ᠣᠲᠤᠭ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ | ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠤᠲᠤᠭ ᠵᠠᠰᠠᠭ ᠠᠯᠪᠠᠨ ᠲᠠᠷᠬᠠᠭᠠᠭᠰᠠᠨ ﹇2024﹈ 56 ᠳ᠋ᠤᠭᠠᠷ ᠲᠣᠭᠠᠲᠤ | | ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠬᠤᠯᠪᠣᠭᠳᠠᠯ ᠪᠦᠬᠦᠢ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠣᠲᠤᠭ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠥᠯ︾ ᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 8 ᠳ᠋ᠤᠭᠠᠷ ᠰᠠᠷ᠎ᠠ ᠶᠢᠨ 20 ᠤ ᠡᠳᠦᠷ | | | ᠣᠲᠤᠭ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠥᠯ | | | ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠣᠭᠤᠰᠢᠯᠠᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠦᠷᠢᠶᠡᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠵᠦ ᠠᠷᠢᠯᠭᠠᠨ᠂ ᠬᠤᠰᠢᠭᠤᠨ ᠤ ᠪᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠬᠤᠷᠢᠶᠠᠬᠤ ᠲᠡᠦᠬᠡᠨ ᠦᠯᠡᠳᠡᠭᠳᠡᠯ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠤᠰᠠᠳᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠦ᠋ᠭᠡᠷ ᠲᠣᠭᠠᠲᠤ︶᠂ ︽ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠠᠵᠢᠯ ᠤᠨ ᠨᠠᠷᠢᠨ | ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ | ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ | ᠠᠮᠤᠷ ᠲᠦᠪᠰᠢᠨ ᠤ ᠰᠡᠷᠭᠡᠶᠢᠯᠡᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠬᠠᠤᠯᠢ ᠲᠣᠭᠲᠠᠭᠠᠯ ᠶᠣᠰᠣᠭᠠᠷ ᠲᠡᠤᠬᠡᠨ ᠦᠯᠡᠳᠡᠭᠳᠡᠯ ᠠᠰᠠᠭᠤᠳᠠᠯ ᠢ ᠲᠣᠬᠢᠲᠠᠢ | ᠰᠢᠢᠳᠪᠦᠷᠢᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠨ᠂ ᠣᠯᠠᠨ ᠲᠦᠮᠡᠨ ᠪᠠ ᠠᠵᠤ ᠠᠬᠤᠶᠢᠯᠠᠯ ᠤᠨ ᠬᠤᠪᠢ | ᠪᠡᠶ᠎ᠡ ᠶᠢᠨ ᠠᠰᠢᠭ ᠲᠤᠰᠠ ᠶᠢ ᠪᠠᠲᠤᠯᠠᠬᠤ ᠪᠠᠷ ᠬᠠᠷᠠᠯᠲᠠ ᠵᠤᠭᠰᠤᠯᠲᠠ ᠪᠠᠨ ᠪᠣᠯᠭᠠᠵᠤ᠂ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠬᠤ ᠳᠤ ᠠᠮᠤᠷ ᠲᠦᠪᠰᠢᠨ ᠤ ᠪᠠᠲᠤᠯᠠᠭ᠎ᠠ | ᠬᠠᠩᠭᠠᠨ᠎ᠠ᠃ | ᠬᠤᠶᠠᠷ᠂ ᠠᠵᠢᠯ ᠤᠨ ᠵᠠᠷᠴᠢᠮ | ︵ᠨᠢᠭᠡ︶ ᠪᠠᠶᠢᠭᠤᠯᠭ᠎ᠠ ᠨᠤᠭᠤᠳ ᠬᠠᠮᠵᠢᠯᠴᠠᠬᠤ ᠵᠠᠷᠴᠢᠮ ᠢ ᠪᠠᠷᠢᠮᠲᠠᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ 17 ᠪᠠᠶᠢᠭᠤᠯᠭ᠎ᠠ ᠶᠢᠨ ︿ᠪᠦᠬᠦ ᠣᠷᠣᠨ ᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠪᠦᠲᠦᠭᠡᠨ | ᠪᠠᠶᠢᠭᠤᠯᠤᠯᠲᠠ ᠪᠠᠷᠢᠯᠭ᠎ᠠ ᠶᠢᠨ ᠶᠠᠰᠤ ᠴᠢᠨᠠᠷ ﹇2021﹈ 155 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ 18 ᠪᠠᠶᠢᠭᠤᠯᠭ᠎ᠠ ᠶᠢᠨ ︿ᠣᠷᠳᠣᠰ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠣᠷᠳᠣᠰ ᠣᠷᠣᠨ ᠰᠠᠭᠤᠴᠠ ᠪᠦᠲᠦᠭᠡᠨ ᠪᠠᠶᠢᠭᠤᠯᠤᠯᠲᠠ | ᠲᠠᠷᠬᠠᠭᠠᠭᠰᠠᠨ ﹇2021﹈ 109 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠬᠠᠷᠢᠶ᠎ᠠ ᠣᠷᠣᠨ ᠨᠢ ᠬᠠᠮᠢᠶᠠᠷᠬᠤ ᠵᠠᠷᠴᠢᠮ ᠶᠣᠰᠣᠭᠠᠷ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ | ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠥᠬᠦ ᠲᠠᠯ᠎ᠠ ᠪᠠᠷ | ᠶᠡᠷᠦᠩᠬᠡᠶᠢᠯᠡᠨ ᠠᠳᠬᠤᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠨᠢᠭᠡ ᠴᠣᠭᠴᠠᠵᠢᠭᠤᠯᠤᠨ ᠠᠬᠢᠭᠤᠯᠤᠨ᠎ᠠ᠃ ᠡᠯ᠎ᠡ ᠠᠵᠢᠯ ᠲᠦᠷᠦᠯ ᠤᠨ ᠭᠤᠣᠯᠯᠠᠨ | ᠬᠠᠮᠢᠶᠠᠷᠬᠤ ᠪᠠᠶᠢᠭᠤᠯᠭ᠎ᠠ ᠨᠤᠭᠤᠳ ︽ᠠᠵᠢᠯ ᠲᠦᠷᠦᠯ ᠢ ᠬᠠᠮᠢᠶᠠᠷᠬᠤ ᠳᠠᠭᠠᠨ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠠᠭᠠᠨ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠠᠭᠠᠨ ᠡᠷᠬᠡᠪᠰᠢ ᠠᠮᠤᠷ ᠲᠦᠪᠰᠢᠨ ᠢ ᠬᠠᠮᠢᠶᠠᠷᠬᠤ︾ | ᠱᠠᠭᠠᠷᠳᠠᠯᠭ᠎ᠠ ᠶᠣᠰᠣᠭᠠᠷ᠂ ᠲᠤᠰ ᠠᠵᠢᠯ ᠲᠦᠷᠦᠯ᠂ ᠲᠤᠰ ᠰᠢᠰᠲ᠋ᠧᠮ ᠤᠨ ᠣᠨᠴᠠᠯᠢᠭ ᠢᠶᠠᠨ ᠦᠨᠳᠦᠰᠦᠯᠡᠨ᠂ ᠦᠯᠡᠳᠡᠭᠳᠡᠯ ᠲᠥᠷᠥᠯ ᠵᠦᠢᠯ ᠤᠨ ᠪᠠᠶᠢᠳᠠᠯ ᠢ | ᠣᠶᠢᠯᠠᠭᠠᠵᠤ ᠪᠦᠷᠢᠳᠬᠡᠨ᠂ ᠡᠮᠬᠢᠯᠡᠨ ᠬᠤᠷᠢᠶᠠᠩᠭᠤᠶᠢᠯᠠᠵᠤ᠂ ᠲᠤᠰ ᠠᠵᠢᠯ ᠲᠦᠷᠦᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠮᠬᠢ | ᠵᠢᠷᠤᠮ ᠲᠠᠢ ᠬᠢᠨᠠᠨ ᠵᠢᠯᠣᠭᠤᠳᠤᠨ᠎ᠠ᠃ | ︵ᠬᠤᠶᠠᠷ︶ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠎ᠠ᠃ ᠦᠯᠡᠳᠡᠭᠳᠡᠯ ᠲᠥᠷᠥᠯ ᠵᠦᠢᠯ ᠤᠨ ᠲᠡᠦᠬᠡᠨ ᠪᠠᠶᠢᠳᠠᠯ ᠪᠠ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠤᠨ ᠬᠤᠪᠢᠷᠠᠯᠲᠠ ᠶᠢ ᠭᠦᠢᠴᠡᠳ ᠪᠣᠳᠣᠯᠬᠢᠯᠠᠨ᠂ ᠲᠡᠦᠬᠡ ᠶᠢ ᠬᠦᠨᠳᠦᠳᠬᠡᠬᠦ᠂ ᠪᠣᠳᠠᠲᠤ ᠪᠠᠶᠢᠳᠠᠯ ᠳᠤ ᠵᠥᠪ ᠢᠶᠠᠷ ᠬᠠᠨᠳᠤᠬᠤ ᠵᠠᠷᠴᠢᠮ ᠶᠣᠰᠣᠭᠠᠷ᠂ | ᠪᠣᠳᠠᠲᠠᠢ ᠠᠴᠠ ᠡᠭᠦᠰᠴᠦ᠂ ᠬᠠᠤᠯᠢ ᠶᠣᠰᠣᠴᠢ ᠴᠢᠨᠠᠷ ᠪᠠ ᠪᠣᠳᠠᠲᠤ ᠪᠣᠯᠣᠯᠴᠠᠭᠠᠲᠤ ᠴᠢᠨᠠᠷ ᠢ ᠬᠠᠮᠲᠤ ᠳᠤᠨᠢ ᠬᠠᠷᠠᠭᠠᠯᠵᠠᠨ᠂ ᠬᠢᠨᠠᠨ ᠪᠠᠶᠢᠴᠠᠭᠠᠵᠤ ᠰᠢᠯᠭᠠᠨ | ᠬᠤᠷᠢᠶᠠᠬᠤ ᠲᠠᠰ ᠳᠠᠷᠠᠭᠠᠯᠠᠯ ᠪᠠ ᠶᠠᠪᠤᠴᠠ ᠶᠢ ᠳᠦᠭᠦᠮᠴᠢᠯᠡᠵᠦ᠂ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ︾ ᠠᠪᠴᠤ᠂ ᠴᠡᠭᠴᠡᠯᠡᠨ ᠰᠠᠶᠢᠵᠢᠷᠠᠭᠤᠯᠬᠤ ᠬᠦᠴᠢᠷ | ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠨ᠂ ᠲᠡᠤᠬᠡᠨ ᠦᠯᠡᠳᠡᠭᠳᠡᠯ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ | ︵ᠭᠤᠷᠪᠠ︶ ᠬᠠᠷᠢᠭᠤᠴᠠᠯᠭ᠎ᠠ ᠶᠢ ᠲᠣᠳᠣᠷᠬᠠᠶᠢᠯᠠᠬᠤ ᠵᠠᠷᠴᠢᠮ ᠢ ᠪᠠᠷᠢᠮᠲᠠᠯᠠᠨ᠎ᠠ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠨᠤᠭᠤᠳ | ᠤᠤᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ︵ᠥᠮᠴᠢᠯᠡᠯ ᠤᠨ ᠡᠷᠬᠡᠲᠦ ᠬᠥᠮᠥᠨ︶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ | ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠬᠤᠷᠢᠶᠠᠬᠤ ᠪᠤᠶᠤ ᠳᠠᠩᠰᠠᠯᠠᠭᠤᠯᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠭᠠᠷᠳᠠᠨ᠎ᠠ᠂ ᠤᠤᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠬᠠᠤᠯᠢ ᠪᠠᠷ ᠲᠣᠭᠲᠠᠭᠠᠭᠰᠠᠨ ᠭᠤᠣᠯ ᠴᠣᠭᠴᠠ ᠶᠢᠨ | ᠬᠢᠷᠢ ᠬᠡᠮ ᠢᠶᠠᠨ ᠨᠢᠭᠡᠨᠲᠡ ᠬᠦᠴᠦᠨ ᠦᠭᠡᠢ ᠪᠣᠯᠭᠠᠭᠰᠠᠨ ᠪᠠᠶᠢᠪᠠᠯ᠂ ᠲᠡᠭᠦᠨ ᠤ ᠡᠷᠬᠡ ᠡᠭᠦᠷᠭᠡ ᠶᠢ ᠳᠠᠭᠠᠭᠠᠨ ᠠᠪᠤᠭᠰᠠᠨ ᠬᠥᠮᠥᠨ ︵ᠲᠠᠬᠢᠨ ᠴᠣᠭᠴᠠᠯᠠᠨ | ᠪᠠᠶᠢᠭᠤᠯᠤᠭᠰᠠᠨ ᠤ ᠳᠠᠷᠠᠭᠠᠬᠢ ᠨᠢᠭᠡᠴᠢ᠂ ᠥᠮᠴᠢᠯᠡᠯ ᠤᠨ ᠡᠷᠬᠡᠲᠦ ᠬᠥᠮᠥᠨ ᠪᠤᠶᠤ ᠬᠡᠷᠡᠭᠯᠡᠭᠴᠢ ᠵᠡᠷᠭᠡ ᠪᠠᠭᠲᠠᠨ᠎ᠠ︶ ᠠᠴᠠ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠬᠤᠷᠢᠶᠠᠬᠤ ᠪᠤᠶᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠳᠠᠩᠰᠠᠯᠠᠭᠤᠯᠵᠤ ᠴᠡᠭᠴᠡᠯᠡᠨ ᠰᠠᠶᠢᠵᠢᠷᠠᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠮᠡᠷᠭᠡᠵᠢᠯ ᠢ | ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠪᠠᠶᠢᠴᠠᠭᠠᠨ ᠰᠢᠯᠭᠠᠬᠤ᠂ ᠭᠠᠯ ᠤᠨᠲᠠᠷᠠᠭᠠᠬᠤ ᠪᠥᠬᠦ ᠶᠠᠪᠤᠴᠠ ᠳᠤ ᠯᠠᠪᠯᠠᠯᠭ᠎ᠠ ᠬᠠᠩᠭᠠᠬᠤ ᠵᠡᠷᠭᠡ | ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠬᠠᠤᠯᠢ ᠲᠣᠭᠲᠠᠭᠠᠯ ᠶᠣᠰᠣᠭᠠᠷ ᠦᠢᠯᠡᠴᠢᠯᠡᠭᠡ ᠬᠠᠩᠭᠠᠬᠤ ᠶᠢᠨ ᠬᠠᠮᠲᠤ ᠭᠠᠷᠭᠠᠭᠰᠠᠨ ᠰᠠᠨᠠᠯ ᠪᠤᠶᠤ | ᠮᠡᠳᠡᠭᠦᠯᠦᠯᠲᠡ ᠳᠡᠭᠡᠨ ᠬᠠᠷᠢᠭᠤᠴᠠᠨ᠎ᠠ᠃ | ᠭᠤᠷᠪᠠ᠂ ᠴᠡᠭᠴᠡᠯᠡᠨ ᠵᠠᠰᠠᠬᠤ ᠬᠡᠪᠴᠢᠶ᠎ᠡ | ᠮᠠᠨ ᠤ ᠬᠤᠰᠢᠭᠤᠨ ᠤ ᠬᠡᠪᠴᠢᠶᠡᠨ ᠳᠠᠬᠢ 1998 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ 2020 ᠣᠨ ᠤ 5 ᠳ᠋ᠤᠭᠠᠷ ᠰᠠᠷ᠎ᠠ ᠶᠢᠨ 31 ᠤ | ᠡᠳᠦᠷ ᠪᠣᠯᠲᠠᠯᠠᠬᠢ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ︵ᠳᠣᠲᠣᠭᠠᠳᠤ ᠶᠢ | ᠬᠠᠮᠠᠭᠠᠯᠠᠬᠤ ᠶᠠᠮᠤᠨ ᠤ ᠵᠠᠷᠯᠢᠭ 106 ᠳ᠋ᠤᠭᠠᠷ ᠲᠣᠭᠠᠲᠤ᠂ 119 ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ᠂ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠬᠤᠷᠢᠶᠠᠬᠤ ᠪᠤᠶᠤ ᠳᠠᠩᠰᠠᠯᠠᠭᠤᠯᠬᠤ ᠴᠢᠬᠤᠯᠠᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠭᠠᠯ ᠤᠨᠲᠠᠷᠠᠭᠠᠬᠤ | ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠬᠢᠯᠭᠡᠭᠰᠡᠨ ᠦᠭᠡᠢ ᠪᠤᠶᠤ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠷ ᠳᠤᠷ᠎ᠠ ᠪᠠᠷ ᠢᠶᠠᠨ ᠠᠵᠢᠯ | ᠡᠬᠢᠯᠡᠭᠦᠯᠦᠨ ᠪᠠᠶᠢᠭᠤᠯᠤᠭᠰᠠᠨ᠂ ᠭᠠᠯ ᠤᠨᠲᠠᠷᠠᠭᠠᠬᠤ ᠰᠢᠯᠭᠠᠨ ᠬᠤᠷᠢᠶᠠᠯᠲᠠ ᠬᠢᠯᠭᠡᠭᠰᠡᠨ ᠦᠭᠡᠢ ᠪᠤᠶᠤ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠦᠭᠡᠢ ᠪᠠᠷ | ᠳᠤᠷ᠎ᠠ ᠪᠠᠷ ᠢᠶᠠᠨ ᠠᠰᠢᠭᠯᠠᠯᠲᠠ ᠳᠤ ᠣᠷᠣᠭᠤᠯᠤᠭᠰᠠᠨ᠂ ᠭᠠᠯ ᠤᠨᠲᠠᠷᠠᠭᠠᠬᠤ ᠳᠠᠩᠰᠠᠯᠠᠯᠲᠠ ᠬᠢᠭᠰᠡᠨ ᠦᠭᠡᠢ ᠪᠤᠶᠤ ᠳᠠᠩᠰᠠᠯᠠᠵᠤ ᠰᠤᠭᠤᠴᠢᠨ ᠪᠠᠶᠢᠴᠠᠭᠠᠭᠠᠳ ᠬᠢᠷᠢ | ᠲᠡᠩᠴᠡᠭᠰᠡᠨ ᠦᠭᠡᠢ ᠴᠤ ᠬᠡᠷᠡᠭᠯᠡᠬᠦ ᠪᠠᠨ ᠵᠣᠭᠰᠣᠭᠰᠠᠨ ᠦᠭᠡᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠃ ᠡᠭᠦᠨ ᠳᠤ᠄ ᠨᠢᠭᠡ ᠳᠤ ᠠᠷᠠᠳ ᠣᠯᠠᠨ ᠤ ᠣᠯᠠᠨ | ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠪᠠᠩᠬᠢ᠂ ᠲᠡᠷᠭᠡᠨ ᠥᠷᠲᠡᠭᠡ᠂ ᠴᠤᠭᠯᠠᠭ᠎ᠠ | ᠮᠠᠶᠢᠮᠠᠢ ᠶᠢᠨ ᠵᠠᠬ᠎ᠠ ᠳᠡᠯᠭᠡᠭᠦᠷ᠂ ᠰᠣᠶᠣᠯ ᠲᠠᠮᠢᠷ ᠤᠨ ᠲᠠᠯᠠᠪᠤᠷ ᠣᠷᠳᠣᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠯᠪᠠᠨ ᠦᠢᠯᠡᠴᠢᠯᠡᠭᠡᠨ ᠤ | ᠲᠠᠯᠠᠪᠤᠷ ᠭᠠᠵᠠᠷ ᠵᠡᠷᠭᠡ ᠣᠯᠠᠨ ᠨᠡᠶᠢᠲᠡ ᠶᠢᠨ ᠪᠠᠷᠢᠯᠭ᠎ᠠ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠪᠠ ᠪᠠᠷᠢᠯᠭ᠎ᠠ ᠶᠢᠨ ᠲᠠᠯᠠᠪᠠᠶ ᠨᠢ 2000 ᠲᠡᠭᠰᠢ | ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠳᠤᠮᠳᠠ ᠬᠡᠯᠪᠡᠷᠢ ᠶᠢᠨ ᠪᠠᠭᠤᠳᠠᠯ ᠵᠢᠴᠢ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ | ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠤᠨ ᠠᠷᠪᠠᠨ ᠳᠥᠷᠪᠡᠳᠦᠭᠡᠷ ᠵᠦᠢᠯ ᠤᠨ | ᠠᠭᠤᠯᠭ᠎ᠠ ᠳᠤ ᠵᠢᠭᠰᠠᠭᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠴᠥᠮ ᠲᠣᠰ ᠤᠳᠠᠭᠠᠨ ᠤ ᠲᠤᠰᠬᠠᠢ ᠠᠵᠢᠯᠯᠠᠭ᠎ᠠ ᠶᠢᠨ ᠲᠥᠰᠥᠯ ᠤᠨ ᠴᠡᠭᠴᠡᠯᠡᠨ | ᠵᠠᠰᠠᠬᠤ ᠬᠡᠪᠴᠢᠶᠡᠨ ᠳᠤ ᠣᠷᠣᠭᠤᠯᠤᠨ᠎ᠠ︔ ᠬᠤᠶᠠᠷ ᠲᠤ ᠠᠵᠤ ᠦᠢᠯᠡᠳᠪᠦᠷᠢ ᠶᠢᠨ ᠲᠥᠷᠥᠯ ᠤᠨ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠬᠡᠪ ᠤᠨ ᠳᠡᠰ | ᠳᠠᠷᠠᠭᠠᠯᠠᠯ ᠢᠶᠠᠷ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠪᠠ ᠰᠢᠯᠭᠠᠨ ᠬᠤᠷᠢᠶᠠᠯᠲᠠ ᠬᠢᠯᠭᠡᠵᠦ᠂ ᠣᠨᠴᠠᠭᠠᠶ ᠲᠥᠷᠥᠯ ᠵᠦᠢᠯ ᠢ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠳᠤ ︽ᠨᠢᠭᠡ ᠬᠡᠷᠡᠭ ᠢ ᠨᠢᠭᠡ ᠵᠥᠪᠯᠡᠬᠦ︾ ᠬᠡᠯᠪᠡᠷᠢ ᠪᠠᠷ | ᠨᠤᠲᠠᠯᠠᠭᠤᠯᠬᠤ ᠪᠠᠷ ᠳᠡᠪᠰᠢᠭᠦᠯᠦᠭᠰᠡᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ 17 ᠪᠠᠶᠢᠭᠤᠯᠭ᠎ᠠ ᠶᠢᠨ ︿ᠪᠥᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ | ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠪᠦᠲᠦᠭᠡᠨ ᠪᠠᠶᠢᠭᠤᠯᠤᠯᠲᠠ ᠪᠠᠷᠢᠯᠭ᠎ᠠ ᠶᠢᠨ ᠶᠠᠰᠤ ᠴᠢᠨᠠᠷ ﹇2021﹈ | 155 ᠳ᠋ᠤᠭᠠᠷ ᠲᠣᠭᠠᠲᠤ︶ ᠢᠶᠠᠷ ᠯᠠᠪᠯᠠᠯᠲᠠ ᠪᠣᠯᠭᠠᠵᠤ᠂ ︽ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠵᠡᠷᠭᠡ 18 ᠪᠠᠶᠢᠭᠤᠯᠭ᠎ᠠ ᠶᠢᠨ ︿ᠣᠷᠳᠣᠰ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ | ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ | ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠣᠷᠳᠣᠰ ᠪᠦᠲᠦᠭᠡᠨ ᠪᠠᠶᠢᠭᠤᠯᠤᠯᠲᠠ ᠲᠠᠷᠬᠠᠭᠠᠭᠰᠠᠨ ﹇2021﹈ 109 ᠳ᠋ᠦ᠋ᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ ᠭᠠᠯ ᠤᠨᠲᠠᠷᠠᠭᠠᠬᠤ ᠬᠢᠨᠠᠨ ᠬᠤᠷᠢᠶᠠᠬᠤ ᠭᠠᠷᠳᠠᠮ ᠢ ᠨᠥᠬᠦᠵᠦ ᠭᠦᠢᠴᠡᠳᠬᠡᠨ᠎ᠡ᠃ ᠡᠨᠡᠬᠦ ᠴᠡᠭᠴᠡᠯᠡᠨ ᠵᠠᠰᠠᠬᠤ ᠴᠠᠭ ᠤᠨ | ᠳᠣᠲᠣᠷ᠎ᠠ᠂ ᠮᠠᠨ ᠤ ᠬᠤᠰᠢᠭᠤᠨ ᠤ ᠡᠯ᠎ᠡ ᠲᠦᠷᠤᠯ ᠤᠨ ᠪᠦᠲᠦᠭᠡᠨ ᠪᠠᠶᠢᠭᠤᠯᠤᠯᠲᠠ ᠶᠢᠨ ᠲᠦᠷᠤᠯ ᠵᠦᠢᠯ ᠨᠢ ᠭᠠᠯ ᠤᠨᠲᠠᠷᠠᠭᠠᠬᠤ ᠠᠮᠤᠷ ᠲᠦᠪᠰᠢᠨ ᠤ ᠤᠲᠤ ᠶᠢᠨ | ᠬᠡᠷᠡᠭᠵᠢᠭᠦᠯᠵᠦ ᠪᠠᠶᠢᠭ᠎ᠠ ᠵᠢᠷᠤᠮᠵᠢᠯ ᠶᠣᠰᠣᠭᠠᠷ ᠭᠠᠯ ᠤᠨᠲᠠᠷᠠᠭᠠᠬᠤ ᠥᠭᠡᠷᠡᠴᠢᠯᠡᠯᠲᠡ ᠬᠢᠵᠤ᠂ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠭᠠᠯ ᠤᠨᠲᠠᠷᠠᠭᠠᠬᠤ ᠶᠢ ᠬᠢᠨᠠᠨ ᠬᠤᠷᠢᠶᠠᠬᠤ ᠵᠢᠴᠢ ᠲᠠᠩᠰᠠᠯᠠᠵᠤ ᠰᠤᠭᠤᠴᠢᠨ ᠪᠠᠶᠢᠴᠠᠭᠠᠬᠤ ᠦᠶ᠎ᠡ ᠳᠤ᠂ ᠤᠤᠯ ᠤᠨ | ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠨ ᠬᠤᠷᠢᠶᠠᠬᠤ ᠭᠠᠷᠳᠠᠮ ᠬᠠᠩᠭᠠᠬᠤ ᠶᠢ ᠱᠠᠭᠠᠷᠳᠠᠬᠤ ᠦᠭᠡᠢ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠮᠠᠨ ᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠡᠳᠦᠭᠡ ᠪᠥᠬᠦ ᠬᠤᠰᠢᠭᠤᠨ ᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯ ᠤᠨ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠣᠳᠠᠲᠠᠢ ᠪᠦᠷᠢᠯᠳᠦᠭᠦᠨ ᠨᠢ ᠳᠣᠣᠷᠠᠬᠢ | ᠮᠡᠲᠦ᠄ | ᠳᠤᠭᠤᠶᠢᠯᠠᠩ ᠤᠨ ᠳᠠᠷᠤᠭ᠎ᠠ᠄ ᠨᠠᠰᠤᠨᠳᠡᠯᠭᠡᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠶᠤᠸᠠᠢ ᠽᠦ ᠫᠧᠩ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠳᠠᠷᠤᠭ᠎ᠠ | ᠪᠦᠷᠢᠯᠳᠦᠭᠦᠨ᠄ ᠸᠠᠩ ᠵᠢᠶᠦ᠋ᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠤᠷᠤᠭᠰᠢᠯᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠱᠢ ᠶᠦᠩ ᠹᠧᠩ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠ | ᠭᠤᠸ ᠭᠤᠸᠠᠩ ᠹᠧᠩ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶᠠᠨ ᠳᠠᠷᠤᠭ᠎ᠠ | ᠹᠠᠩ ᠵᠢᠶᠠᠨ ᠶᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠ | ᠶᠠᠩ ᠭᠠᠩ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠ | ᠶᠠᠩ ᠵᠧᠨ ᠫᠢᠩ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠ | ᠵᠠᠩ ᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ | ᠰᠦᠩ ᠮᠢᠩ ᠹᠧᠩ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ | ᠯᠢ ᠵᠢᠶᠣᠣ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠳᠠᠷᠤᠭ᠎ᠠ | ᠴᠢᠶᠤᠤ ᡁᠢ ᠬᠤᠸᠠ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠ | ᠡᠷᠳᠡᠨᠢᠳᠠᠯᠠᠢ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠳᠠᠷᠤᠭ᠎ᠠ | ᠸᠠᠩ ᠶᠸᠤ ᠯᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠯᠢ ᠵᠥᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ | ᠮᠢ ᠬᠠᠢ ᠹᠸᠢ ᠬᠤᠰᠢᠭᠤᠨ ᠤ ᠡᠨᠧᠷᠭᠢ ᠶᠢᠨ ᠲᠣᠪᠴᠢᠶᠠᠨ ᠳᠠᠷᠤᠭ᠎ᠠ | ᠪᠢᠶᠡᠨ ᠵᠢᠶᠡᠨ ᠵᠢᠶᠦ᠋ᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶᠠᠨ ᠳᠠᠷᠤᠭ᠎ᠠ | ᠸᠠᠨ ᠫᠧᠩ ᠳ᠋ᠦᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ | ᠳ᠋ᠢᠩ ᠳ᠋ᠦᠩ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ | ᠲᠤᠰᠬᠠᠢ ᠠᠵᠢᠯ ᠤᠨ ᠳᠤᠭᠤᠶᠢᠯᠠᠩ ᠤᠨ ᠳᠤᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠲᠣᠬᠢᠷᠠᠭᠤᠯᠤᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠶᠤᠸᠠᠢ ᠽᠤ᠋ ᠫᠧᠩ ᠬᠠᠪᠰᠤᠷᠭᠠᠨ ᠬᠠᠷᠢᠭᠤᠴᠠᠵᠤ᠂ ᠪᠥᠬᠦ ᠬᠤᠰᠢᠭᠤᠨ ᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠵᠦ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠲᠤᠰᠬᠠᠢ ᠠᠵᠢᠯ ᠤᠨ | ᠳᠤᠭᠤᠶᠢᠯᠠᠩ ᠤᠨ ᠠᠵᠢᠯᠲᠠᠨ ᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠠᠴᠠ ᠰᠣᠩᠭᠤᠨ ᠲᠣᠬᠢᠷᠠᠭᠤᠯᠤᠨ᠎ᠠ᠃ | ᠲᠤᠰᠬᠠᠢ ᠠᠵᠢᠯ ᠤᠨ ᠳᠤᠭᠤᠶᠢᠯᠠᠩ ᠤᠨ ᠪᠦᠷᠢᠯᠳᠦᠭᠦᠨ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠠᠵᠢᠯ ᠲᠥᠷᠥᠯ᠂ ᠲᠣᠰ | ᠰᠢᠰᠲ᠋ᠧᠮ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠱᠠᠭᠠᠷᠳᠠᠵᠤ ᠪᠠᠶᠢᠭᠠᠳ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ | ᠲᠦᠷᠭᠡᠳᠬᠡᠨ᠂ ᠠᠰᠠᠭᠤᠳᠠᠯ ᠤᠨ ᠨᠠᠷᠢᠨ ᠳᠠᠩᠰᠠ ᠶᠢ ᠲᠥᠷᠥᠯ ᠬᠤᠪᠢᠶᠠᠨ ᠡᠮᠬᠢᠯᠡᠨ ᠳᠢᠭᠯᠡᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠤᠨ᠂ | ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠨ ᠨᠡᠶᠢᠲᠡᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ 2024 ᠣᠨ ᠤ ᠪᠦᠭᠦ | ᠵᠢᠯ ᠳᠤ ᠲᠥᠪᠯᠡᠷᠡᠭᠦᠯᠦᠨ ᠰᠢᠪᠲᠤᠯᠤᠯᠲᠠ ᠬᠢᠵᠦ᠂ ᠪᠦᠭᠦ ᠲᠠᠯ᠎ᠠ ᠪᠠᠷ ᠠᠬᠢᠭᠤᠯᠤᠨ᠂ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ | ᠲᠤᠷᠰᠢᠯᠭ᠎ᠠ ᠪᠠᠨ ᠳ᠋ᠦᠩᠨᠡᠨ᠂ 2025 ᠣᠨ ᠤ ᠵᠢᠯ ᠤᠨ ᠡᠴᠦᠰ ᠪᠣᠯᠬᠤ ᠳᠤ ᠮᠠᠨ ᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠲᠠᠯ᠎ᠠ ᠪᠠᠷ ᠬᠢ ᠲᠡᠦᠬᠡᠨ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ | ᠦᠨᠳᠦᠰᠦᠨ ᠳᠡᠭᠡᠨ ᠰᠢᠢᠳᠪᠦᠷᠢᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠳᠠᠯᠳᠡ ᠬᠡᠮ ᠢ ᠦᠨᠡᠨᠬᠦ ᠠᠷᠢᠯᠭᠠᠨ᠂ ᠮᠠᠨ ᠤ ᠬᠤᠰᠢᠭᠤᠨ ᠤ ᠪᠠᠷᠢᠯᠭ᠎ᠠ ᠶᠢᠨ ᠭᠠᠯ | ᠤᠨᠲᠠᠷᠠᠭᠠᠬᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠢᠰᠢᠳᠠ᠂ ᠬᠤᠰᠢᠭᠤᠨ ᠤ ᠤᠳᠤᠷᠢᠳᠤᠯᠭ᠎ᠠ ᠠᠴᠠ ᠭᠠᠳᠠᠨ᠎ᠠ ᠲᠤᠰᠬᠠᠢ ᠠᠵᠢᠯ ᠤᠨ ᠳᠤᠭᠤᠶᠢᠯᠠᠩ ᠤᠨ ᠪᠤᠰᠤᠳ ᠠᠵᠢᠯᠲᠠᠨ ᠳᠤ ᠬᠤᠪᠢᠷᠠᠯᠲᠠ ᠲᠠᠢ ᠪᠣᠯᠪᠠᠯ᠂ | ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠣᠷᠣᠯᠠᠨ ᠬᠠᠷᠢᠭᠤᠴᠠᠵᠤ ᠪᠠᠶᠢᠭ᠎ᠠ ᠠᠵᠢᠯᠲᠠᠨ ᠥᠪᠡᠷ ᠢᠶᠠᠨ ᠵᠣᠬᠢᠬᠤ ᠠᠵᠢᠯ ᠢ ᠣᠷᠣᠯᠠᠨ ᠬᠢᠬᠦ ᠶᠢᠨ ᠬᠠᠮᠲᠤ ᠲᠤᠰᠬᠠᠢ | ᠠᠵᠢᠯ ᠤᠨ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠤᠨ᠎ᠠ᠃ ᠡᠨᠡ ᠠᠵᠢᠯ ᠢ ᠪᠡᠶᠡᠯᠡᠭᠦᠯᠦᠭᠰᠡᠨ ᠤ ᠲᠠᠷᠠᠭ᠎ᠠ᠂ ᠠᠵᠢᠯ ᠤᠨ ᠳᠤᠭᠤᠶᠢᠯᠠᠩ | ᠥᠪᠡᠷ ᠢᠶᠠᠨ ᠬᠦᠴᠦᠨ ᠦᠭᠡᠢ ᠪᠣᠯᠣᠨ᠎ᠠ᠂ ᠠᠰᠲᠠᠭᠠᠨ ᠪᠢᠴᠢᠭ ᠮᠠᠲ᠋ᠧᠷᠢᠶᠠᠯ ᠲᠠᠷᠬᠠᠭᠠᠵᠤ ᠮᠡᠳᠡᠭᠳᠡᠬᠦ ᠦᠭᠡᠢ᠃ | ᠲᠠᠪᠤ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠰᠢᠨ᠎ᠡ ᠪᠠᠷ ᠨᠡᠶᠢᠲᠡᠯᠡᠭᠰᠡᠨ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ | ᠬᠡᠷᠡᠭᠵᠢᠭᠦᠯᠬᠦ ᠠᠴᠠ ᠡᠮᠦᠨ᠎ᠡ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠨᠢᠭᠡᠨᠲᠡ ᠬᠠᠤᠯᠢ ᠶᠣᠰᠣᠭᠠᠷ ᠬᠢᠨᠠᠨ | ᠪᠠᠶᠢᠴᠠᠭᠠᠯᠭᠠᠭᠠᠳ ᠬᠢᠷᠢ ᠲᠡᠩᠴᠡᠭᠰᠡᠨ ᠪᠠᠶᠢᠪᠠᠯ᠂ ᠤᠤᠯ ᠤᠨ ᠬᠢᠨᠠᠨ ᠪᠠᠶᠢᠴᠠᠭᠠᠭᠰᠠᠨ ᠰᠠᠨᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ︵ᠬᠤᠶᠠᠷ︶ ︽ᠬᠤᠲᠠ ᠪᠠᠯᠭᠠᠰᠤ ᠶᠢᠨ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠳᠠᠩᠰᠠᠯᠠᠯᠲᠠ | ᠵᠡᠷᠭᠡ ᠲᠡᠤᠬᠡᠨ ᠦᠯᠡᠳᠡᠭᠳᠡᠯ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 95 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ 2015 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠠᠵᠢᠯ ᠡᠬᠢᠯᠡᠭᠦᠯᠦᠭᠰᠡᠨ ᠬᠤᠲᠠ ᠪᠠᠯᠭᠠᠰᠤ ᠶᠢᠨ | ᠲᠥᠯᠦᠪᠵᠢᠭᠦᠯᠭᠡ ᠶᠢᠨ ᠣᠷᠣᠨ ᠳᠣᠲᠣᠷᠠᠬᠢ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠣᠷᠣᠨ ᠰᠠᠭᠤᠴᠠ ︵ᠬᠤᠳᠠᠯᠳᠤᠭ᠎ᠠ ᠪᠠ ᠣᠷᠣᠨ ᠰᠠᠭᠤᠴᠠ ᠶᠢ | ᠨᠢᠭᠡ ᠴᠣᠭᠴᠠᠵᠢᠭᠤᠯᠤᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠷᠣᠨ ᠰᠠᠭᠤᠴᠠ ᠪᠠᠭᠲᠠᠨ᠎ᠠ︶ ᠶᠢᠨ ᠲᠥᠷᠥᠯ ᠵᠦᠢᠯ ᠪᠠ ᠭᠡᠷ ᠬᠤᠳᠠᠯᠳᠤᠨ ᠠᠪᠤᠭᠴᠢ | ᠨᠡᠯᠢᠶᠡᠳ ᠣᠯᠠᠨ ᠪᠥᠭᠡᠳ ᠣᠷᠣᠰᠢᠨ ᠰᠠᠭᠤᠬᠤ ᠳᠤ ᠬᠡᠷᠡᠭᠯᠡᠬᠦ ᠨᠡᠶᠢᠲᠡ ᠶᠢᠨ ᠪᠠᠶᠢᠷᠢ ᠵᠡᠷᠭᠡ ᠲᠥᠷᠥᠯ ᠵᠦᠢᠯ ᠳᠤ᠂ ᠲᠥᠷᠥᠯ ᠵᠦᠢᠯ ᠤᠨ ᠠᠵᠢᠯ ᠡᠬᠢᠯᠡᠭᠦᠯᠬᠦ | ᠦᠶ᠎ᠡ ᠶᠢᠨ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ︵ᠭᠤᠷᠪᠠ︶ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠲᠠᠢ ᠪᠣᠯᠪᠠᠴᠤ ᠬᠢᠨᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠦᠭᠡᠢ ᠪᠠᠶᠢᠪᠠᠯ᠂ | ᠵᠠᠷᠴᠢᠮ ᠳᠡᠭᠡᠷ᠎ᠡ ᠪᠠᠨ ᠤᠳᠤ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠶᠢ ᠬᠡᠷᠡᠭᠵᠢᠭᠦᠯᠦᠨ᠎ᠡ᠃ ᠭᠠᠯ ᠤᠨᠲᠠᠷᠠᠭᠠᠬᠤ ᠵᠢᠷᠤᠭ ᠲᠥᠯᠥᠪᠯᠡᠭᠡ ᠬᠢᠭᠰᠡᠨ ᠦᠭᠡᠢ ᠪᠤᠶᠤ ᠭᠤᠣᠯ ᠪᠣᠯᠬᠤ ᠪᠢᠴᠢᠭ ᠮᠠᠲ᠋ᠧᠷᠢᠶᠠᠯ ᠨᠢ ᠪᠦᠷᠢᠨ ᠭᠦᠢᠴᠡᠳ | ᠦᠭᠡᠢ ᠪᠣᠯ ᠬᠠᠷᠢᠭᠤᠴᠠᠯᠭ᠎ᠠ ᠶᠢᠨ ᠭᠤᠣᠯ ᠴᠣᠭᠴᠠ ᠠᠴᠠ ᠤᠤᠯ ᠤᠨ ᠵᠢᠷᠤᠭᠯᠠᠨ ᠲᠥᠯᠥᠪᠯᠡᠭᠰᠡᠨ ᠨᠢᠭᠡᠴᠢ ᠪᠤᠶᠤ ᠬᠠᠷᠠᠭᠠᠯᠵᠠᠭᠰᠠᠨ ᠬᠢᠷᠢ ᠬᠡᠮ ᠲᠠᠢ ᠵᠢᠷᠤᠭᠯᠠᠨ | ᠲᠥᠯᠥᠪᠯᠡᠭᠰᠡᠨ ᠨᠢᠭᠡᠴᠢ ᠳᠤ ᠨᠠᠶᠢᠳᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ | ᠮᠡᠷᠭᠡᠵᠢᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠮᠠᠲ᠋ᠧᠷᠢᠶᠠᠯ ᠢ ᠲᠠᠬᠢᠨ ᠨᠥᠬᠦᠪᠦᠷᠢᠯᠡᠵᠦ᠂ ᠲᠠᠬᠢᠨ ᠬᠢᠨᠠᠨ ᠪᠠᠶᠢᠴᠠᠭᠠᠬᠤ᠂ | ᠰᠢᠯᠭᠠᠨ ᠬᠤᠷᠢᠶᠠᠬᠤ ᠪᠤᠶᠤ ᠳᠠᠩᠰᠠᠯᠠᠭᠤᠯᠤᠨ᠎ᠠ᠃ | ︵ᠳᠥᠷᠪᠡ︶ ᠲᠤᠰ ᠵᠦᠢᠯ ᠤᠨ ︵ᠭᠤᠷᠪᠠ︶ ᠳ᠋ᠤᠭᠠᠷ ᠵᠣᠷᠪᠤᠰ ᠲᠤ ᠳᠤᠷᠠᠳᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠨᠢ ᠣᠳᠣ ᠶᠢᠨ | ᠬᠡᠷᠡᠭᠵᠢᠭᠦᠯᠵᠦ ᠪᠠᠶᠢᠭ᠎ᠠ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠦᠨᠡᠬᠡᠷ | ᠨᠡᠶᠢᠴᠡᠵᠦ ᠳᠡᠶᠢᠯᠬᠦ ᠦᠭᠡᠢ ᠪᠣᠯ᠂ ᠬᠠᠷᠢᠭᠤᠴᠠᠯᠭ᠎ᠠ ᠶᠢᠨ ᠭᠤᠣᠯ ᠴᠣᠭᠴᠠ ᠠᠴᠠ ᠤᠤᠯ ᠤᠨ ᠵᠢᠷᠤᠭᠯᠠᠨ ᠲᠥᠯᠥᠪᠯᠡᠭᠰᠡᠨ ᠨᠢᠭᠡᠴᠢ ᠳᠤ ᠨᠠᠶᠢᠳᠠᠵᠤ ᠮᠡᠷᠭᠡᠵᠢᠯ ᠤᠨ | ᠲᠣᠳᠣᠷᠬᠠᠶᠢᠯᠠᠯᠲᠠ ᠬᠢᠯᠭᠡᠬᠦ ᠶᠢᠨ ᠬᠠᠮᠲᠤ ᠰᠠᠨᠠᠯ ᠳᠤᠷᠠᠳᠤᠭᠤᠯᠵᠤ ︵ᠤᠤᠯ ᠤᠨ ᠵᠢᠷᠤᠭᠯᠠᠨ ᠲᠥᠯᠥᠪᠯᠡᠭᠰᠡᠨ ᠨᠢᠭᠡᠴᠢ ᠨᠢ ᠨᠢᠭᠡᠨᠲᠡ ᠬᠦᠴᠦᠨ ᠦᠭᠡᠢ ᠪᠣᠯᠣᠭᠰᠠᠨ ᠪᠣᠯ | ᠬᠠᠷᠠᠭᠠᠯᠵᠠᠭᠰᠠᠨ ᠬᠢᠷᠢ ᠬᠡᠮ ᠲᠠᠢ ᠵᠢᠷᠤᠭᠯᠠᠨ ᠲᠥᠰᠥᠪᠯᠡᠬᠦ ᠨᠢᠭᠡᠴᠢ ᠳᠤ ᠨᠠᠶᠢᠳᠠᠵᠤ ᠪᠣᠯᠣᠨ᠎ᠠ︶᠂ ᠲᠤᠬᠠᠢ ᠶᠢᠨ ᠦᠶ᠎ᠡ ︵ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠦᠶ᠎ᠡ︶ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ | ᠵᠢᠷᠤᠭ ᠲᠥᠯᠥᠪᠯᠡᠭᠡ ᠪᠠᠨ ᠡᠮᠬᠢᠯᠡᠨ ᠲᠡᠭᠦᠯᠳᠡᠷᠵᠢᠭᠦᠯᠵᠦ᠂ ᠲᠠᠬᠢᠨ ᠬᠢᠨᠠᠨ ᠪᠠᠶᠢᠴᠠᠭᠠᠬᠤ᠂ ᠰᠢᠯᠭᠠᠨ ᠬᠤᠷᠢᠶᠠᠬᠤ ᠪᠤᠶᠤ ᠳᠠᠩᠰᠠᠯᠠᠭᠤᠯᠤᠨ᠎ᠠ᠃ | ︵ᠲᠠᠪᠤ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠤᠭᠠᠳ ᠭᠠᠯ ᠤᠨᠲᠠᠷᠠᠭᠠᠬᠤ | ᠬᠢᠨᠠᠨ ᠰᠢᠯᠭᠠᠬᠤ ᠪᠠᠷᠢᠮᠵᠢᠶ᠎ᠠ ᠳᠤ ᠬᠦᠷᠦᠭᠰᠡᠨ ᠦᠭᠡᠢ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠨᠢ ᠬᠦᠴᠦᠨ ᠦᠭᠡᠢ ᠪᠣᠯᠣᠭᠰᠠᠨ ᠪᠤᠶᠤ ᠡᠮᠦᠨᠡᠬᠢ | ᠬᠤᠭᠤᠴᠠᠭᠠᠨ ᠤ ᠭᠠᠯ ᠤᠨᠲᠠᠷᠠᠭᠠᠬᠤ ᠪᠠᠷᠢᠯᠭ᠎ᠠ ᠶᠢᠨ ᠮᠠᠲ᠋ᠧᠷᠢᠶᠠᠯ ᠨᠢ ᠦᠭᠡᠢ ᠪᠣᠯᠣᠭᠰᠠᠨ ᠮᠥᠷᠲᠡᠭᠡᠨ ᠨᠥᠬᠦᠪᠦᠷᠢᠯᠡᠨ ᠵᠠᠯᠠᠷᠠᠭᠤᠯᠬᠤ ᠶᠢᠨ ᠠᠷᠭ᠎ᠠ ᠦᠭᠡᠢ ᠲᠥᠷᠥᠯ | ᠵᠦᠢᠯ ᠢ ᠬᠠᠷᠢᠭᠤᠴᠠᠯᠭ᠎ᠠ ᠶᠢᠨ ᠭᠤᠣᠯ ᠴᠣᠭᠴᠠ ᠠᠴᠠ ᠬᠠᠮᠢᠶ᠎ᠠ ᠪᠦᠬᠦᠢ ᠬᠢᠷᠢ ᠬᠡᠮ ᠲᠠᠢ ᠠᠮᠤᠷ ᠲᠦᠪᠰᠢᠨ ᠢ ᠦᠨᠡᠯᠡᠨ ᠵᠢᠱᠢᠬᠦ ᠪᠠᠶᠢᠭᠤᠯᠭ᠎ᠠ ᠳᠤ ᠨᠠᠶᠢᠳᠠᠵᠤ | ᠪᠠᠷᠢᠯᠭ᠎ᠠ ᠶᠢᠨ ᠲᠥᠷᠥᠯ ᠵᠦᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠴᠢᠨᠠᠷ ᠲᠤ ᠮᠡᠷᠭᠡᠵᠢᠯ ᠤᠨ ᠦᠨᠡᠯᠡᠨ ᠵᠢᠱᠢᠯᠲᠡ ᠨᠤᠲᠠᠯᠠᠯᠲᠠ ᠬᠢᠯᠭᠡᠵᠦ᠂ ᠭᠠᠯ | ᠤᠨᠲᠠᠷᠠᠭᠠᠬᠤ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠬᠡᠷᠡᠭᠯᠡᠬᠦ ᠪᠠ ᠬᠠᠮᠢᠶᠠᠷᠤᠯᠲᠠ ᠪᠠᠨ ᠴᠢᠩᠭᠠᠳᠬᠠᠬᠤ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶ᠎ᠡ | ᠳᠤᠷᠠᠳᠬᠤ ᠶᠢᠨ ᠬᠠᠮᠲᠤ᠂ ︽ᠲᠥᠷᠥᠯ ᠵᠦᠢᠯ ᠤᠨ ᠭᠠᠯ ᠤᠨᠲᠠᠷᠠᠭᠠᠬᠤ ᠪᠣᠯᠣᠮᠵᠢᠲᠤ ᠴᠢᠨᠠᠷ ᠤᠨ ᠮᠡᠳᠡᠭᠦᠯᠦᠯᠲᠡ︾ ᠬᠢᠭᠡᠳ ᠡᠳᠦᠷ ᠲᠤᠳᠤᠮ ᠤᠨ ᠭᠠᠯ ᠤᠨᠲᠠᠷᠠᠭᠠᠬᠤ | ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠬᠤ ᠰᠠᠨᠠᠯ ᠭᠠᠷᠭᠠᠨ᠎ᠠ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠨᠢ ᠰᠠᠷ᠎ᠠ ᠪᠣᠯᠭᠠᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠲᠣᠰ ᠠᠵᠢᠯ ᠲᠥᠷᠥᠯ ᠤᠨ ᠲᠥᠷᠥᠯ ᠵᠦᠢᠯ ᠤᠨ ᠨᠠᠷᠢᠨ ᠳᠠᠩᠰᠠ ᠶᠢ ᠳᠡᠭᠡᠭᠰᠢ ᠮᠡᠳᠡᠭᠦᠯᠵᠦ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠨᠢ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠬᠢᠨᠠᠵᠤ ᠲᠣᠭᠲᠠᠭᠠᠨ᠂ ᠪᠤᠰᠤᠳ ᠴᠢᠩᠭᠠᠳᠬᠠᠬᠤ ᠠᠷᠭ᠎ᠠ ᠬᠡᠮᠵᠢᠶ᠎ᠡ | ᠠᠪᠬᠤ ᠪᠠᠷ ᠳᠡᠮᠵᠢᠨ ᠭᠠᠯ ᠤᠨᠲᠠᠷᠠᠭᠠᠬᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠤ ᠳᠠᠷᠠᠭ᠎ᠠ᠂ ᠬᠠᠮᠤᠭ ᠤᠨ ᠡᠴᠦᠰ ᠲᠤ ᠬᠡᠷᠡᠭᠯᠡᠵᠦ ᠪᠣᠯᠬᠤ ᠦᠨᠡᠯᠡᠨ | ᠵᠢᠱᠢᠭᠰᠡᠨ ᠪᠢᠴᠢᠭ ᠢ ᠭᠠᠷᠭᠠᠨ ᠥᠭᠴᠦ ᠲᠡᠤᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ᠎ᠡ᠃ ᠡᠭᠦᠨ ᠤ ᠬᠠᠮᠲᠤ᠂ ᠭᠠᠯ ᠤᠨᠲᠠᠷᠠᠭᠠᠬᠤ ᠠᠮᠤᠷ ᠲᠦᠪᠰᠢᠨ ᠢ | ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠭᠤᠣᠯ | ᠴᠣᠭᠴᠠ ᠶᠢ ᠵᠢᠯᠣᠭᠤᠳᠤᠨ ᠬᠥᠮᠥᠨ ᠤ ᠬᠦᠴᠦ ᠪᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠡᠳᠦᠷ ᠲᠤᠲᠤᠮ ᠤᠨ ᠭᠠᠯ ᠤᠨᠲᠠᠷᠠᠭᠠᠬᠤ | ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠨ᠎ᠠ᠃ | ︵ᠵᠢᠷᠭᠤᠭ᠎ᠠ︶ ᠭᠠᠯ ᠤᠨᠲᠠᠷᠠᠭᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠤᠷᠢᠳᠠᠴᠢ ᠴᠢᠬᠤᠯᠠ ᠨᠥᠬᠦᠴᠡᠯ ︽ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠳᠤᠲᠠᠭᠳᠠᠵᠤ ᠪᠠᠶᠢᠭ᠎ᠠ ᠲᠡᠤᠬᠡᠨ ᠦᠯᠡᠳᠡᠭᠳᠡᠯ ᠲᠥᠷᠥᠯ ᠵᠦᠢᠯ ᠳᠤ ᠴᠢᠭᠯᠡᠭᠦᠯᠦᠨ᠂ | ᠪᠠᠶᠢᠭᠠᠯᠢ ᠶᠢᠨ ᠡᠬᠢ ᠪᠠᠶᠠᠯᠢᠭ ᠤᠨ ᠪᠠᠶᠢᠭᠤᠯᠭ᠎ᠠ ᠬᠤᠲᠠ ︵ᠪᠠᠯᠭᠠᠰᠤ︶ ᠶᠢᠨ ᠲᠥᠯᠦᠪᠵᠢᠭᠦᠯᠭᠡ ᠶᠢᠨ ᠣᠷᠣᠨ ᠤ ᠤᠯᠤᠰ ᠤᠨ ᠥᠮᠴᠢᠯᠡᠯᠲᠦ ᠭᠠᠵᠠᠷ ᠰᠢᠷᠣᠢ | ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠳᠠᠩᠰᠠᠯᠠᠯᠲᠠ ᠶᠢ ᠲᠥᠪᠯᠡᠷᠡᠭᠦᠯᠦᠨ ᠵᠠᠰᠠᠬᠤ ᠶᠢ ᠠᠬᠢᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠣᠷᠳᠣᠰ ᠵᠠᠰᠠᠭ ᠲᠠᠷᠬᠠᠭᠠᠭᠰᠠᠨ ﹇2016﹈ 162 ᠳ᠋ᠤᠭᠠᠷ ᠲᠣᠭᠠᠲᠤ︶᠂ ︽ᠬᠤᠲᠠ ᠪᠠᠯᠭᠠᠰᠤ ᠶᠢᠨ | ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠳᠠᠩᠰᠠᠯᠠᠯᠲᠠ ᠵᠡᠷᠭᠡ ᠲᠡᠤᠬᠡᠨ ᠦᠯᠡᠳᠡᠭᠳᠡᠯ ᠠᠰᠠᠭᠤᠳᠠᠯ ᠤᠨ | ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠬᠦ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ | ᠲᠠᠷᠬᠠᠭᠠᠭᠰᠠᠨ ﹇2019﹈ 100 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠶᠣᠰᠣᠭᠠᠷ᠂ ᠲᠡᠭᠦᠨ ᠳᠤ ᠲᠥᠯᠦᠪᠵᠢᠭᠦᠯᠭᠡ ᠶᠢᠨ ᠭᠠᠷᠳᠠᠮ ᠬᠢᠵᠦ ᠥᠭᠭᠦᠨ᠎ᠡ᠃ | ︵ᠲᠤᠯᠤᠭ᠎ᠠ︶ ᠲᠡᠤᠬᠡᠨ ᠦᠯᠡᠳᠡᠭᠳᠡᠯ ᠲᠥᠷᠥᠯ ᠵᠦᠢᠯ ᠳᠤ ᠴᠢᠭᠯᠡᠭᠦᠯᠦᠨ᠂ ᠵᠠᠷᠢᠮ ᠭᠡᠰᠡᠭ ᠢ ᠨᠢ ᠦᠨᠡᠬᠡᠷ ᠠᠰᠢᠭᠯᠠᠯᠲᠠ ᠳᠤ ᠣᠷᠣᠭᠤᠯᠬᠤ ᠴᠢᠬᠤᠯᠠᠲᠠᠢ | ᠪᠠᠶᠢᠪᠠᠯ᠂ ᠬᠠᠷᠢᠭᠤᠴᠠᠯᠭ᠎ᠠ ᠶᠢᠨ ᠭᠤᠤᠯ ᠴᠣᠭᠴᠠ ᠠᠴᠠ ᠭᠤᠶᠤᠴᠢᠯᠠᠯ ᠭᠠᠷᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠠᠷᠢᠮ ᠭᠡᠰᠡᠭ ᠲᠤ ᠭᠠᠯ | ᠤᠨᠲᠠᠷᠠᠭᠠᠬᠤ ᠰᠢᠯᠭᠠᠨ ᠬᠤᠷᠢᠶᠠᠯᠲᠠ ᠬᠢᠯᠭᠡᠵᠦ ᠪᠣᠯᠬᠤ ᠪᠦᠭᠡᠳ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠦᠯᠦᠨ᠎ᠡ᠄ ᠨᠢᠭᠡ ᠳᠤ ᠬᠡᠷᠡᠭᠯᠡᠭᠡᠨ ᠤ ᠪᠤᠰᠤ ᠣᠷᠣᠨ | ᠲᠣᠭᠤᠷᠢᠭ ᠲᠤ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠭᠠᠯ ᠰᠡᠷᠭᠡᠶᠢᠯᠡᠬᠦ ᠪᠠ ᠤᠲᠤᠭ᠎ᠠ ᠰᠡᠷᠭᠡᠶᠢᠯᠡᠬᠦ ᠶᠢ ᠰᠠᠯᠭᠠᠭᠰᠠᠨ | ᠪᠠᠶᠢᠬᠤ᠃ ᠬᠤᠶᠠᠷ ᠲᠤ ᠠᠰᠢᠭᠯᠠᠯᠲᠠ ᠳᠤ ᠣᠷᠣᠭᠤᠯᠤᠭᠰᠠᠨ ᠬᠡᠰᠡᠭ ᠤᠨ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠠᠰᠠᠷ ᠤᠨ ᠱᠠᠲᠤ ᠨᠢ ᠭᠠᠯ | ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ ᠭᠤᠷᠪᠠ ᠳᠤ ᠭᠠᠯ ᠤᠨᠲᠠᠷᠠᠭᠠᠬᠤ ᠤᠰᠤᠨ ᠰᠤᠷᠪᠤᠯᠵᠢ᠂ ᠭᠠᠯ | ᠤᠨᠲᠠᠷᠠᠭᠠᠬᠤ ᠴᠠᠬᠢᠯᠭᠠᠨ ᠡᠭᠦᠰᠬᠡᠭᠴᠢ ᠨᠢ ᠴᠥᠮ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠ ᠭᠠᠯ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ ᠳᠥᠷᠪᠡ ᠳᠤ ᠠᠰᠢᠭᠯᠠᠯᠲᠠ ᠳᠤ ᠣᠷᠣᠭᠤᠯᠤᠭᠰᠠᠨ ᠬᠡᠰᠡᠭ ᠤᠨ ᠡᠯ᠎ᠡ ᠵᠦᠢᠯ ᠤᠨ ᠭᠠᠯ ᠤᠨᠲᠠᠷᠠᠭᠠᠬᠤ | ᠲᠥᠬᠦᠭᠡᠷᠦᠮᠵᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠮᠡᠳᠡᠭᠦᠯᠦᠯᠲᠡ ᠶᠢ ᠣᠯᠬᠤ ᠶᠢᠨ ᠬᠠᠮᠲᠤ ᠲᠡᠭᠦᠨ ᠤ ᠪᠡᠶ᠎ᠡ ᠪᠠᠨ ᠳᠠᠭᠠᠭᠠᠵᠤ | ᠠᠵᠢᠯᠯᠠᠬᠤ ᠶᠢ ᠪᠠᠲᠤᠯᠠᠭᠰᠠᠨ ᠪᠠᠶᠢᠬᠤ᠃ ᠲᠠᠪᠤ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠷᠢᠰᠢᠯ ᠢ ᠵᠣᠬᠢᠰᠲᠠᠢ ᠪᠠᠶᠢᠷᠢᠯᠠᠭᠤᠯᠵᠤ᠂ ᠭᠠᠯ ᠤᠨᠲᠠᠷᠠᠭᠠᠬᠤ | ᠲᠡᠷᠭᠡᠨ ᠤ ᠨᠡᠪᠲᠡᠷᠡᠬᠦ ᠵᠠᠮ ᠢ ᠬᠡᠪ ᠢᠶᠠᠷ ᠬᠡᠷᠡᠭᠯᠡᠵᠦ ᠪᠠᠶᠢᠬᠤ᠃ | ︵ᠨᠠᠢᠮᠠ︶ ᠪᠦᠲᠦᠭᠡᠨ ᠪᠠᠶᠢᠭᠤᠯᠬᠤ ᠲᠠᠯ᠎ᠠ ᠪᠤᠶᠤ ᠬᠡᠷᠡᠭᠯᠡᠬᠦ ᠲᠠᠯ᠎ᠠ ᠨᠢ ᠬᠠᠷᠢᠭᠤᠴᠠᠯᠭ᠎ᠠ ᠪᠠᠨ ᠵᠣᠷᠢᠭᠤᠳᠠ ᠭᠦᠢᠴᠡᠳᠬᠡᠭᠰᠡᠨ ᠦᠭᠡᠢ ᠪᠠ ᠭᠤᠷᠪᠠᠳᠠᠭᠢ | ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠣᠷᠢᠭᠤᠳᠠ ᠪᠠᠭᠤᠷᠠᠭᠤᠯᠤᠭᠰᠠᠨ ᠪᠠᠶᠢᠪᠠᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢᠨ ᠬᠠᠮᠤᠭ ᠤᠨ ᠳᠡᠭᠡᠳᠦ ᠲᠠᠰᠤᠯᠤᠯᠲᠠ ᠶᠢᠨ ᠡᠷᠬᠡ ᠶᠢᠨ ᠶᠣᠰᠣᠭᠠᠷ | ᠰᠢᠢᠳᠬᠡᠨ ᠲᠣᠷᠭᠠᠨ᠎ᠠ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠦᠯᠡᠳᠡᠭᠳᠡᠯ ᠲᠥᠷᠥᠯ ᠵᠦᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ ᠠᠵᠢᠯ ᠤᠨ ᠳᠠᠷᠤᠭᠠᠰᠤ ᠶᠡᠭᠡ᠂ | ᠠᠰᠠᠭᠤᠳᠠᠯ ᠨᠢ ᠪᠤᠳᠤᠯᠢᠶᠠᠨᠲᠠᠢ ᠪᠠᠶᠢᠳᠠᠭ ᠠᠴᠠ ᠡᠯ᠎ᠡ ᠨᠢᠭᠡᠴᠢ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠪᠠᠶᠢᠳᠠᠯ ᠢ ᠠᠬᠢᠭᠤᠯᠬᠤ ᠶᠡᠭᠡ ᠲᠠᠯ᠎ᠠ ᠠᠴᠠ ᠡᠭᠦᠰᠦᠨ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠭᠤᠴᠠᠯᠭ᠎ᠠ ᠪᠠᠨ ᠢᠳᠡᠪᠬᠢᠲᠡᠢ ᠡᠭᠦᠷᠭᠡᠯᠡᠨ᠂ | ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠠᠵᠢᠯ ᠲᠥᠷᠥᠯ ᠤᠨ ᠪᠦᠷᠢᠯᠳᠦᠭᠦᠨ ᠨᠢᠭᠡᠴᠢ ᠨᠦᠭᠦᠳ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠤᠨ | ᠲᠤᠭ᠎ᠠ ᠬᠡᠮᠵᠢᠶ᠎ᠡ᠂ ᠠᠵᠢᠯᠲᠠᠨ ᠤ ᠬᠦᠴᠦᠨ ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠨᠠᠷᠢᠯᠢᠭᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠤᠨ ᠭᠠᠷᠳᠠᠮ ᠢ | ᠲᠦᠷᠭᠡᠨ ᠭᠦᠢᠴᠡᠳᠬᠡᠨ᠎ᠡ᠃ | ︵ᠭᠤᠷᠪᠠ︶ ᠪᠠᠶᠢᠭᠤᠯᠭ᠎ᠠ ᠨᠤᠭᠤᠳ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠵᠡᠷᠭᠡ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠲᠣᠰ ᠠᠵᠢᠯ | ᠲᠥᠷᠥᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠬᠤ ᠲᠡᠦᠬᠡᠨ | ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠨᠠᠨ ᠵᠢᠯᠣᠭᠤᠳᠤᠨ᠎ᠠ᠃ ︵ᠬᠤᠰᠢᠭᠤᠨ ᠤ ᠡᠳ᠋ ᠤᠨ ᠵᠠᠰᠠᠭ ᠤᠨ | ᠪᠠᠶᠢᠭᠤᠯᠭ᠎ᠠ ᠴᠡᠭᠴᠡᠯᠡᠨ ᠵᠠᠰᠠᠬᠤ ᠠᠵᠢᠯ ᠤᠨ ᠴᠢᠬᠤᠯᠠ ᠪᠦᠬᠦᠢ ᠵᠠᠷᠤᠳᠠᠯ ᠳᠤ ᠳᠡᠮᠵᠢᠯᠭᠡ ᠦᠵᠡᠭᠦᠯᠬᠦ ᠶᠢ ᠬᠠᠷᠢᠭᠤᠴᠠᠨ᠎ᠠ︶ | ︵ᠳᠥᠷᠪᠡ︶ ᠬᠠᠤᠯᠢ ᠶᠢ ᠬᠡᠷᠡᠭᠵᠢᠭᠦᠯᠵᠦ ᠰᠢᠢᠳᠬᠡᠬᠦ ᠶᠢ ᠴᠢᠩᠭᠠᠳᠬᠠᠨ᠎ᠠ᠃ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ | ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠲᠠᠢ ᠤᠶᠠᠯᠳᠤᠭᠤᠯᠵᠤ᠂ ᠡᠯ᠎ᠡ ᠪᠠᠶᠢᠭᠤᠯᠭ᠎ᠠ ᠲᠠᠢ ᠬᠠᠮᠵᠢᠯᠴᠠᠨ ᠭᠠᠯ | ᠤᠨᠲᠠᠷᠠᠭᠠᠬᠤ ᠦᠯᠡᠳᠡᠭᠳᠡᠯ ᠲᠥᠷᠥᠯ ᠵᠦᠢᠯ ᠤᠨ ᠰᠠᠭᠤᠷᠢ ᠲᠤᠭ᠎ᠠ ᠶᠢ ᠣᠶᠢᠯᠠᠭᠠᠵᠤ᠂ ᠲᠥᠷᠥᠯ ᠵᠦᠢᠯ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ | ᠴᠣᠭᠴᠠ ᠶᠢ ᠱᠠᠭᠠᠷᠳᠠᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠰᠢᠵᠤ | ᠪᠠᠶᠢᠭ᠎ᠠ ᠭᠠᠯ ᠤᠨᠲᠠᠷᠠᠭᠠᠬᠤ ᠶᠢ ᠬᠢᠨᠠᠨ ᠰᠢᠯᠭᠠᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ | ᠶᠣᠰᠣᠭᠠᠷ ᠬᠠᠤᠯᠢ ᠶᠣᠰᠣᠭᠠᠷ ᠰᠢᠢᠳᠬᠡᠵᠦ᠂ ᠲᠡᠦᠬᠡᠨ ᠦᠯᠡᠳᠡᠭᠳᠡᠯ ᠲᠥᠷᠥᠯ ᠵᠦᠢᠯ ᠤᠨ ᠭᠠᠯ ᠤᠨᠲᠠᠷᠠᠭᠠᠬᠤ ᠶᠢ ᠬᠢᠨᠠᠨ ᠰᠢᠯᠭᠠᠬᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠠᠭ ᠳᠠᠷᠤᠢ ᠳᠤᠨᠢ ᠵᠠᠯᠠᠷᠠᠭᠤᠯᠤᠨ᠎ᠠ᠃ | | |