ᠮᠸᠡᠭ ᠰᠢ ᠪᠠᠯᠭᠠᠰᠤ 2024 ᠣᠨ ᠤ ᠳᠤᠯᠠᠭᠠᠯᠠᠭ᠎ᠠ ᠶᠢᠨ ᠨᠡᠭᠦᠷᠡᠰᠦ ᠶᠢ ᠬᠤᠪᠢᠶᠠᠵᠤ ᠳᠠᠭᠤᠰᠬᠠᠪᠠ
ᠨᠡᠶᠢᠲᠡᠯᠡᠭᠰᠡᠨ ᠴᠠᠭ᠄
2024/10/9
      ᠰᠠᠭᠤᠭᠠᠯᠢ ᠠᠷᠠᠳ ᠤᠨ ᠡᠪᠦᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦ ᠬᠤᠪᠢᠶᠠᠬᠤ ᠠᠵᠢᠯ ᠪᠣᠯ ᠲᠦᠭ ᠲᠦᠮᠡᠨ ᠠᠶᠢᠯ ᠡᠷᠦᠬᠡ ᠪᠠ ᠠᠷᠠᠳ ᠣᠯᠠᠨ ᠤ ᠠᠵᠠ ᠵᠢᠷᠭᠠᠯ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠃ ᠳᠤᠯᠠᠭᠠᠯᠠᠭ᠎ᠠ ᠶᠢᠨ ᠨᠡᠭᠦᠷᠡᠰᠦ ᠬᠤᠪᠢᠶᠠᠬᠤ ᠠᠵᠢᠯ ᠢ ᠠᠬᠢᠭᠤᠯᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠤᠰᠠᠳᠠ᠂ ᠮᠧᠩ ᠰᠢ  ᠪᠠᠯᠭᠠᠰᠤ ᠨᠠᠷᠢᠨ ᠨᠢᠮᠪᠠᠢ ᠪᠠᠶᠢᠷᠢᠯᠠᠭᠤᠯᠵᠤ᠂ ᠣᠨᠣᠪᠴᠢᠲᠠᠢ ᠰᠢᠯᠵᠢᠭᠦᠯᠦᠨ ᠲᠡᠭᠡᠭᠡᠪᠦᠷᠢᠯᠡᠭᠡᠳ ᠮᠧᠩ ᠰᠢ ᠪᠠᠯᠭᠠᠰᠤᠨ ᠤ ᠬᠦᠴᠢᠷᠳᠡᠯᠲᠡᠢ ᠬᠦᠮᠦᠰ ᠲᠤ ᠳᠤᠯᠠᠭᠠᠯᠠᠭ᠎ᠠ ᠶᠢᠨ ᠨᠡᠭᠦᠷᠡᠰᠦ ᠬᠤᠪᠢᠶᠠᠵᠤ ᠥᠭᠪᠡ᠃ ᠬᠠᠷᠢᠶ᠎ᠠ ᠣᠷᠣᠨ ᠳᠠᠬᠢ 421ᠡᠷᠦᠬᠡ ᠳᠤ 1599.8 ᠭᠠᠷᠤᠢ ᠲᠣᠨ ᠳᠤᠯᠠᠭᠠᠯᠠᠭ᠎ᠠ ᠶᠢᠨ ᠨᠡᠭᠦᠷᠡᠰᠦ ᠬᠤᠪᠢᠶᠠᠵᠤ᠂ ᠰᠡᠳᠬᠢᠯ ᠢ ᠨᠢ ᠳᠤᠯᠠᠭᠠᠴᠠᠭᠤᠯᠪᠠ᠃      ᠮᠧᠩ ᠰᠢ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠤ ᠳᠤᠯᠠᠭᠠᠯᠠᠭ᠎ᠠ ᠶᠢᠨ ᠨᠡᠭᠦᠷᠡᠰᠦ ᠬᠤᠪᠢᠶᠠᠬᠤ ᠲᠤᠬᠠᠢ ᠶᠢᠨ ᠲᠠᠯᠠᠪᠠᠶ ᠳᠤ᠂ ᠮᠠᠯᠴᠢᠨ ᠲᠠᠷᠢᠶᠠᠴᠢᠨ ᠳᠠᠩᠰᠠᠯᠠᠨ ᠲᠡᠮᠳᠡᠭᠯᠡᠬᠦ᠂ ᠨᠡᠭᠦᠷᠡᠰᠦ ᠪᠠᠨ ᠠᠪᠬᠤ᠂ ᠨᠡᠭᠦᠷᠡᠰᠦ ᠪᠠᠨ ᠰᠠᠪᠠᠯᠠᠬᠤ᠂ ᠨᠡᠭᠦᠷᠡᠰᠦ ᠪᠠᠨ ᠲᠡᠭᠡᠭᠡᠪᠦᠷᠢᠯᠡᠬᠦ ᠠᠯᠬᠤᠮ ᠳᠠᠷᠠᠭᠠᠯᠠᠯ ᠢᠶᠠᠷ ᠡᠮᠬᠢ ᠳᠢᠭᠯᠢᠮ ᠲᠠᠢ ᠵᠢᠭᠰᠠᠵᠤ ᠪᠠᠶᠢᠯ᠎ᠠ᠃ ᠲᠡᠳᠡ ᠭᠤᠷᠪᠠᠨ ᠬᠦᠷᠳᠦᠲᠦ ᠲᠡᠷᠭᠡ ᠪᠣᠯᠣᠨ ᠲᠷᠠᠺᠲ᠋ᠣᠷ ᠢᠶᠠᠷ ᠳᠤᠯᠠᠭᠠᠯᠠᠭ᠎ᠠ ᠶᠢᠨ ᠨᠡᠭᠦᠷᠡᠰᠦ ᠪᠠᠨ ᠲᠡᠭᠦᠪᠦᠷᠢᠯᠡᠭᠡᠳ ᠭᠡᠷ ᠭᠡᠷ ᠲᠡᠭᠡᠨ ᠪᠠᠶᠠᠷᠲᠠᠢ ᠬᠠᠷᠢᠵᠠᠭᠠᠨ᠎ᠠ᠂ ᠡᠨᠡ ᠨᠡᠭᠦᠷᠡᠰᠦ ᠨᠢ ᠨᠠᠮ ᠪᠣᠯᠣᠨ ᠵᠠᠰᠠᠭ ᠤᠨ ᠬᠠᠶᠢᠷ᠎ᠠ ᠬᠠᠯᠠᠮᠵᠢ ᠶᠢ ᠠᠴᠢᠶᠠᠯᠠᠵᠤ ᠪᠣᠢ᠃      ᠠᠷᠠᠳ ᠲᠦᠮᠡᠨ ᠤ ᠬᠦᠴᠢᠷ ᠵᠣᠪᠠᠭᠤᠷᠢ ᠶᠢ ᠣᠶᠢᠯᠠᠭᠠᠵᠤ᠂ ᠵᠢᠵᠢᠭ ᠰᠠᠵᠢᠭ ᠶᠠᠪᠤᠳᠠᠯ ᠠᠴᠠ ᠭᠠᠷᠳᠠᠨ ᠤᠭ ᠰᠠᠨᠠᠭ᠎ᠠ ᠪᠠᠨ ᠦᠢᠯᠡᠳᠦᠯᠭᠡᠵᠢᠭᠦᠯᠦᠨ᠎ᠡ᠃ ᠮᠧᠩ ᠰᠢ ᠪᠠᠯᠭᠠᠰᠤᠨ ᠤ ᠬᠢᠨ ᠮᠠᠯᠴᠢᠨ ᠲᠠᠷᠢᠶᠠᠴᠢᠨ ᠤ ᠡᠪᠦᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠪᠠᠲᠤᠯᠠᠬᠤ ᠠᠵᠢᠯ ᠢ ᠪᠥᠬᠦ ᠪᠠᠯᠭᠠᠰᠤᠨ ᠤ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠮᠠᠯᠴᠢᠨ ᠲᠠᠷᠢᠶᠠᠴᠢᠨ ᠤ ᠡᠪᠦᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠬᠡᠷᠡᠭᠴᠡᠭᠡ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠳᠤᠯᠠᠭᠠᠯᠠᠭ᠎ᠠ ᠶᠢᠨ ᠨᠡᠭᠦᠷᠡᠰᠦ ᠬᠤᠪᠢᠶᠠᠭᠰᠠᠨ ᠨᠢ ᠬᠦᠴᠢᠷᠳᠡᠯᠲᠡᠢ ᠣᠯᠠᠨ ᠲᠦᠮᠡᠨ ᠤ ᠪᠠᠴᠢᠮ ᠲᠤᠯᠭᠠᠮ᠎ᠠ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠡᠢ᠃ 
ᠢᠷᠡᠯᠲᠡ᠄ ᠣᠲᠣᠭ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ