ᠰᠣ᠋ ᡁᠢ ᠰᠢᠶᠦ᠋ᠩ ᠤᠯᠠᠭᠠᠨᠪᠠᠯᠭᠠᠰᠤᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠠᠪᠴᠠᠯᠳᠤᠭᠤᠯᠬᠤ᠂ ᠦᠨᠳᠦᠰᠦᠨ ᠱᠠᠲᠤ ᠶᠢ ᠵᠠᠰᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/11
      11 ᠳ᠋ᠦ᠋ᠭᠡᠷ ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠤᠯᠠᠭᠠᠨᠪᠠᠯᠭᠠᠰᠤᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠠᠪᠴᠠᠯᠳᠤᠭᠤᠯᠬᠤ᠂ ᠦᠨᠳᠦᠰᠦᠨ ᠱᠠᠲᠤ ᠶᠢ ᠵᠠᠰᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠤᠳᠤᠷᠢᠳᠤᠯᠭ᠎ᠠ ᠰᠢᠶᠧ ᠢᠦᠢ᠂ ᠨᠠᠰᠤᠨᠳᠡᠯᠭᠡᠷ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃      ᠰᠣ᠋ ᡁᠢ ᠰᠢᠶᠦ᠋ᠡᠭ ᠤᠯᠠᠭᠠᠨᠪᠠᠯᠭᠠᠰᠤ ᠶᠢᠨ ᠠᠮᠤᠭᠤᠯᠠᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ᠂ ᠤᠯᠠᠭᠠᠨᠳᠤᠭ ᠭᠠᠴᠠᠭ᠎ᠠ ᠶᠢᠨ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠴᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ᠂ ᠪᠡᠯᠡ ᠮᠥᠩᠭᠦ᠂ ᠬᠥᠷᠥᠩᠭᠡ ᠪᠠ ᠡᠬᠢ ᠪᠠᠶᠠᠯᠢᠭ ᠢ ᠬᠠᠮᠢᠶᠠᠷᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠡᠶᠢᠭᠡᠮ ᠲᠣᠭᠤᠷᠢᠭ ᠤᠨ ᠲᠡᠰ ᠳᠡᠪᠰᠢᠭᠦᠯᠵᠦ ᠥᠭᠡᠷᠡᠴᠢᠯᠡᠬᠦ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠡᠭ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠪᠤᠷᠢ ᠣᠯᠭᠤᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠡᠷᠬᠡ ᠬᠠᠷᠢᠭᠤᠴᠠᠯᠭ᠎ᠠ ᠶᠢᠨ ᠵᠦᠢᠯᠡᠰ ᠢ ᠴᠢᠨᠠᠭᠰᠢᠳᠠ ᠵᠢᠷᠤᠮᠵᠢᠭᠤᠯᠤᠨ᠂ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷ ᠢ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠤᠷᠪᠠᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ᠪᠡᠯᠡ ᠮᠥᠩᠭᠦ᠂ ᠬᠥᠷᠥᠩᠭᠡ ᠪᠠ ᠡᠬᠢ ᠪᠠᠶᠠᠯᠢᠭ ᠤᠨ ᠬᠠᠮᠢᠶᠠᠷᠤᠯᠲᠠ ᠶᠢ ᠵᠢᠷᠤᠮᠵᠢᠭᠤᠯᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠰᠣ᠋ ᡁᠢ ᠰᠢᠶᠦ᠋ᠩ ᠶᠠᠳᠠᠭᠤ ᠠᠴᠠ ᠠᠩᠭᠢᠵᠢᠷᠠᠭᠰᠠᠨ ᠡᠷᠦᠬᠡ ᠤᠷᠤᠭᠰᠢᠯᠠᠯᠲᠤ ᠶᠢᠨ ᠭᠡᠷ ᠲᠤ ᠬᠦᠷᠴᠦ᠂ ᠭᠡᠷ ᠪᠦᠯᠢ ᠶᠢᠨ ᠣᠷᠣᠯᠭ᠎ᠠ᠂ ᠪᠡᠶ᠎ᠡ ᠮᠠᠬᠠᠪᠤᠳ ᠤᠨ ᠪᠠᠶᠢᠳᠠᠯ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠲᠡᠭᠦᠨ ᠢ ᠢᠲᠡᠭᠡᠯ ᠵᠣᠷᠢᠭ ᠢᠶᠠᠨ ᠪᠠᠲᠤᠳᠬᠠᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠲᠣᠰ ᠪᠡᠶ᠎ᠡ ᠶᠢᠨ ᠴᠢᠷᠮᠠᠶᠢᠯᠭ᠎ᠠ ᠳᠠᠭᠠᠨ ᠲᠦᠰᠢᠭᠯᠡᠵᠦ ᠪᠠᠶᠢᠭᠠᠳ ᠦᠢᠯᠡᠳᠪᠦᠷᠢᠯᠡᠯ ᠢᠶᠠᠨ ᠬᠥᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠦᠨ᠂ ᠠᠮᠢᠳᠤᠷᠠᠯ ᠤᠨ ᠨᠥᠬᠦᠴᠡᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠵᠣᠷᠢᠭᠵᠢᠭᠤᠯᠬᠤ ᠶᠢᠨ ᠬᠠᠮᠲᠤ ᠬᠠᠮᠢᠶ᠎ᠠ ᠪᠦᠬᠦᠢ ᠺᠠᠳ᠋ᠷᠴᠤᠳ ᠲᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠢ ᠦᠷᠭᠦᠯᠵᠢᠯᠡᠨ ᠠᠩᠬᠠᠷᠴᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠬᠡᠷᠡᠭᠵᠢᠭᠦᠯᠵᠦ᠂ ᠬᠢᠨᠠᠨ ᠰᠢᠯᠭᠠᠬᠤ ᠡᠷᠦᠬᠡ ᠶᠢᠨ ᠲᠦᠭᠰᠢᠭᠦᠷᠢ ᠶᠢ ᠲᠣᠭᠲᠠᠭᠤᠨ ᠢᠶᠠᠷ ᠠᠷᠢᠯᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃      ᠰᠣ᠋ ᡁᠢ ᠰᠢᠶᠦ᠋ᠡᠭ ᠴᠠᠭ ᠠᠭᠤᠷ ᠤᠨ ᠷᠠᠳᠠᠷ ᠤᠨ ᠦᠷᠳᠡᠭᠡ ᠳᠤ ᠬᠦᠷᠴᠦ᠂ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠥᠭᠴᠦ ᠲᠣᠭᠲᠠᠭᠠᠬᠤ ᠳᠦᠷᠢᠮ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠪᠣᠯᠣᠨ ᠴᠠᠭ ᠠᠭᠤᠷ ᠤᠨ ᠷᠠᠳᠠᠷ ᠤᠨ ᠦᠷᠳᠡᠭᠡ ᠶᠢᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠲᠡᠷᠡ ᠬᠡᠯᠡᠬᠦ ᠳᠡᠭᠡᠨ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠥᠨᠳᠥᠷ ᠲᠦᠪᠰᠢᠨ ᠲᠠᠢ᠂ ᠴᠢᠨᠠᠷ ᠰᠠᠶᠢᠲᠠᠢ ᠪᠠᠶᠢᠬᠤ ᠶᠢ ᠪᠠᠲᠤᠯᠠᠨ᠂ ᠲᠣᠭᠲᠠᠭᠰᠠᠨ ᠬᠤᠭᠤᠴᠠᠭᠠᠨ ᠳᠤ ᠣᠨ ᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠥᠭᠴᠦ ᠲᠣᠭᠲᠠᠭᠠᠬᠤ ᠲᠦᠷᠦᠯ ᠵᠦᠢᠯ ᠢᠶᠠᠷ ᠤᠯᠠᠨ ᠲᠦᠮᠡᠨ ᠳᠤ ᠨᠡᠩ ᠡᠷᠲᠡ ᠨᠡᠩ ᠰᠠᠶᠢᠨ ᠠᠰᠢᠭ ᠬᠦᠷᠲᠡᠭᠡᠬᠦ ᠬᠡᠷᠡᠭᠲᠡᠢ᠃ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠥᠭᠴᠦ ᠲᠣᠭᠲᠠᠭᠠᠬᠤ ᠳᠦᠷᠢᠮ ᠤᠨ ᠲᠦᠷᠦᠯ ᠵᠦᠢᠯ ᠢ ᠰᠢᠰᠲ᠋ᠧᠮ ᠲᠠᠢ ᠲᠥᠯᠥᠪᠵᠢᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠦᠨ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠤᠯᠠᠨ ᠲᠦᠮᠡᠨ ᠤ ᠬᠠᠯᠠᠮᠵᠢᠯᠠᠯ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠰᠠᠨᠠᠭ᠎ᠠ ᠲᠠᠢ ᠨᠡᠩ ᠣᠶᠢᠷᠠᠲᠤᠭᠤᠯᠬᠤ᠂ ᠠᠷᠠᠳ ᠤᠨ ᠬᠡᠷᠡᠭᠴᠡᠭᠡ ᠳᠤ ᠨᠡᠩ ᠨᠡᠶᠢᠴᠡᠭᠦᠯᠬᠦ᠂ ᠠᠷᠠᠳ ᠤᠨ ᠠᠮᠢᠳᠤᠷᠠᠯ ᠳᠤ ᠨᠡᠩ ᠰᠠᠶᠢᠨ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ ᠭᠡᠪᠡ᠃      ᠰᠣ᠋ ᡁᠢ ᠰᠢᠶᠦ᠋ᠩ ᠣᠲᠤᠭ ᠬᠤᠰᠢᠭᠤᠨ ᠤ ᠣᠳᠬᠤᠨ ᠰᠠᠭᠠᠯᠢ ᠶᠢᠨ ᠦᠨᠢᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠬᠦᠷᠴᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠴᠢᠩᠭᠠᠳᠬᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠠᠷᠠᠳ ᠢ ᠴᠢᠨᠡᠭᠡᠯᠢᠭᠵᠢᠬᠦᠯᠬᠦ ᠠᠵᠤ ᠦᠢᠯᠡᠰ ᠢ ᠪᠣᠶᠢᠵᠢᠭᠤᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢ ᠭᠦᠨᠵᠡᠭᠡᠶᠢᠷᠡᠭᠦᠯᠦᠨ᠂ ᠠᠵᠤ ᠦᠢᠯᠡᠰ ᠪᠠ ᠲᠥᠷᠥᠯ ᠵᠦᠢᠯ ᠤᠨ ᠰᠢᠩᠭᠡᠬᠡᠨ ᠠᠪᠴᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠ ᠦᠢᠯᠡᠴᠢᠯᠡᠭᠡᠨ ᠤ ᠳᠠᠶᠢᠴᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃      ᠰᠣ᠋ ᡁᠢ ᠰᠢᠶᠦ᠋ᠩ ᠤᠲᠤᠭ ᠬᠤᠰᠢᠭᠤᠨ ᠤ ᠵᠧᠩ ᠱᠧᠩ ᠳᠤᠯᠠᠭᠠᠯᠠᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠣᠶᠤᠨᠴᠢ ᠳᠤᠯᠠᠭᠠᠯᠠᠭ᠎ᠠ ᠶᠢᠨ ᠲᠠᠪᠴᠠᠩ ᠤᠨ ᠠᠵᠢᠯᠯᠠᠭ᠎ᠠ᠂ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠪᠡᠯᠡᠳᠬᠡᠯ ᠭᠦᠸᠧᠯᠦ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠣᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠨ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠳᠤᠯᠠᠭᠠᠯᠠᠭ᠎ᠠ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠬᠠᠯᠠᠮᠰᠢᠯ ᠤᠲᠠᠰᠤ ᠪᠠ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠪᠠ ᠲᠡᠭᠦᠨ ᠢ ᠰᠢᠢᠳᠪᠦᠷᠢᠯᠡᠨ᠂ ᠤᠯᠠᠨ ᠲᠦᠮᠡᠨ ᠤ ᠪᠡᠶ᠎ᠡ ᠮᠠᠬᠠᠪᠤᠳ ᠢ ᠳᠤᠯᠠᠭᠠᠴᠠᠭᠤᠯᠬᠤ ᠮᠥᠷᠲᠡᠭᠡᠨ ᠰᠡᠳᠬᠢᠯ ᠰᠠᠨᠠᠭ᠎ᠠ ᠶᠢ ᠳᠤᠯᠠᠭᠠᠴᠠᠭᠤᠯᠬᠤ ᠬᠡᠷᠡᠭᠲᠡᠢ ᠭᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ