ᠣᠲᠤᠭ ᠬᠤᠰᠢᠭᠤᠨ ᠤ 2024 ᠣᠨ ᠤ ᠡᠪᠦᠯ ᠤᠨ ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠡᠩ ᠤᠨ ᠦᠨ᠎ᠡ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠶᠢᠨ ᠬᠠᠩᠭᠠᠯᠭ᠎ᠠ ᠶᠢ ᠪᠠᠲᠤᠯᠠᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/11/13
ᠣᠲᠤᠭ ᠬᠤᠰᠢᠭᠤᠨ ᠤ 2024 ᠣᠨ ᠤ ᠡᠪᠦᠯ ᠤᠨ ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠡᠩ ᠤᠨ ᠦᠨ᠎ᠡ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠶᠢᠨ ᠬᠠᠩᠭᠠᠯᠭ᠎ᠠ ᠶᠢ ᠪᠠᠲᠤᠯᠠᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ                                                   ᠣᠲᠤᠭ ᠵᠠᠰᠠᠭ ᠲᠠᠷᠬᠠᠭᠠᠭᠰᠠᠨ ﹇2024﹈ 186 ᠳ᠋ᠤᠭᠠᠷ ᠲᠣᠭᠠᠲᠤ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠳᠤ᠄      ︽ᠣᠲᠤᠭ ᠬᠤᠰᠢᠭᠤᠨ ᠤ 2024 ᠣᠨ ᠤ ᠡᠪᠦᠯ ᠤᠨ ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠡᠩ ᠤᠨ ᠦᠨ᠎ᠡ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠶᠢᠨ ᠬᠠᠩᠭᠠᠯᠭ᠎ᠠ ᠶᠢ ᠪᠠᠲᠤᠯᠠᠬᠤ ᠠᠵᠢᠯ ᠤᠨ ᠬᠡᠷᠡᠭᠵᠢᠭᠦᠯᠬᠦ ᠲᠥᠰᠥᠯ︾᠎ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                          ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2024 ᠣᠨ ᠤ 9 ᠳ᠋ᠦ᠋ᠭᠡᠷ ᠰᠠᠷ᠎ᠠ ᠶᠢᠨ 14᠎ ᠤ ᠡᠳᠦᠷ ᠣᠲᠤᠭ ᠬᠤᠰᠢᠭᠤᠨ ᠤ 2024 ᠣᠨ ᠤ ᠡᠪᠦᠯ ᠤᠨ ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠡᠩ ᠤᠨ ᠦᠨ᠎ᠡ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠶᠢᠨ ᠬᠠᠩᠭᠠᠯᠭ᠎ᠠ ᠶᠢ ᠪᠠᠲᠤᠯᠠᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ       ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠢᠯᠠᠩᠭᠤᠶ᠎ᠠ ᠬᠦᠴᠢᠷᠳᠡᠯᠲᠡᠢ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠵᠢᠴᠢ ᠬᠦᠴᠢᠷᠳᠡᠯᠲᠡᠢ ᠣᠯᠠᠨ ᠲᠦᠮᠡᠨ ᠤ ᠳᠤᠯᠠᠭᠠᠯᠠᠭ᠎ᠠ ᠶᠢᠨ ᠵᠠᠷᠤᠯᠭ᠎ᠠ ᠶᠢᠨ ᠳᠠᠷᠤᠭᠠᠰᠤ ᠶᠢ ᠬᠥᠩᠭᠡᠯᠡᠨ᠂ ᠲᠡᠳᠡᠨ ᠤ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ᠂ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠤᠰᠠᠳᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠰᠠᠶᠢᠨ ᠶᠠᠪᠤᠳᠠᠯ ᠢ ᠰᠠᠶᠢᠨ ᠬᠢᠬᠦ ᠵᠠᠷᠴᠢᠮ ᠢ ᠪᠠᠷᠢᠮᠲᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠤᠯᠠᠭᠠᠯᠭ᠎ᠠ ᠬᠠᠩᠭᠠᠬᠤ ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠣᠭᠤᠰᠢᠯᠠᠭᠤᠯᠤᠨ᠂ ᠣᠲᠤᠭ ᠬᠤᠰᠢᠭᠤᠨ ᠤ 2024 ᠣᠨ ᠤ ᠬᠠᠯᠠᠮᠵᠢ ᠶᠢᠨ ᠨᠡᠭᠦᠷᠡᠰᠦ ᠲᠠᠷᠬᠠᠭᠠᠬᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠤᠨ ᠪᠣᠳᠠᠲᠠᠢ ᠲᠣᠬᠢᠷᠠᠭᠤᠯᠤᠯᠲᠠ ᠶᠢ ᠦᠨᠳᠦᠰᠦᠯᠡᠨ᠂ ᠪᠥᠬᠦ ᠬᠤᠰᠢᠭᠤᠨ ᠤ ᠳᠡᠩᠰᠡᠯᠡᠨ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠶᠠᠳᠠᠭᠤᠷᠠᠬᠤ ᠰᠢᠬᠠᠭᠰᠠᠨ ᠡᠷᠦᠬᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠬᠦᠷᠲᠡᠬᠦ ᠡᠷᠦᠬᠡ᠂ ᠬᠦᠨᠳᠦ ᠡᠪᠡᠳᠴᠢᠲᠡᠨ ᠲᠠᠢ ᠡᠷᠦᠬᠡ᠂ ᠵᠡᠮᠳᠡᠭ ᠬᠦᠮᠦᠨ ᠲᠠᠢ ᠡᠷᠦᠬᠡ᠂ ᠭᠡᠨᠡᠳᠲᠡ ᠶᠢᠨ ᠤᠴᠢᠷ ᠠᠴᠠ ᠪᠣᠯᠣᠭᠰᠠᠨ ᠬᠦᠴᠢᠷᠳᠡᠯᠲᠡᠢ ᠡᠷᠦᠬᠡ᠂ ᠬᠤᠲᠠ ᠪᠠᠯᠭᠠᠰᠤᠨ ᠤ ᠪᠣᠳᠠᠲᠠᠢ ᠬᠦᠴᠢᠷᠳᠡᠯᠲᠡᠢ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠬᠦᠴᠢᠷᠳᠡᠯᠲᠡᠢ ᠡᠷᠦᠬᠡ ᠵᠡᠷᠭᠡ 8 ᠲᠥᠷᠥᠯ ᠤᠨ ᠬᠦᠴᠢᠷᠳᠡᠯᠲᠡᠢ ᠣᠯᠠᠨ ᠲᠦᠮᠡᠨ ᠳᠤ ᠬᠠᠯᠠᠮᠵᠢ ᠶᠢᠨ ᠨᠡᠭᠦᠷᠡᠰᠦ ᠲᠠᠷᠬᠠᠭᠠᠵᠤ᠂ ᠪᠤᠰᠤᠳ ᠬᠡᠷᠡᠭᠴᠡᠭᠡ ᠲᠠᠢ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠳᠤ ᠡᠩ ᠤᠨ ᠦᠨ᠎ᠡ ᠲᠠᠢ ᠨᠡᠭᠦᠷᠡᠰᠦ ᠲᠠᠷᠬᠠᠭᠠᠨ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠵᠢᠴᠢ ᠬᠦᠴᠢᠷᠳᠡᠯᠲᠡᠢ ᠣᠯᠠᠨ ᠲᠦᠮᠡᠨ ᠢ ᠦᠨᠡᠨᠬᠦ ᠬᠠᠪᠰᠤᠷᠤᠨ ᠡᠨᠡ ᠡᠪᠦᠯ ᠢᠷᠡᠬᠦ ᠬᠠᠪᠤᠷ ᠤᠨ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃      ᠬᠤᠶᠠᠷ᠂ ᠦᠨᠳᠦᠰᠦᠨ ᠪᠠᠶᠢᠳᠠᠯ      ᠡᠯ᠎ᠡ ᠰᠤᠮᠤ ᠪᠠᠯᠭᠠᠰᠤᠨ ᠤ ᠪᠠᠶᠢᠳᠠᠯ ᠢ ᠣᠶᠢᠯᠠᠭᠠᠭᠰᠠᠨ ᠢᠶᠠᠷ᠂ ᠣᠲᠤᠭ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠲᠠᠷᠬᠠᠭᠠᠬᠤ ᠡᠷᠦᠬᠡ ᠨᠡᠶᠢᠲᠡ 9074 ᠡᠷᠦᠬᠡ ᠪᠠᠶᠢᠵᠤ᠂ 22928.6 ᠲᠣᠨ ᠨᠡᠭᠦᠷᠡᠰᠦ ᠬᠡᠷᠡᠭᠰᠡᠨ᠎ᠡ᠃ ᠡᠭᠦᠨ ᠳᠤ᠂ ᠡᠩ ᠤᠨ ᠦᠨ᠎ᠡ ᠲᠠᠢ ᠨᠡᠭᠦᠷᠡᠰᠦ ᠲᠠᠷᠬᠠᠭᠠᠬᠤ ᠨᠢ 5973 ᠡᠷᠦᠬᠡ᠂ 11871.5 ᠲᠣᠨ ᠨᠡᠭᠦᠷᠡᠰᠦ︔ ᠬᠠᠯᠠᠮᠵᠢ ᠶᠢᠨ ᠨᠡᠭᠦᠷᠡᠰᠦ ᠲᠠᠷᠬᠠᠭᠠᠬᠤ ᠨᠢ 3101 ᠡᠷᠦᠬᠡ᠂ 11057.1 ᠲᠣᠨ ᠨᠡᠭᠦᠷᠡᠰᠦ ᠬᠡᠷᠡᠭᠰᠡᠨ᠎ᠡ ︵ᠲᠠᠷᠬᠠᠭᠠᠭᠰᠠᠨ ᠡᠷᠦᠬᠡ ᠶᠢᠨ ᠲᠤᠭ᠎ᠠ ᠬᠢᠭᠡᠳ ᠲᠠᠷᠬᠠᠭᠠᠭᠰᠠᠨ ᠡᠩ ᠤᠨ ᠦᠨ᠎ᠡ ᠎ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠶᠢᠨ ᠶᠡᠷᠦᠩᠬᠡᠢ ᠬᠡᠮᠵᠢᠶ᠎ᠡ ᠶᠢ ᠰᠤᠮᠤ ᠪᠠᠯᠭᠠᠰᠤᠨ ᠤ ᠬᠠᠮᠤᠭ ᠡᠴᠦᠰ ᠤᠨ ᠪᠣᠳᠠᠲᠠᠢ ᠲᠠᠷᠬᠠᠭᠠᠭᠰᠠᠨ ᠪᠠᠶᠢᠳᠠᠯ ᠢᠶᠠᠷ ᠪᠠᠷᠢᠮᠵᠢᠶᠠᠯᠠᠨ᠎ᠠ︶᠃ ᠬᠠᠯᠠᠮᠵᠢ ᠶᠢᠨ ᠨᠡᠭᠦᠷᠡᠰᠦ ᠶᠢᠨ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢᠶᠠᠷ ᠪᠠᠷᠢᠮᠵᠢᠶᠠᠯᠠᠨ᠎ᠠ᠃      ᠭᠤᠷᠪᠠ᠂ ᠡᠭᠦᠷᠭᠡ ᠶᠢᠨ ᠬᠤᠪᠢᠶᠠᠷᠢᠯᠠᠯ      ᠨᠢᠭᠡ ᠳᠤ ᠬᠤᠰᠢᠭᠤᠨ ᠤ ᠡᠨᠧᠷᠭᠢ ᠶᠢᠨ ᠲᠣᠪᠴᠢᠶ᠎ᠠ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠯᠤᠭ᠎ᠠ ᠵᠥᠪᠳᠡᠯᠴᠡᠨ ᠡᠩ ᠤᠨ ᠦᠨ᠎ᠡ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠬᠠᠩᠭᠠᠬᠤ ᠠᠵᠤ ᠠᠬᠤᠶᠢᠯᠠᠯ ᠢ ᠲᠣᠭᠲᠠᠭᠠᠵᠤ᠂ ᠨᠡᠭᠦᠷᠡᠰᠦ ᠬᠠᠩᠭᠠᠬᠤ ᠠᠵᠤ ᠠᠬᠤᠶᠢᠯᠠᠯ ᠡᠩ ᠤᠨ ᠦᠨ᠎ᠡ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠶᠢ ᠲᠤᠰᠢᠶᠠᠬᠤ ᠶᠠᠪᠤᠴᠠ ᠳᠤ ᠨᠡᠭᠦᠷᠡᠰᠦ ᠲᠤᠰᠢᠶᠠᠬᠤ ᠪᠠ ᠭᠥᠯᠢᠶᠡᠨ ᠠᠪᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠲᠤᠰᠢᠶᠠᠭᠰᠠᠨ ᠨᠡᠭᠦᠷᠡᠰᠦᠨ ᠤ ᠶᠠᠰᠤ ᠴᠢᠨᠠᠷ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠲᠤᠯᠠᠨ᠎ᠠ︔ ᠬᠤᠶᠠᠷ ᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠺᠣᠮᠫᠠᠨᠢ ᠨᠢ ᠰᠣᠩᠭᠤᠨ ᠲᠣᠭᠲᠠᠭᠠᠭᠰᠠᠨ ᠨᠡᠭᠦᠷᠡᠰᠦ ᠬᠠᠩᠭᠠᠬᠤ ᠠᠵᠤ ᠠᠬᠤᠶᠢᠯᠠᠯ ᠯᠤᠭ᠎ᠠ ᠡᠩ ᠤᠨ ᠦᠨ᠎ᠡ ᠲᠠᠢ ᠨᠡᠭᠦᠷᠡᠰᠦ ᠪᠠ ᠬᠠᠯᠠᠮᠵᠢ ᠶᠢᠨ ᠨᠡᠭᠦᠷᠡᠰᠦ ᠬᠠᠩᠭᠠᠬᠤ ᠭᠡᠷ᠎ᠡ ᠲᠣᠭᠲᠠᠬᠤ ᠶᠢᠨ ᠬᠠᠮᠲᠤ᠂ ᠡᠯ᠎ᠡ ᠰᠤᠮᠤ ᠪᠠᠯᠭᠠᠰᠤᠨ ᠤ ᠰᠣᠩᠭᠤᠨ ᠲᠣᠭᠲᠠᠭᠠᠭᠰᠠᠨ ᠨᠡᠭᠦᠷᠡᠰᠦ ᠬᠤᠪᠢᠶᠠᠬᠤ ᠭᠠᠵᠠᠷ ᠲᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠨᠢᠭᠡᠳᠦᠯᠲᠡᠢ ᠲᠡᠭᠡᠭᠡᠪᠦᠷᠢᠯᠡᠨ ᠬᠦᠷᠭᠡᠨ᠎ᠡ︔ ᠭᠤᠷᠪᠠ ᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠢᠶ᠎ᠠ ᠪᠦᠬᠦᠢ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠨ᠎ᠠ︔ ᠳᠥᠷᠪᠡ ᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠲᠦᠷᠦᠭᠦᠯᠡᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠬᠠᠮᠵᠢᠯᠴᠠᠨ᠂ ᠨᠥᠬᠦᠪᠦᠷᠢ ᠣᠯᠭᠤᠬᠤ ᠬᠦᠴᠢᠷᠳᠡᠯᠲᠡᠢ ᠡᠷᠦᠬᠡ ᠶᠢ ᠬᠢᠨᠠᠨ ᠬᠠᠷᠭᠤᠭᠤᠯᠬᠤ ᠪᠠ ᠬᠢᠨᠠᠨ ᠪᠠᠶᠢᠴᠠᠭᠠᠵᠤ᠂ ᠡᠯ᠎ᠡ ᠰᠤᠮᠤ ᠪᠠᠯᠭᠠᠰᠤ ᠶᠢ ᠱᠠᠭᠠᠷᠳᠠᠵᠤ ᠵᠢᠯᠣᠭᠤᠳᠤᠨ ᠨᠥᠬᠦᠪᠦᠷᠢ ᠣᠯᠭᠤᠬᠤ ᠠᠵᠢᠯ ᠢ ᠰᠠᠶᠢᠲᠤᠷ ᠬᠢᠵᠦ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠪᠠᠲᠤᠯᠠᠨ᠎ᠠ︔ ᠲᠠᠪᠤ ᠳᠤ ᠡᠯ᠎ᠡ ᠰᠤᠮᠤ ᠪᠠᠯᠭᠠᠰᠤ ᠶᠢᠨ ᠬᠢᠨ ᠬᠠᠷᠢᠶ᠎ᠠ ᠣᠷᠣᠨ ᠤ ᠪᠠᠨ ᠬᠦᠴᠢᠷᠳᠡᠯᠲᠡᠢ ᠤᠯᠠᠨ ᠲᠦᠮᠡᠨ ᠤ ᠡᠪᠦᠯ ᠤᠨ ᠤᠯᠠᠷᠢᠯ ᠤᠨ ᠬᠠᠯᠠᠮᠵᠢ ᠶᠢᠨ ᠨᠡᠭᠦᠷᠡᠰᠦ ᠶᠢ ᠬᠢᠨᠠᠨ ᠪᠠᠶᠢᠴᠠᠭᠠᠬᠤ ᠵᠢᠴᠢ ᠵᠣᠬᠢᠶᠠᠨ ᠪᠠᠶᠢᠭᠤᠯᠵᠤ ᠬᠤᠪᠢᠶᠠᠷᠢᠯᠠᠬᠤ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠶᠡᠷᠦ ᠶᠢᠨ ᠮᠠᠯᠵᠢᠬᠤ ᠡᠷᠦᠬᠡ ᠳᠤ ᠡᠩ ᠤᠨ ᠦᠨ᠎ᠡ ᠲᠠᠢ ᠨᠡᠭᠦᠷᠡᠰᠦ ᠲᠠᠷᠬᠠᠭᠠᠬᠤ ᠠᠵᠢᠯ ᠢ ᠰᠠᠶᠢᠲᠤᠷ ᠬᠢᠵᠦ᠂ ᠲᠠᠷᠬᠠᠭᠠᠬᠤ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ ᠰᠢᠢᠳᠪᠦᠷᠢᠯᠡᠨ᠂ ᠨᠢᠭᠡ ᠡᠷᠦᠬᠡ ᠶᠢ ᠴᠤ ᠭᠡᠭᠡᠭᠳᠡᠭᠦᠯᠬᠦ ᠦᠭᠡᠢ᠂ ᠬᠠᠩᠭᠠᠬᠤ ᠶᠣᠰᠣᠲᠠᠢ ᠶᠢ ᠎ ᠨᠢ ᠠᠯᠢ ᠪᠣᠯᠬᠤ ᠪᠠᠷ ᠬᠠᠩᠭᠠᠬᠤ ᠵᠠᠷᠴᠢᠮ ᠶᠣᠰᠣᠭᠠᠷ᠂ ᠲᠤᠰᠬᠠᠢ ᠬᠥᠮᠥᠨ ᠲᠣᠮᠢᠯᠠᠨ ᠪᠥᠬᠦ ᠶᠠᠪᠤᠴᠠ ᠶᠢ ᠮᠥᠷᠳᠡᠨ ᠳᠠᠭᠠᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠴᠠᠭ ᠲᠤᠬᠠᠢ ᠳᠤᠨᠢ ᠡᠷᠦᠬᠡ ᠳᠤ ᠬᠤᠪᠢᠶᠠᠵᠤ᠂ ᠠᠷᠠᠳ ᠣᠯᠠᠨ ᠤ ᠳᠤᠯᠠᠭᠠᠨ ᠡᠪᠦᠯᠵᠢᠬᠦ ᠶᠢ ᠪᠠᠲᠤᠯᠠᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠤᠭᠤᠳ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠪᠠᠢ ᠵᠣᠬᠢᠶᠠᠨ ᠪᠠᠶᠢᠭᠤᠯᠤᠨ᠂ ᠨᠠᠷᠢᠯᠢᠭ ᠲᠣᠬᠢᠷᠠᠭᠤᠯᠵᠤ᠂ ᠲᠤᠰᠬᠠᠢ ᠬᠥᠮᠥᠨ ᠲᠣᠭᠲᠠᠭᠠᠵᠤ ᠬᠠᠷᠢᠭᠤᠴᠠᠭᠤᠯᠤᠨ᠂ ᠲᠤᠰᠬᠠᠢ ᠶᠠᠪᠤᠳᠠᠯ ᠢ ᠲᠤᠰᠬᠠᠶᠢᠯᠠᠨ ᠰᠢᠢᠳᠪᠦᠷᠢᠯᠡᠵᠦ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠲᠠᠢ ᠬᠠᠮᠲᠤᠷᠠᠨ ᠵᠣᠬᠢᠬᠤ ᠲᠣᠭᠠᠨ ᠤ ᠭᠤᠣᠯᠳᠠᠯᠭ᠎ᠠ ᠲᠠᠢ ᠬᠥᠮᠥᠰ ᠢ ᠰᠤᠭᠤᠴᠢᠨ ᠪᠠᠶᠢᠴᠠᠭᠠᠵᠤ᠂ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠭᠤᠣᠯᠳᠠᠯᠭ᠎ᠠ ᠲᠠᠢ ᠬᠦᠮᠦᠰ ᠲᠤ ᠴᠠᠭ ᠲᠤᠬᠠᠢ ᠳᠤᠨᠢ ᠨᠡᠭᠦᠷᠡᠰᠦ ᠲᠠᠷᠬᠠᠭᠠᠭᠰᠠᠨ ᠦᠭᠡᠢ ᠪᠠᠶᠢᠳᠠᠯ ᠢ ᠣᠯᠵᠤ ᠮᠡᠳᠡᠪᠡᠯ᠂ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ