ᠣᠲᠤᠭ ᠬᠤᠰᠢᠭᠤᠨ ᠤ ︽1+6+N︾ ᠪᠥᠬᠦ ᠬᠦᠷᠢᠶ᠎ᠡ ᠪᠥᠬᠦ ᠶᠠᠪᠤᠴᠠ ᠶᠢᠨ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠬᠡᠷᠡᠭᠵᠢᠭᠦᠯᠬᠦ ᠲᠥᠰᠥᠯ | ᠨᠡᠷᠡᠰ ᠤᠨ ᠲᠠᠶᠢᠯᠪᠤᠷᠢ᠄ | ︽1+6+N︾᠄ ᠳᠠᠷᠤᠢ ︽1 ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ 6 ᠰᠤᠮᠤ ᠪᠠᠯᠭᠠᠰᠤᠨ ᠤ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ᠂ N ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠥᠷᠲᠡᠭᠡ ᠴᠡᠭ︾᠃ | ᠭᠤᠷᠪᠠᠨ ᠱᠠᠲᠤ ᠪᠠᠷ ᠢᠶᠠᠨ ᠬᠤᠯᠪᠣᠭᠠᠯᠠᠨ ᠬᠦᠳᠡᠯᠦᠯᠴᠡᠬᠦ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠂ ᠰᠤᠮᠤ ᠪᠠᠯᠭᠠᠰᠤᠨ ᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠲᠤᠰᠬᠤᠨ ︵ᠨᠡᠶᠢᠬᠡᠮ ᠲᠣᠭᠤᠷᠢᠭ︶ ᠤ ᠠᠷᠠᠳ ᠲᠤ ᠳᠦᠭᠦᠮ ᠦᠵᠡᠭᠦᠯᠬᠦ | ᠦᠢᠯᠡᠴᠢᠯᠡᠭᠡᠨ ᠤ ᠥᠷᠲᠡᠭᠡ ᠭᠤᠷᠪᠡᠨ ᠱᠠᠲᠤ ᠬᠤᠯᠪᠣᠭᠠᠯᠠᠨ ᠬᠥᠳᠡᠯᠦᠯᠴᠡᠬᠦ᠃ | ᠨᠢᠭᠡ᠂ ᠵᠢᠯᠤᠭᠤᠳᠬᠤ ᠦᠵᠡᠯ ᠰᠠᠨᠠᠭ᠎ᠠ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠵᠤ | ᠳᠥᠭᠦᠮᠴᠢᠯᠡᠬᠦ ᠶᠢ ᠤᠯᠠᠮ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ | ᠭᠦᠨᠵᠡᠭᠡᠶᠢᠷᠡᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢ ᠳᠥᠭᠦᠮᠴᠢᠯᠡᠬᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ⒈ ᠲᠥᠯᠥᠪᠦᠷᠢ ᠦᠭᠡᠢ ᠪᠠᠷ ᠦᠢᠯᠡᠴᠢᠯᠡᠵᠦ᠂ ᠰᠠᠶᠢᠨ ᠳᠤᠷ᠎ᠠ ᠠᠴᠠ ᠪᠠᠨ ᠭᠤᠶᠤᠴᠢᠯᠠᠬᠤ᠃ ᠠᠵᠤ ᠠᠬᠤᠶᠢᠯᠠᠯ ᠪᠠ ᠤᠯᠠᠨ ᠲᠦᠮᠡᠨ ᠬᠡᠷᠡᠭᠴᠡᠭᠡ ᠪᠠᠨ | ᠦᠨᠳᠦᠰᠦᠯᠡᠵᠦ᠂ ᠰᠠᠶᠢᠨ ᠳᠤᠷ᠎ᠠ ᠠᠴᠠ ᠪᠠᠨ ᠬᠠᠪᠰᠤᠷᠤᠨ ᠭᠦᠢᠴᠡᠳᠬᠡᠭᠦᠯᠬᠦ ᠪᠠ ᠣᠷᠣᠯᠠᠨ ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠣᠨ᠎ᠠ᠃ ᠬᠠᠤᠯᠢ ᠴᠠᠭᠠᠵᠠ | ᠬᠠᠤᠯᠢ ᠲᠣᠭᠲᠠᠭᠠᠯ ᠳᠤ ᠳᠤᠲᠤᠷᠬᠠᠢ ᠲᠣᠭᠲᠠᠭᠠᠭᠰᠠᠨ ᠦᠢᠯᠡᠴᠢᠯᠡᠬᠦ ᠡᠲᠡᠭᠡᠳ ᠤᠨ ᠲᠤᠰᠢᠶᠠᠬᠤ ᠶᠣᠰᠣᠲᠠᠢ ᠵᠠᠷᠤᠳᠠᠯ ᠠᠴᠠ ᠭᠠᠳᠠᠨ᠎ᠠ ᠪᠤᠰᠤᠳ ᠬᠠᠪᠰᠤᠷᠤᠨ | ᠭᠦᠢᠴᠡᠳᠬᠡᠵᠦ ᠣᠷᠣᠯᠠᠨ ᠦᠢᠯᠡᠴᠢᠯᠡᠬᠦ ᠦᠢᠯᠡᠴᠢᠯᠡᠭᠡ ᠶᠢ ᠡᠷᠬᠡᠪᠰᠢ ᠵᠠᠷᠤᠳᠠᠯ ᠬᠤᠷᠢᠶᠠᠬᠤ ᠦᠭᠡᠢ ᠭᠦᠢᠴᠡᠳᠬᠡᠵᠦ ᠥᠭᠬᠦ ᠬᠡᠷᠡᠭᠲᠡᠢ᠃ | ⒉ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠴᠠᠭ ᠲᠤᠬᠠᠢ ᠳᠤᠨᠢ ᠬᠠᠷᠢᠭᠤ ᠲᠤᠰᠬᠠᠬᠤ᠃ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠬᠡᠷᠡᠭᠵᠢᠭᠦᠯᠵᠦ᠂ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠤᠨ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ | ᠲᠤᠰᠬᠠᠢ ᠬᠥᠮᠥᠨ ᠳᠤ ᠲᠣᠳᠣᠷᠬᠠᠶᠢᠯᠠᠵᠤ ᠥᠭᠭᠦᠨ᠂ ᠵᠦᠢᠯᠡᠰ ᠢ ᠭᠦᠢᠴᠡᠳᠬᠡᠬᠦ ᠶᠠᠪᠤᠴᠠ᠂ ᠭᠤᠭᠴᠤᠭ᠎ᠠ᠂ ᠴᠠᠭ ᠤᠨ ᠬᠢᠵᠠᠭᠠᠷ ᠢ ᠪᠥᠬᠦ ᠶᠠᠪᠤᠴᠠ ᠪᠠᠷ ᠮᠥᠷᠳᠡᠬᠦ ᠶᠢᠨ | ᠬᠠᠮᠲᠤ ᠭᠤᠶᠤᠴᠢᠯᠠᠭᠴᠢ ᠳᠤ ᠴᠠᠭ ᠲᠤᠬᠠᠢ ᠳᠤᠨᠢ ᠬᠠᠷᠢᠭᠤ ᠲᠤᠰᠬᠠᠨ᠎ᠠ᠃ | ⒊ ᠣᠶᠢᠷ᠎ᠠ ᠬᠠᠪᠢ ᠳᠠᠭᠠᠨ ᠦᠢᠯᠡᠴᠢᠯᠡᠵᠦ᠂ ᠬᠠᠮᠵᠢᠯᠴᠠᠨ ᠬᠠᠮᠲᠤᠷᠠᠯᠴᠠᠬᠤ᠃ ᠭᠤᠶᠤᠴᠢᠯᠠᠭᠴᠢ ᠨᠢ ᠬᠤᠪᠢ ᠬᠥᠮᠥᠨ ᠤ ᠬᠦᠰᠡᠯ ᠰᠠᠨᠠᠭ᠎ᠠ ᠪᠠᠨ | ᠦᠨᠳᠦᠰᠦᠯᠡᠨ ᠣᠶᠢᠷ᠎ᠠ ᠬᠠᠪᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠠᠪᠰᠤᠷᠤᠨ ᠭᠦᠢᠴᠡᠳᠬᠡᠭᠦᠯᠬᠦ ᠪᠠ ᠣᠷᠣᠯᠠᠨ ᠭᠦᠢᠴᠡᠳᠬᠡᠭᠦᠯᠬᠦ ᠪᠠᠷ | ᠭᠤᠶᠤᠴᠢᠯᠠᠵᠤ ᠪᠣᠯᠣᠨ᠎ᠠ᠃ ᠬᠤᠰᠢᠭᠤᠨ ᠤ ᠲᠡᠰ᠂ ᠴᠢ ᠫᠠᠨ ᠵᠢᠩ ᠮᠸᠡᠭ ᠰᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠬᠤᠭᠤᠷᠣᠨᠳᠤ ᠪᠠᠨ ᠨᠡᠪᠲᠡᠷᠡᠯᠴᠡᠵᠦ ᠬᠠᠷᠢᠯᠴᠠᠬᠤ ᠠᠷᠭ᠎ᠠ ᠵᠠᠮ ᠢ ᠨᠡᠭᠡᠭᠡᠵᠦ᠂ ᠴᠠᠭ ᠲᠤᠬᠠᠢ ᠳᠤᠨᠢ | ᠰᠢᠯᠵᠢᠭᠦᠯᠦᠨ ᠭᠦᠢᠴᠡᠳᠬᠡᠬᠦ᠂ ᠬᠠᠮᠵᠢᠯᠴᠠᠨ ᠭᠦᠢᠴᠡᠳᠬᠡᠬᠦ ᠶᠢ ᠪᠡᠶᠡᠯᠡᠭᠦᠯᠦᠨ᠎ᠡ᠃ | ⒋ ᠦᠢᠯᠡᠴᠢᠯᠡᠭᠡ ᠪᠠᠨ ᠵᠢᠷᠤᠮᠵᠢᠭᠤᠯᠵᠤ᠂ ᠥᠨᠳᠥᠷ ᠪᠦᠲᠦᠮᠵᠢᠲᠡᠶ ᠪᠠᠷ ᠭᠦᠢᠴᠡᠳᠬᠡᠬᠦ᠃ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠦᠢᠯᠡᠴᠢᠯᠡᠭᠡ ᠨᠢ ᠣᠯᠠᠨ ᠨᠡᠶᠢᠲᠡ ᠶᠢᠨ ᠠᠰᠢᠭ ᠲᠤᠰᠠ ᠪᠠ ᠦᠢᠯᠡᠴᠢᠯᠡᠭᠦᠯᠬᠦ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠦᠭᠡᠢ | ᠪᠠᠶᠢᠬᠤ ᠪᠠᠷ ᠤᠷᠢᠲᠠᠯ ᠪᠣᠯᠭᠠᠵᠤ᠂ ᠬᠠᠤᠯᠢ ᠪᠠᠷ ᠲᠣᠭᠲᠠᠭᠠᠭᠰᠠᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠵᠢᠷᠤᠮᠯᠠᠨ᠂ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ | ᠭᠦᠢᠴᠡᠳᠬᠡᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠭᠤᠷᠪᠠᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ | ⒈ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ︽ᠰᠣᠳᠣᠨ︾ ᠪᠦᠯᠬᠦᠮ ᠢ ᠵᠣᠬᠢᠶᠠᠨ ᠪᠠᠶᠢᠭᠤᠯᠤᠨ᠎ᠠ᠃ | ⒉ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠤᠨ᠎ᠠ᠃ ︵ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠠᠷᠠᠳ ᠲᠤ ᠳᠦᠭᠦᠮ | ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠲᠤᠰᠬᠤᠨ ︵ᠨᠡᠶᠢᠬᠡᠮ ᠲᠣᠭᠤᠷᠢᠭ︶ ᠤ ᠠᠷᠠᠳ ᠤᠨ ᠳᠦᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ︶ | ︵ᠬᠤᠶᠠᠷ︶ ︽ᠭᠠᠷ ᠤᠲᠠᠰᠤᠨ ᠳᠡᠭᠡᠷᠡᠬᠢ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ | ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠡᠭᠦᠳᠡᠨ ᠫᠠᠶᠢᠰᠠ ᠶᠢᠨ ︽ᠤᠴᠢᠷ ᠲᠠᠢ ᠪᠣᠯ ᠵᠢᠭᠠᠯᠭᠠᠬᠤ︾᠂ ︽ᠬᠥᠮᠥᠨ ᠡᠷᠢᠵᠦ ᠬᠠᠪᠰᠤᠷᠤᠭᠤᠯᠬᠤ︾ | ᠴᠢᠳᠠᠮᠵᠢ ᠶᠢᠨ ᠬᠡᠰᠡᠭ ᠲᠤ ᠲᠦᠰᠢᠭᠯᠡᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠠᠭᠤᠰᠤᠯᠴᠠᠭᠤᠯᠤᠨ᠂ ᠬᠠᠪᠰᠤᠷᠤᠨ ᠭᠦᠢᠴᠡᠳᠬᠡᠬᠦ ᠪᠠ | ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠩ ᠤᠯᠠᠨ ᠠᠮᠢᠳᠤᠷᠠᠯ ᠤᠨ ᠲᠦᠭᠦᠮ | ᠨᠥᠬᠦᠴᠡᠯ ᠬᠠᠩᠭᠠᠨ᠎ᠠ᠃ | ︵ᠭᠤᠷᠪᠠ︶ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠥᠷᠭᠡᠴᠡ ᠪᠠ ᠭᠦᠨᠴᠡ ᠶᠢ ᠳᠡᠭᠡᠭᠰᠢᠯᠡᠭᠦᠯᠦᠨ᠎ᠡ | ⒈ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠰᠤᠮᠤ ᠪᠠᠯᠭᠠᠰᠤᠨ ᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠥᠷᠲᠡᠭᠡ ᠴᠡᠭ ᠲᠤ ᠲᠦᠰᠢᠭᠯᠡᠨ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾᠂ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠪᠥᠬᠦ ᠬᠤᠰᠢᠭᠤᠨ ᠳᠤ ︽ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠠᠷᠠᠳ ᠤᠨ ᠠᠮᠢᠳᠤᠷᠠᠯ ᠤᠨ ᠪᠠᠶᠢᠩᠭᠤ ᠭᠦᠢᠴᠡᠳᠬᠡᠬᠦ ᠤᠴᠢᠷ ᠶᠠᠪᠤᠳᠠᠯ ᠢ ᠣᠷᠣᠯᠠᠨ ᠭᠦᠢᠴᠡᠳᠬᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠴᠢᠷ | ᠶᠠᠪᠤᠳᠠᠯ ᠢ ᠬᠠᠪᠰᠤᠷᠤᠨ ᠭᠦᠢᠴᠡᠳᠬᠡᠬᠦ︾ ᠠᠵᠢᠯ ᠤᠨ ᠲᠣᠭᠲᠠᠴᠠ ᠶᠢ ᠪᠠᠶᠢᠭᠤᠯᠤᠨ᠎ᠠ᠃ | ⒉ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠶᠢ ᠭᠦᠨᠵᠡᠭᠡᠶᠢᠷᠡᠭᠦᠯᠦᠨ᠎ᠡ᠃ ᠨᠢᠭᠡᠨ ᠰᠠᠯᠠᠭ᠎ᠠ ︽ᠪᠦᠷᠢᠨ ᠴᠢᠳᠠᠪᠤᠷᠢᠲᠤ︾ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠡᠩᠨᠡᠭᠡ ᠶᠢ | ᠬᠥᠮᠥᠵᠢᠭᠦᠯᠦᠨ᠎ᠡ᠃ | ︵ᠳᠥᠷᠪᠡ︶ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠪᠠᠶᠠᠯᠢᠭᠵᠢᠭᠤᠯᠤᠨ᠎ᠠ | ⒈ ᠨᠠᠰᠤᠲᠠᠶᠢᠴᠤᠳ᠂ ᠵᠡᠮᠳᠡᠭᠴᠦᠳ᠂ ᠴᠡᠷᠢᠭ ᠤᠨ ᠠᠯᠪᠠᠨ ᠳᠤ ᠪᠠᠶᠢᠭ᠎ᠠ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠴᠢᠭᠯᠡᠭᠦᠯᠦᠭᠰᠡᠨ ᠰᠠᠭᠠᠳ | ᠦᠭᠡᠢ ᠨᠡᠪᠲᠡᠷᠡᠬᠦ ᠵᠠᠮ ᠢ ᠨᠡᠭᠡᠭᠡᠨ᠎ᠡ᠃ | ⒉ ︽24 ᠴᠠᠭ ᠢᠶᠠᠷ ᠡᠭᠦᠳᠡ ᠪᠠᠨ ᠬᠠᠭᠠᠬᠤ ᠦᠭᠡᠢ︾ ᠥᠪᠡᠰᠦᠪᠡᠨ ᠦᠢᠯᠡᠴᠢᠯᠡᠬᠦ ᠵᠦᠢᠯᠡᠰ ᠤᠨ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠥᠪᠡᠰᠦᠪᠡᠨ ᠦᠢᠯᠡᠴᠢᠯᠡᠬᠦ ᠲᠣᠭᠤᠷᠢᠭ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠲᠠᠨ ᠢ ᠲᠣᠬᠢᠷᠠᠭᠤᠯᠵᠤ᠂ ᠪᠦᠬᠦᠯᠢ | ᠡᠳᠦᠷ ᠢᠶᠠᠷ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠢ ᠪᠠᠶᠢᠭᠤᠯᠤᠨ᠎ᠠ᠃ | ︵ᠲᠠᠪᠤ︶ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢᠨ ᠬᠠᠷᠢᠭᠤ ᠲᠤᠰᠬᠠᠬᠤ ᠠᠷᠭ᠎ᠠ ᠵᠠᠮ ᠢ ᠥᠷᠭᠡᠳᠬᠡᠨ᠎ᠡ | ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠭᠴᠢ︾ ᠶᠢᠨ ᠠᠵᠢᠯᠯᠠᠭ᠎ᠠ ᠥᠷᠨᠢᠭᠦᠯᠵᠦ᠂ ᠰᠠᠭᠤᠳᠠᠯ ᠤᠨ ᠬᠤᠷᠠᠯ ᠬᠤᠷᠠᠯᠳᠤᠭᠤᠯᠬᠤ᠂ | ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠬᠤ᠂ ᠵᠠᠭᠠᠯᠳᠤᠬᠤ ᠰᠠᠨᠠᠯ ᠤᠨ ᠬᠠᠶᠢᠷᠴᠠᠭ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ | ᠠᠬᠤᠶᠢᠯᠠᠯ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠪᠠ ᠣᠯᠠᠨ ᠲᠦᠮᠡᠨ ᠳᠤ ᠲᠤᠯᠭᠠᠷᠠᠭᠰᠠᠨ ᠬᠦᠴᠢᠷᠳᠡᠯ᠂ ᠬᠦᠴᠢᠷ | ᠠᠰᠠᠭᠤᠳᠠᠯ᠂ ᠲᠦᠪᠡᠭᠰᠢᠶᠡᠯ ᠢ ᠬᠠᠨᠳᠤᠯᠭᠠᠲᠤ ᠴᠢᠨᠠᠷᠲᠠᠢ ᠪᠠᠷ ᠰᠤᠳᠤᠯᠤᠨ ᠰᠢᠢᠳᠪᠦᠷᠢᠯᠡᠨ᠎ᠡ᠃ | | |