᠢᠯᠯᠠᠭ᠎ᠠ ᠡᠬᠢᠯᠡᠮᠡᠭᠴᠡ᠂ ᠨᠡᠶᠢᠭᠡᠮ ᠲᠣᠭᠤᠷᠢᠭ ᠤᠨ ᠱᠦᠵᠢ ᠰᠠᠭᠤᠭᠠᠯᠢ ᠠᠷᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠡᠬᠡ ᠤᠯᠤᠰ ᠤᠨ ᠴᠡᠴᠡᠭᠯᠡᠨ ᠬᠥᠭᠵᠢᠬᠦ ᠶᠢ ᠢᠷᠦᠭᠡᠨ᠂ ᠳᠠᠶᠠᠭᠠᠷ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠮᠤᠷ ᠠᠮᠤᠭᠤᠯᠠᠩ ᠠᠵᠠ ᠵᠢᠷᠭᠠᠯ ᠲᠠᠢ ᠪᠠᠶᠢᠬᠤ ᠶᠢ ᠵᠥᠩᠨᠡᠪᠡ᠃ ᠠᠵᠢᠯᠯᠠᠭ᠎ᠠ ᠶᠢᠨ ᠳᠤᠮᠳᠠ᠂ ᠲᠤ ᠲᠤ ᠪᠦᠵᠢᠭ ᠤᠨ ᠠᠩᠭᠢ ᠶᠢᠨ ᠳᠠᠭᠠᠭᠤᠯᠭ᠎ᠠ ᠪᠠᠷ ︽ᠳᠤᠮᠳᠠᠳᠤ ᠤᠯᠤᠰ ᠤᠨ ᠵᠢᠪᠬᠤᠭ᠎ᠠ︾᠂ ︽ᠥᠨᠥᠴᠢᠨ ᠪᠦᠷᠭᠦᠳ︾᠂ ︽ᠳᠣᠭᠰᠢᠨ ᠰᠠᠯᠬᠢᠨ ᠤ ᠡᠮᠦᠨ᠎ᠡ︾ ᠭᠡᠬᠦ ᠮᠡᠲᠦ ᠶᠢᠨ ᠰᠡᠳᠬᠢᠯ ᠬᠥᠳᠡᠯᠭᠡᠮ᠎ᠡ ᠬᠥᠭᠵᠢᠶᠡᠨᠲᠦ ᠠᠶ᠎ᠠ ᠳᠡᠭᠡᠷ᠎ᠡ ᠪᠥᠵᠢᠭᠴᠢᠳ ᠮᠠᠨᠢ ᠬᠥᠳᠡᠯᠦᠯ ᠨᠢᠭᠡᠲᠡᠢ ᠴᠤᠭ ᠵᠢᠪᠬᠤᠭ᠎ᠠ  ᠲᠠᠢ ᠪᠦᠵᠢᠭᠯᠡᠨ᠂ ᠠᠷᠠᠳ ᠤᠯᠠᠨ ᠤ ᠠᠭᠤᠤ ᠶᠡᠭᠡ ᠡᠬᠡ ᠤᠯᠤᠰ ᠲᠠᠭᠠᠨ ᠡᠷᠭᠦᠭᠰᠡᠨ ᠴᠢᠩ ᠰᠡᠳᠬᠢᠯ ᠤᠨ ᠵᠥᠩᠨᠡᠯ ᠢ ᠢᠯᠡᠳᠬᠡᠭᠰᠡᠨ ᠪᠥᠭᠡᠳ ᠪᠠᠰᠠ ᠲᠡᠳᠡᠨ ᠤ ᠪᠠᠶᠠᠯᠢᠭ ᠰᠠᠶᠢᠬᠠᠨ ᠰᠣᠶᠣᠯ ᠤᠨ ᠠᠮᠢᠳᠤᠷᠠᠯ ᠪᠣᠯᠣᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠡᠢ᠃      ᠵᠢᠩ ᠠᠨ ᠨᠡᠶᠢᠭᠡᠮ ᠲᠣᠭᠤᠷᠢᠭ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠪᠡᠯᠡᠭ ᠬᠦᠷᠭᠡᠬᠦ︾ ᠮᠡᠳᠡᠯᠭᠡ ᠶᠢᠨ ᠮᠥᠷᠥᠶᠢᠴᠡᠭᠡᠨ ᠥᠷᠨᠢᠭᠦᠯᠵᠦ᠂ ᠬᠠᠷᠢᠶ᠎ᠠ ᠲᠣᠭᠤᠷᠢᠭ ᠤᠨ ᠨᠠᠮ ᠤᠨ ᠭᠡᠰᠢᠭᠦᠨ᠂ ᠰᠦᠯᠵᠢᠶᠡᠵᠢᠭᠰᠡᠨ ᠬᠠᠮᠢᠶᠠᠷᠤᠯᠲᠠ ᠶᠢᠨ ᠠᠵᠢᠯᠲᠠᠨ ᠪᠣᠯᠣᠨ ᠰᠠᠭᠤᠭᠠᠯᠢ ᠠᠷᠠᠳ 40 ᠭᠠᠷᠤᠢ ᠬᠥᠮᠥᠨ ᠣᠷᠣᠯᠴᠠᠪᠠ᠃ ᠮᠡᠳᠡᠯᠭᠡ ᠶᠢᠨ ᠮᠥᠷᠥᠶᠢᠴᠡᠭᠡᠨ ᠤ ᠠᠭᠤᠯᠭ᠎ᠠ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠠᠴᠠ ᠨᠠᠭᠠᠰᠢᠬᠢ ᠣᠯᠣᠭᠰᠠᠨ ᠠᠮᠵᠢᠯᠲᠠ ᠪᠦᠲᠦᠮᠵᠢ᠂ ᠬᠤᠪᠢᠰᠬᠠᠯ ᠤᠨ ᠪᠠᠭᠠᠲᠤᠷᠯᠢᠭ ᠬᠥᠮᠥᠰ᠂ ᠪᠠᠭᠠᠲᠤᠷᠯᠢᠭ ᠦᠢᠯᠡ ᠠᠵᠢᠯᠯᠠᠭ᠎ᠠ ᠵᠢᠴᠢ ᠤᠯᠠᠨ ᠤ ᠪᠠᠭ᠋ᠠᠷᠬᠠᠯ ᠢ ᠲᠠᠲᠠᠭᠰᠠᠨ ᠬᠤᠪᠢᠰᠬᠠᠯᠲᠤ ᠳᠠᠭᠤᠤ ᠬᠥᠭᠵᠢᠮ ᠵᠡᠷᠭᠡ ᠶᠢ ᠬᠠᠮᠤᠷᠴᠤ᠂ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠤᠨ ᠤᠷᠮ᠎ᠠ ᠵᠣᠷᠢᠭ ᠢ ᠬᠥᠭᠵᠢᠭᠡᠨ᠂ ᠪᠤᠯᠢᠶᠠᠯᠳᠤᠨ ᠬᠠᠷᠢᠭᠤᠯᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠥᠭᠵᠢᠶᠡᠨᠲᠡᠢ ᠪᠠᠶᠢᠯ᠎ᠠ᠃ ᠮᠥᠷᠥᠶᠢᠴᠡᠭᠡᠨ ᠢᠶᠠᠷ ᠳᠠᠮᠵᠢᠨ᠂ ᠰᠠᠭᠤᠭᠠᠯᠢ ᠠᠷᠠᠳ ᠲᠤ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡᠨ ᠶᠠᠪᠤᠴᠠ ᠶᠢ ᠣᠶᠢᠯᠠᠭᠠᠭᠤᠯᠵᠤ᠂ ᠤᠯᠠᠨ ᠲᠦᠮᠡᠨ ᠤ ᠤᠯᠤᠰ ᠢᠶᠠᠨ ᠬᠠᠶᠢᠷᠠᠯᠠᠬᠤ ᠤᠬᠠᠮᠰᠠᠷ ᠢ ᠴᠢᠩᠭᠠᠳᠬᠠᠨ᠂ ᠤᠯᠤᠰ ᠣᠷᠣᠨ ᠤ ᠨᠢᠭᠲᠠᠷᠠᠯ ᠤᠨ ᠬᠦᠴᠦᠨ ᠢ ᠴᠢᠩᠭᠠᠳᠬᠠᠪᠠ᠃ ᠠᠵᠢᠯᠯᠠᠭ᠎ᠠ ᠶᠢᠨ ᠡᠴᠦᠰ ᠲᠤ᠂ ᠤᠯᠠᠨ ᠢᠶᠠᠷ ᠢᠶᠠᠨ ᠬᠦᠷᠢᠶᠡᠯᠡᠨ ᠰᠠᠭᠤᠵᠤ᠂ ᠤᠯᠤᠰ ᠤᠨ ᠬᠥᠭᠵᠢᠯᠲᠡ ᠬᠤᠪᠢᠷᠠᠯᠲᠠ ᠵᠢᠴᠢ ᠡᠬᠡ ᠤᠯᠤᠰ ᠤᠨ ᠢᠷᠡᠭᠡᠳᠦᠢ ᠶᠢᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠬᠤᠪᠢᠶᠠᠯᠴᠠᠪᠠ᠃      ᠭᠦ᠋ ᠶᠧ ᠨᠡᠶᠢᠭᠡᠮ ᠲᠣᠭᠤᠷᠢᠭ ᠤᠨ ᠨᠠᠮ ᠤᠨ ᠡᠭᠦᠷ ︽ᠬᠥᠷᠰᠢ ᠵᠡᠷᠭᠡᠯᠡᠳᠡᠭᠡ ᠪᠠᠷ ᠢᠶᠠᠨ ᠴᠤᠭᠯᠠᠷᠠᠨ ᠭᠠᠷ ᠤᠷᠠᠯᠠᠯ ᠬᠢᠵᠦ᠂ ᠤᠯᠤᠰ ᠤᠨ ᠪᠠᠶᠠᠷ ᠢᠶᠠᠨ ᠪᠡᠯᠭᠡᠯᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠪᠣᠯᠣᠨ ᠨᠠᠮ ᠤᠨ ᠭᠡᠰᠢᠭᠦᠨ ᠰᠠᠶᠢᠨ ᠳᠤᠷᠠᠴᠤᠳ ᠬᠠᠮᠲᠤᠪᠠᠷ ᠤᠯᠤᠰ ᠤᠨ ᠲᠤᠭ ᠮᠠᠨᠳᠤᠭᠤᠯᠤᠨ᠂ ᠤᠯᠤᠰ ᠤᠨ ᠰᠦᠯᠳᠡ ᠳᠠᠭᠤᠤ ᠪᠠᠨ ᠳᠠᠭᠤᠯᠠᠪᠠ᠃ ᠤᠯᠠᠨ ᠢᠶᠠᠷ ᠢᠶᠠᠨ ᠵᠢᠵᠢᠭ ᠤᠯᠤᠰ ᠤᠨ ᠲᠤᠭ᠂ ᠳᠤᠮᠳᠠᠳᠤ ᠤᠯᠤᠰ ᠤᠨ ᠭᠠᠵᠠᠷ ᠤᠨ ᠵᠢᠷᠤᠭ᠂ ᠴᠠᠭᠠᠰᠤᠨ ᠬᠠᠶᠢᠴᠢᠯᠠᠮᠠᠯ᠂ ᠳᠤᠮᠳᠠᠳᠤ ᠤᠯᠤᠰ ᠤᠨ ᠡᠯᠧᠮᠧᠨ᠋ᠲ ᠲᠠᠢ ᠵᠠᠰᠠᠯ ᠴᠢᠮᠡᠭ ᠪᠠ ᠡᠯᠭᠦᠭᠡ ᠡᠳ᠋ ᠵᠡᠷᠭᠡ ᠡᠯ᠎ᠡ ᠵᠦᠢᠯ ᠤᠨ ᠭᠠᠷ ᠤᠷᠠᠯᠠᠯ ᠤᠨ ᠪᠦᠲᠦᠭᠡᠭᠳᠡᠬᠦᠨ ᠬᠢᠪᠡ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠠᠵᠢᠯᠲᠠᠨ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠵᠢᠵᠢᠭ ᠤᠯᠤᠰ ᠤᠨ ᠲᠤᠭ ᠬᠦᠷᠭᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠵᠠᠢ᠃      ᠦᠵᠦᠭᠦᠷ ᠨᠡᠶᠢᠭᠡᠮ ᠲᠣᠭᠤᠷᠢᠭ ᠤᠨ ᠬᠢᠨ ᠣᠷᠳᠣᠰ ᠪᠠᠩᠬᠢ ᠶᠢᠨ ᠴᠢ ᠫᠠᠨ ᠵᠢᠩ ᠰᠠᠯᠪᠤᠷᠢ ᠪᠠᠩᠬᠢ᠂ ᠴᠢ ᠫᠠᠨ ᠵᠢᠩ ᠪᠥᠵᠢᠭ ᠤᠨ ᠬᠠᠶᠢᠷ᠎ᠠ ᠤᠷᠠᠯᠢᠭ ᠤᠨ ᠰᠤᠷᠭᠠᠭᠤᠯᠢ ᠲᠠᠢ ᠬᠠᠮᠲᠤᠷᠠᠨ ︽ᠨᠠᠮ ᠤᠨ ᠭᠡᠰᠢᠭᠦᠨ ᠪᠣᠯᠣᠨ ᠤᠯᠠᠨ ᠲᠦᠮᠡᠨ ᠰᠡᠳᠬᠢᠯ ᠨᠢᠭᠡᠳᠦᠨ ᠤᠯᠤᠰ ᠤᠨ ᠪᠠᠶᠠᠷ ᠢᠶᠠᠨ ᠤᠭᠲᠤᠵᠤ᠂ ᠪᠠᠳᠠᠷᠠᠯᠲᠤ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ︾ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ ᠪᠥᠵᠢᠭ᠂ ᠨᠠᠶᠢᠷᠠᠯ ᠳᠠᠭᠤᠤ᠂ ᠬᠤᠣᠰᠯᠠᠯ ᠳᠠᠭᠤᠤ᠂ ᠭᠤᠷᠪᠠᠨ ᠥᠭᠦᠯᠡᠪᠦᠷᠢ ᠬᠠᠭᠠᠰ᠂ ᠨᠡᠷᠡᠬᠦᠢ ᠨᠢᠳᠤᠷᠭ᠎ᠠ᠂ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ ᠤᠯᠠᠨ ᠲᠦᠷᠦᠯ ᠤᠨ ᠰᠠᠶᠢᠬᠠᠨ ᠲᠣᠭᠯᠠᠯᠲᠠ ᠭᠠᠷᠭᠠᠵᠤ᠂ ᠬᠥᠮᠥᠰ ᠤᠨ ᠰᠡᠳᠬᠢᠯ ᠢ ᠪᠠᠶᠠᠰᠬᠠᠨ᠂ ᠠᠬᠤᠢ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ ᠪᠠᠶᠢᠯ᠎ᠠ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ︽ᠡᠬᠡ ᠤᠯᠤᠰ ᠢᠶᠠᠨ ᠳᠠᠭᠤᠯᠠᠶ᠎ᠠ︾ ᠬᠡᠮᠡᠬᠦ ᠨᠠᠶᠢᠷᠠᠯ ᠳᠠᠭᠤᠤ ᠪᠠᠷ ᠥᠨᠳᠥᠷᠯᠡᠵᠦ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ ᠣᠯᠣᠭᠰᠠᠨ ᠠᠭᠤᠤ ᠶᠡᠭᠡ ᠠᠮᠵᠢᠯᠲᠠ ᠶᠢ ᠮᠠᠭᠲᠠᠨ᠂ ᠥᠷᠭᠡᠨ ᠤᠯᠠᠨ ᠲᠦᠮᠡᠨ ᠤ ᠡᠬᠡ ᠤᠯᠤᠰ ᠲᠠᠭᠠᠨ ᠡᠷᠭᠦᠭᠰᠡᠨ ᠭᠦᠨ ᠵᠤᠵᠠᠭᠠᠨ ᠬᠠᠶᠢᠷ᠎ᠠ ᠵᠦᠩᠨᠡᠯ ᠢ ᠳᠠᠮᠵᠢᠭᠤᠯᠪᠠ᠃ 
ᠢᠷᠡᠯᠲᠡ᠄ ​ᠣᠲᠣᠭ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ