︽ᠣᠲᠤᠭ ᠬᠤᠰᠢᠭᠤᠨ ᠤ ᠬᠤᠰᠢᠭᠤᠨ ᠤ ᠳᠤᠲᠤᠷ᠎ᠠ ᠠᠴᠠ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠤᠭᠰᠠᠨ | ᠠᠵᠢᠯ ᠤᠨ ᠪᠠᠶᠢᠷᠢ ᠳᠠᠬᠢ ᠪᠠᠭᠰᠢ ᠨᠠᠷ ᠠᠴᠠ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ | ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠤᠲᠤᠭ ᠵᠠᠰᠠᠭ ᠠᠯᠪᠠᠨ ᠲᠠᠷᠬᠠᠭᠠᠭᠰᠠᠨ ﹇2024﹈ 54 ᠳ᠋ᠦ᠋ᠭᠡᠷ ᠲᠣᠭᠠᠲᠤ | | ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄ | ︽ᠣᠲᠤᠭ ᠬᠤᠰᠢᠭᠤᠨ ᠤ ᠬᠤᠰᠢᠭᠤᠨ ᠤ ᠳᠤᠲᠤᠷ᠎ᠠ ᠠᠴᠠ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠤᠭᠰᠠᠨ | ᠠᠵᠢᠯ ᠤᠨ ᠪᠠᠶᠢᠷᠢ ᠳᠠᠬᠢ ᠪᠠᠭᠰᠢ ᠨᠠᠷ ᠠᠴᠠ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠬᠡᠷᠡᠭᠵᠢᠭᠦᠯᠬᠦ ᠲᠥᠰᠥᠯ︾ ᠢ ᠣᠲᠤᠭ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠰᠠᠶᠢᠲᠤᠷ ᠲᠣᠭᠤᠰᠢᠯᠠᠭᠤᠯᠤᠨ ᠬᠡᠷᠡᠭᠵᠢᠭᠦᠯᠲᠦᠭᠡᠢ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 8 ᠳ᠋ᠤᠭᠠᠷ ᠰᠠᠷ᠎ᠠ ᠶᠢᠨ 13 ᠤ ᠡᠳᠦᠷ | | | ᠣᠲᠤᠭ ᠬᠤᠰᠢᠭᠤᠨ ᠤ ᠬᠤᠰᠢᠭᠤᠨ ᠤ ᠳᠤᠲᠤᠷ᠎ᠠ ᠠᠴᠠ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠤᠭᠰᠠᠨ | ᠠᠵᠢᠯ ᠤᠨ ᠪᠠᠶᠢᠷᠢ ᠳᠠᠬᠢ ᠪᠠᠭᠰᠢ ᠨᠠᠷ ᠠᠴᠠ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠬᠡᠷᠡᠭᠵᠢᠭᠦᠯᠬᠦ ᠲᠥᠰᠥᠯ | ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠣᠷᠳᠣᠰ | ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ᠣᠷᠳᠣᠰ ᠬᠤᠳᠠ ᠶᠢᠨ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠬᠡᠷᠡᠭᠵᠢᠭᠦᠯᠬᠦ ᠰᠠᠨᠠᠯ︾ ︵ᠣᠷᠳᠣᠰ ᠨᠠᠮ ᠲᠠᠷᠬᠠᠭᠠᠭᠰᠠᠨ ﹇2018﹈ 18 | ᠳ᠋ᠤᠭᠠᠷ ᠲᠣᠭᠠᠲᠤ︶︾᠂ ︽ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠣᠷᠳᠣᠰ ᠠᠯᠪᠠᠨ ᠲᠠᠷᠬᠠᠭᠠᠭᠰᠠᠨ ﹇2018﹈ 134 ᠳ᠋ᠦ᠋ᠭᠡᠷ ᠲᠣᠭᠠᠲᠤ︶᠂ ︽︿ᠣᠲᠤᠭ | ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠪᠠᠭᠰᠢ ᠶᠢ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠨᠠᠮ ᠤᠨ | ᠬᠤᠷᠢᠶ᠎ᠠ ᠶᠢᠨ ᠠᠯᠪᠠᠨ ᠭᠡᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠨᠠᠮ ᠠᠯᠪᠠᠨ ᠲᠠᠷᠬᠠᠭᠠᠭᠰᠠᠨ ﹇2022﹈ | 22 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠬᠤᠰᠢᠭᠤᠨ ᠤ ᠪᠠᠨ ᠰᠤᠷᠭᠠᠨ | ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠨ᠂ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ | ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠰᠢᠯᠢᠳᠡᠭ ᠪᠠᠭᠰᠢ ᠶᠢᠨ ᠠᠵᠢᠯ ᠰᠢᠯᠵᠢᠵᠦ ᠶᠠᠪᠤᠬᠤ ᠶᠢ ᠪᠠᠭᠠᠰᠬᠠᠵᠤ᠂ | ᠬᠥᠮᠥᠨ ᠰᠣᠩᠭᠤᠵᠤ ᠬᠡᠷᠡᠭᠯᠡᠬᠦ ᠠᠷᠭ᠎ᠠ ᠵᠠᠮ ᠢ ᠥᠷᠭᠡᠳᠬᠡᠬᠦ ᠶᠢᠨ ᠲᠤᠰᠠᠳᠡ᠂ ᠬᠤᠰᠢᠭᠤᠨ ᠤ ᠳᠣᠲᠣᠷ᠎ᠠ ᠠᠴᠠ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ | ᠦᠢᠯᠡᠴᠢᠯᠡᠭᠡ ᠶᠢ ᠬᠤᠳᠠᠯᠳᠤᠨ ᠠᠪᠤᠭᠰᠠᠨ ᠠᠵᠢᠯ ᠤᠨ ᠪᠠᠶᠢᠷᠢ ᠳᠠᠬᠢ ᠪᠠᠭᠰᠢ ᠨᠠᠷ ᠠᠴᠠ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠪᠠᠷ | ᠲᠥᠯᠥᠪᠯᠡᠪᠡ᠂ ᠪᠣᠳᠠᠲᠠᠢ ᠤᠴᠢᠷ ᠶᠠᠪᠤᠳᠠᠯ ᠨᠢ ᠳᠣᠣᠷᠠᠬᠢ ᠮᠡᠲᠦ᠄ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠲᠣᠰ ᠤᠳᠠᠭᠠᠨ ᠤ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠪᠠᠷ ᠣᠲᠤᠭ | ᠬᠤᠰᠢᠭᠤᠨ ᠤ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠬᠤ ᠪᠠᠷ ᠪᠣᠯᠪᠠ᠂ | ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠰᠢᠶᠧ ᠢᠦᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ | ᠳᠤᠭᠤᠶᠢᠯᠠᠩ ᠤᠨ ᠳᠡᠳ᠋ ᠳᠠᠷᠤᠭ᠎ᠠ᠄ ᠰᠢᠦᠢ ᠷᠦᠢ ᠹᠧᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ | ᠤᠳᠤ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠪᠦᠷᠢᠯᠳᠦᠭᠦᠨ᠄ ᠬᠠᠨ ᠰᠢᠤᠸᠠᠢ ᠮᠧᠶ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ ᠤᠨ | ᠡᠷᠬᠢᠯᠡᠭᠴᠢ | ᠵᠠᠩ ᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ | ᠪᠠᠢ ᠯᠢ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠠᠷᠤᠭ᠎ᠠ | ᠱᠢ ᠶᠦᠩ ᠹᠧᠩ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠ | ᠯᠢ ᠬᠠᠢ ᠰᠢᠶᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠳᠤ ᠲᠣᠬᠢᠷᠠᠭᠤᠯᠤᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠ | ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠠᠴᠠ ᠬᠠᠮᠢᠶ᠎ᠠ ᠪᠦᠬᠦᠢ ᠪᠠᠶᠢᠭᠤᠯᠭ᠎ᠠ ᠶᠢ ᠵᠣᠬᠢᠴᠠᠭᠤᠯᠤᠨ᠂ ᠬᠠᠮᠢᠶ᠎ᠠ ᠪᠦᠬᠦᠢ ᠤᠴᠢᠷ ᠶᠠᠪᠤᠳᠠᠯ ᠢ ᠪᠣᠳᠠᠲᠠᠢ | ᠬᠠᠷᠢᠭᠤᠴᠠᠨ᠎ᠠ᠃ ᠠᠵᠢᠯᠲᠠᠨ ᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ᠂ ᠬᠤᠰᠢᠭᠤᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠵᠡᠷᠭᠡ ᠪᠠᠶᠢᠭᠤᠯᠭ᠎ᠠ ᠶᠢᠨ ᠬᠠᠮᠢᠶ᠎ᠠ ᠪᠦᠬᠦᠢ ᠬᠥᠮᠥᠰ ᠢᠶᠠᠷ ᠪᠦᠷᠢᠯᠳᠦᠭᠦᠯᠦᠨ᠎ᠡ᠃ | ᠬᠤᠶᠠᠷ᠂ ᠰᠣᠩᠭᠤᠨ ᠤᠷᠢᠬᠤ ᠬᠡᠪᠴᠢᠶ᠎ᠡ ᠵᠢᠴᠢ ᠠᠷᠭ᠎ᠠ | ︵ᠨᠢᠭᠡ︶ ᠰᠣᠩᠭᠤᠨ ᠤᠷᠢᠬᠤ ᠬᠦᠷᠢᠶ᠎ᠡ ᠬᠡᠪᠴᠢᠶ᠎ᠡ᠃ ᠬᠤᠰᠢᠭᠤᠨ ᠠᠴᠠ 2015 ︱ 2020 ᠣᠨ ᠤ ᠬᠤᠭᠤᠷᠤᠨᠳᠤ ᠢᠯᠡ ᠪᠠᠷ ᠡᠯᠰᠡᠨ ᠤᠷᠢᠵᠤ | ᠬᠡᠷᠡᠭᠯᠡᠭᠰᠡᠨ ᠪᠦᠭᠡᠳ ᠣᠳᠣ ᠪᠣᠯᠲᠠᠯ᠎ᠠ ᠮᠠᠨ ᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠳᠤ ᠠᠵᠢᠯᠯᠠᠵᠤ ᠪᠠᠶᠢᠭ᠎ᠠ ᠵᠠᠰᠠᠭ ᠤᠨ | ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠤᠭᠰᠠᠨ ᠠᠵᠢᠯ ᠤᠨ ᠪᠠᠶᠢᠷᠢ ᠳᠠᠬᠢ ᠪᠠᠭᠰᠢ ᠪᠠ ᠬᠤᠰᠢᠭᠤᠨ ᠤ ᠭᠠᠳᠠᠨ᠎ᠠ ᠠᠴᠠ | ᠰᠢᠯᠵᠢᠭᠦᠯᠦᠨ ᠣᠷᠣᠭᠤᠯᠤᠭᠰᠠᠨ ᠮᠠᠨ ᠤ ᠬᠤᠰᠢᠭᠤᠨ ᠤ ᠣᠷᠣᠨ ᠲᠣᠭᠠᠨ ᠠᠴᠠ ᠭᠠᠳᠠᠨᠠᠬᠢ ᠬᠥᠮᠥᠰ ᠤᠨ ᠪᠦᠷᠢᠳᠬᠡᠯ ᠳᠤ ᠵᠢᠭᠰᠠᠭᠠᠭᠳᠠᠭᠰᠠᠨ ᠵᠠᠰᠠᠭ ᠤᠨ ᠣᠷᠳᠣᠨ | ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠤᠭᠰᠠᠨ ᠠᠵᠢᠯ ᠤᠨ ᠪᠠᠶᠢᠷᠢ ᠳᠠᠬᠢ ᠪᠠᠭᠰᠢ ᠨᠠᠷ᠃ | ︵ᠬᠤᠶᠠᠷ︶ ᠰᠣᠩᠭᠤᠨ ᠤᠷᠢᠬᠤ ᠠᠷᠭ᠎ᠠ᠃ ᠦᠨᠡᠯᠡᠬᠦ ᠪᠠ ᠰᠢᠯᠭᠠᠬᠤ ᠶᠢ ᠤᠶᠠᠯᠳᠤᠭᠤᠯᠬᠤ ᠠᠷᠭ᠎ᠠ ᠪᠠᠷ ᠲᠣᠰ ᠤᠳᠠᠭ᠎ᠠ ᠠᠵᠢᠯ ᠳᠤ ᠪᠠᠨ ᠴᠠᠭᠠᠷᠠᠭᠰᠠᠨ | ᠪᠠᠭᠰᠢ ᠶᠢ ᠰᠣᠩᠭᠤᠨ ᠤᠷᠢᠨ᠎ᠠ᠃ | ︵ᠭᠤᠷᠪᠠ︶ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠳᠤ ᠰᠤᠷᠤᠯᠭ᠎ᠠ ᠶᠢᠨ | ᠱᠠᠲᠤ ᠶᠢ ᠦᠨᠳᠦᠰᠦᠯᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠪᠠᠭᠰᠢ ᠶᠢᠨ ᠠᠵᠢᠯ ᠤᠨ ᠪᠠᠶᠢᠷᠢ᠂ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠲᠣᠬᠢᠷᠠᠭᠤᠯᠵᠤ᠂ ᠬᠡᠦᠬᠡᠳ ᠤᠨ ᠴᠡᠴᠡᠷᠯᠢᠭ ᠤᠨ ᠪᠠᠭᠰᠢ ᠳᠤ ᠨᠢᠭᠡ | ᠠᠵᠢᠯ ᠤᠨ ᠪᠠᠶᠢᠷᠢ ᠲᠣᠬᠢᠷᠠᠭᠤᠯᠤᠨ᠎ᠠ ︵ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠪᠠᠭᠰᠢ︶ | ᠭᠤᠷᠪᠠ᠂ ᠰᠣᠩᠭᠤᠨ ᠤᠷᠢᠬᠤ ᠨᠥᠬᠦᠴᠡᠯ | ︵ᠨᠢᠭᠡ︶ ᠦᠨᠳᠦᠰᠦᠨ ᠨᠥᠬᠦᠴᠡᠯ | ⒈ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ︔ | ⒉ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ︔ | ⒊ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠤᠬᠠᠮᠰᠠᠷ ᠠᠴᠠ ᠪᠠᠨ ᠬᠠᠮᠠᠭᠠᠯᠠᠬᠤ︔ | ⒋ᠵᠠᠩ ᠰᠤᠷᠲᠠᠯ ᠲᠥᠪᠯᠡᠭᠦᠨ᠂ ᠨᠡᠯᠢᠶᠡᠳ ᠴᠢᠩᠭ᠎ᠠ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔ | ⒌ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ︔ | ⒍ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢᠨ ᠪᠤᠰᠤᠳ ᠬᠢᠷᠢ ᠬᠡᠮ ᠤᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ︔ | ︵ᠬᠤᠶᠠᠷ︶ ᠬᠢᠷᠢ ᠬᠡᠮ ᠤᠨ ᠨᠥᠬᠦᠴᠡᠯ | ⒈ ᠪᠠᠭᠰᠢ ᠶᠢᠨ ᠬᠢᠷᠢ ᠬᠡᠮ ᠤᠨ ᠦᠨᠡᠮᠯᠡᠯ ᠲᠠᠢ ᠪᠠᠶᠢᠬᠤ︔ | ⒉ ᠬᠠᠷᠠᠭᠠᠯᠵᠠᠭᠰᠠᠨ ᠵᠡᠷᠭᠡ ᠳᠡᠰ ᠤᠨ ᠨᠡᠶᠢᠲᠡᠯᠢᠭ ᠬᠡᠯᠡᠨ ᠤ ᠵᠡᠷᠭᠡ ᠳᠡᠰ ᠤᠨ ᠦᠨᠡᠮᠯᠡᠯ ᠲᠠᠢ ᠪᠠᠶᠢᠬᠤ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠦᠭ ᠪᠢᠴᠢᠭ ᠢᠶᠠᠷ ᠬᠢᠴᠢᠶᠡᠯᠯᠡᠬᠦ ᠠᠵᠢᠯ ᠤᠨ ᠪᠠᠶᠢᠷᠢ ᠳᠤ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠰᠢᠯᠭᠠᠯᠲᠠ ᠶᠢᠨ ᠬᠤᠶᠠᠳᠤᠭᠠᠷ ᠳᠡᠰ ᠤᠨ ᠬᠥᠬᠡᠭᠴᠢᠨ ᠵᠡᠷᠭᠡ | ᠵᠢᠴᠢ ᠲᠡᠭᠦᠨ ᠠᠴᠠ ᠳᠡᠭᠡᠭᠰᠢᠬᠢ ᠳᠡᠰ ᠤᠨ ᠦᠨᠡᠮᠯᠡᠯ ᠲᠠᠢ ᠪᠠᠶᠢᠬᠤ ︵ᠡᠭᠦᠨ ᠳᠤ ᠬᠡᠯᠡ ᠪᠢᠴᠢᠭ ᠤᠨ ᠬᠢᠴᠢᠶᠡᠯᠯᠡᠭᠴᠢ ᠪᠠᠭᠰᠢ ᠨᠡᠶᠢᠲᠡᠯᠢᠭ ᠬᠡᠯᠡᠨ ᠤ ᠬᠢᠷᠢ | ᠬᠡᠮᠵᠢᠶᠡᠨ ᠤ ᠰᠢᠯᠭᠠᠯᠲᠠ ᠶᠢᠨ ᠬᠤᠶᠠᠳᠤᠭᠠᠷ ᠳᠡᠰ ᠤᠨ ᠬᠥᠬᠡ ᠵᠡᠷᠭᠡ ᠵᠢᠴᠢ ᠲᠡᠭᠦᠨ ᠠᠴᠠ ᠳᠡᠭᠡᠭᠰᠢᠬᠢ ᠳᠡᠰ ᠤᠨ ᠦᠨᠡᠮᠯᠡᠯ ᠲᠠᠢ ᠪᠠᠶᠢᠬᠤ ᠬᠡᠷᠡᠭᠲᠡᠢ︶ ᠬᠡᠷᠡᠭᠲᠡᠢ᠃ | ᠮᠣᠩᠭᠤᠯ ᠢᠶᠠᠷ ᠬᠢᠴᠢᠶᠡᠯᠯᠡᠬᠦ ᠪᠠᠭᠰᠢ ᠶᠢᠨ ᠠᠵᠢᠯ ᠤᠨ ᠪᠠᠶᠢᠷᠢ ︵ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠪᠠᠭᠲᠠᠬᠤ ᠦᠭᠡᠢ︶ ᠳᠤ ᠡᠷᠬᠡᠪᠰᠢ ᠭᠤᠷᠪᠠᠳᠤᠭᠠᠷ | ᠳᠡᠰ ᠤᠨ ᠬᠥᠬᠡ ᠵᠡᠷᠭᠡ ᠠᠴᠠ ᠳᠡᠭᠡᠭᠰᠢᠬᠢ ᠨᠡᠶᠢᠲᠡᠯᠢᠭ ᠬᠡᠯᠡᠨ ᠤ ᠵᠡᠷᠭᠡ ᠲᠠᠰ ᠤᠨ ᠦᠨᠡᠮᠯᠡᠯ ᠲᠠᠢ ᠪᠠᠶᠢᠬᠤ ᠬᠡᠷᠡᠭᠲᠡᠢ︔ | ⒊ᠰᠤᠷᠤᠯᠭ᠎ᠠ ᠶᠢᠨ ᠨᠠᠮᠲᠠᠷ ᠪᠠ ᠲᠤᠰᠬᠠᠢ ᠮᠡᠷᠭᠡᠵᠢᠯ ᠤᠨ ᠬᠢᠷᠢ ᠬᠡᠮ᠄ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ | ᠠᠪᠤᠭᠰᠠᠨ ᠠᠵᠢᠯ ᠤᠨ ᠪᠠᠶᠢᠷᠢ ᠳᠠᠬᠢ ᠪᠠᠭᠰᠢ ᠶᠢ ᠡᠯᠰᠡᠨ ᠬᠡᠷᠡᠭᠯᠡᠬᠦ ᠦᠶ᠎ᠡ ᠳᠤ ︵ᠡᠮᠦᠨ᠎ᠡ︶ ᠳᠤ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ | ᠬᠢᠨᠠᠨ ᠪᠠᠶᠢᠴᠠᠭᠠᠯᠲᠠ ᠬᠢᠯᠭᠡᠭᠰᠡᠨ ᠪᠠᠶᠢᠬᠤ᠂ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠣᠯ ᠪᠣᠶ ᠪᠦᠬᠦᠢ ᠰᠤᠷᠤᠯᠭ᠎ᠠ ᠶᠢᠨ ᠱᠠᠲᠤᠨ ᠤ | ᠰᠢᠯᠭᠠᠯᠲᠠ ᠳᠤ ᠣᠷᠣᠯᠴᠠᠵᠤ ᠪᠣᠯᠣᠨ᠎ᠠ᠂ ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠣᠯ᠂ ᠵᠥᠪᠬᠡᠨ ᠬᠡᠦᠬᠡᠳ ᠤᠨ | ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ ᠱᠠᠲᠤᠨ ᠤ ᠰᠢᠯᠭᠠᠯᠲᠠ ᠳᠤ ᠣᠷᠣᠯᠴᠠᠵᠤ ᠪᠣᠯᠣᠨ᠎ᠠ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠤᠯᠭ᠎ᠠ ᠶᠢᠨ ᠨᠠᠮᠲᠠᠷ ᠲᠠᠢ ᠪᠣᠯ ᠵᠥᠪᠬᠡᠨ ᠬᠡᠦᠬᠡᠳ ᠤᠨ ᠴᠡᠴᠡᠷᠯᠢᠭ ᠤᠨ ᠰᠤᠷᠤᠯᠭ᠎ᠠ ᠶᠢᠨ ᠱᠠᠲᠤᠨ ᠤ ᠰᠢᠯᠭᠠᠯᠲᠠ ᠳᠤ ᠣᠷᠣᠯᠴᠠᠵᠤ ᠪᠣᠯᠣᠨ᠎ᠠ᠃ ᠵᠠᠷᠴᠢᠮ | ᠳᠡᠭᠡᠷ᠎ᠡ ᠪᠠᠨ᠂ ᠣᠲᠣ ᠶᠢᠨ ᠠᠵᠢᠯᠯᠠᠬᠤ ᠪᠠᠷ ᠪᠠᠶᠢᠭ᠎ᠠ ᠨᠢᠭᠡᠴᠢ ᠶᠢᠨ ᠰᠤᠷᠤᠯᠭ᠎ᠠ ᠶᠢᠨ ᠱᠠᠲᠤ ᠪᠤᠶᠤ ᠠᠵᠢᠯ ᠤᠨ ᠪᠠᠶᠢᠷᠢ ᠨᠢ ᠲᠤᠬᠠᠢ ᠶᠢᠨ ᠵᠢᠯ ᠤᠨ ᠪᠠᠭᠰᠢ ᠡᠯᠰᠡᠬᠦ | ᠰᠢᠯᠭᠠᠯᠲᠠ ᠳᠤ ᠣᠷᠣᠯᠴᠠᠬᠤ ᠳᠤ ᠨᠡᠷ᠎ᠡ ᠮᠡᠳᠡᠭᠦᠯᠦᠭᠰᠡᠨ ᠰᠤᠷᠤᠯᠭ᠎ᠠ ᠶᠢᠨ ᠱᠠᠲᠤ ᠪᠠ ᠬᠢᠴᠢᠶᠡᠯ ᠲᠥᠷᠥᠯ ᠤᠨ ᠬᠢ ᠲᠠᠢ ᠠᠳᠠᠯᠢ ᠦᠭᠡᠢ ᠪᠠᠶᠢᠪᠠᠯ᠂ ᠲᠤᠰᠬᠠᠢ ᠮᠡᠷᠭᠡᠵᠢᠯ | ᠨᠢ ᠨᠡᠷ᠎ᠡ ᠮᠡᠳᠡᠭᠦᠯᠦᠭᠰᠡᠨ ᠬᠢᠴᠢᠶᠡᠯ ᠲᠥᠷᠥᠯ ᠲᠠᠢ ᠪᠠᠨ ᠠᠳᠠᠯᠢ ᠪᠤᠶᠤ ᠣᠶᠢᠷᠠᠯᠴᠠᠭ᠎ᠠ ᠪᠠᠶᠢᠬᠤ ᠬᠡᠷᠡᠭᠲᠡᠢ᠂ ᠬᠡᠷᠪᠡ ᠲᠤᠰᠬᠠᠢ ᠮᠡᠷᠭᠡᠵᠢᠯ ᠨᠢ ᠨᠡᠶᠢᠴᠡᠬᠦ ᠦᠭᠡᠢ ᠪᠣᠯ᠂ | ᠣᠶᠢᠷ᠎ᠠ ᠶᠢᠨ ᠭᠤᠷᠪᠠᠨ ᠵᠢᠯ ᠤᠨ ᠪᠣᠳᠠᠲᠠᠢ ᠠᠵᠢᠯ ᠤᠨ ᠪᠠᠶᠢᠷᠢ ᠪᠠᠷ ᠢᠶᠠᠨ ᠨᠡᠷ᠎ᠡ ᠮᠡᠳᠡᠭᠦᠯᠦᠨ᠎ᠡ᠃ ᠣᠳᠣᠬᠠᠨ ᠳᠤ ᠳᠣᠣᠷ᠎ᠠ ᠰᠤᠷᠤᠯᠭ᠎ᠠ ᠶᠢᠨ ᠱᠠᠲᠤᠨ ᠤ ᠨᠢᠭᠡᠴᠢ ᠳᠤ | ᠠᠵᠢᠯᠯᠠᠵᠤ ᠪᠠᠶᠢᠭ᠎ᠠ ᠪᠠᠭᠰᠢ ᠨᠠᠷ ᠳᠡᠭᠡᠳᠦ ᠰᠤᠷᠤᠯᠭ᠎ᠠ ᠶᠢᠨ ᠱᠠᠲᠤᠨ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠪᠣᠯᠬᠤ ᠦᠭᠡᠢ᠃ | ︵ᠭᠤᠷᠪᠠ︶ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠰᠣᠩᠭᠤᠨ ᠤᠷᠢᠬᠤ ᠳᠤ ᠣᠷᠣᠯᠴᠠᠵᠤ ᠪᠣᠯᠬᠤ ᠦᠭᠡᠢ᠄ | ⑴ ᠮᠠᠨ ᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠳᠤ ᠠᠵᠢᠯᠯᠠᠵᠤ ᠪᠠᠶᠢᠬᠤ ᠦᠭᠡᠢ ᠠᠵᠢᠯᠲᠠᠨ︔ | ⑵ ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠢᠳᠬᠡᠯ ᠣᠯᠵᠤ ᠥᠩᠭᠡᠷᠡᠭᠰᠡᠨ ᠬᠥᠮᠥᠰ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ᠬᠥᠮᠥᠰ᠂ | ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ︔ | ⑶ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠳᠤ ᠬᠡᠮ ᠦᠢᠯᠡᠳᠦᠭᠰᠡᠨ ᠭᠡᠵᠦ ᠨᠤᠲᠠᠯᠠᠭᠳᠠᠭᠰᠠᠨ | ᠵᠡᠷᠭᠡ ᠡᠯᠰᠡᠨ ᠬᠡᠷᠡᠭᠯᠡᠬᠦ ︵ᠤᠷᠢᠨ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠥᠭᠡᠳ ᠰᠢᠯᠭᠠᠬᠤ ᠶᠢ | ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠠᠵᠢᠯᠲᠠᠨ︔ | ⑷ ᠬᠠᠤᠯᠢ ᠴᠠᠭᠠᠵᠠ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠬᠤ ᠦᠭᠡᠢ ᠭᠡᠵᠦ | ᠲᠣᠭᠲᠠᠭᠠᠭᠰᠠᠨ ᠪᠤᠰᠤᠳ ᠪᠠᠶᠢᠳᠠᠯ ᠲᠠᠢ ᠠᠵᠢᠯᠲᠠᠨ︔ | ⑸ ᠪᠠᠭᠰᠢ ᠶᠢᠨ ᠮᠣᠷᠠᠯ ᠰᠤᠷᠲᠠᠯ ᠤᠨ ᠠᠰᠠᠭᠤᠳᠠᠯ ᠠᠴᠠ ᠪᠣᠯᠵᠤ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠰᠢᠢᠳᠬᠡᠯ ᠢ | ᠣᠯᠣᠭᠰᠠᠨ ᠪᠥᠭᠡᠳ ᠰᠢᠢᠳᠬᠡᠯ ᠤᠨ ᠬᠤᠭᠤᠴᠠᠭᠠᠨ ᠳᠤ ᠪᠠᠶᠢᠬᠤ᠃ | ᠳᠥᠷᠪᠡ᠂ ᠠᠵᠢᠯ ᠤᠨ ᠠᠯᠬᠤᠮ ᠳᠠᠷᠠᠭᠠᠯᠠᠯ | ᠲᠣᠰ ᠤᠳᠠᠭ᠎ᠠ ᠶᠢᠨ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠳᠤ ᠭᠤᠣᠯᠳᠠᠭᠤ ᠲᠥᠰᠥᠯ ᠲᠣᠭᠲᠠᠭᠠᠬᠤ᠂ ᠮᠡᠳᠡᠭᠳᠡᠯ ᠢ ᠨᠡᠶᠢᠲᠡᠯᠡᠬᠦ᠂ | ᠨᠡᠷ᠎ᠡ ᠮᠡᠳᠡᠭᠦᠯᠬᠦ ᠪᠠ ᠬᠢᠷᠢ ᠬᠡᠮ ᠢ ᠬᠢᠨᠠᠨ ᠪᠠᠶᠢᠴᠠᠭᠠᠬᠤ᠂ ᠪᠠᠭᠰᠢ ᠶᠢᠨ ᠮᠣᠷᠠᠯ ᠰᠤᠷᠲᠠᠯ ᠢ ᠦᠨᠡᠯᠡᠬᠦ᠂ ᠰᠢᠯᠭᠠᠯᠲᠠ ᠬᠢᠬᠦ᠂ ᠪᠡᠶ᠎ᠡ ᠶᠢᠨ ᠪᠠᠶᠢᠴᠠᠭᠠᠯᠲᠠ ᠬᠢᠬᠦ᠂ ᠬᠢᠨᠠᠨ | ᠪᠠᠶᠢᠴᠠᠭᠠᠯᠲᠠ ᠬᠢᠬᠦ᠂ ᠠᠵᠢᠯᠲᠠᠨ ᠤ ᠨᠡᠷᠡᠰ ᠢ ᠲᠣᠭᠲᠠᠭᠠᠬᠤ᠂ ᠤᠷᠢᠵᠤ ᠬᠡᠷᠡᠭᠯᠡᠬᠦ ᠭᠠᠷ ᠭᠦᠢᠴᠡᠳᠬᠡᠯ ᠬᠢᠬᠦ ᠵᠡᠷᠭᠡ ᠠᠯᠬᠤᠮ ᠳᠠᠷᠠᠭᠠᠯᠠᠯ ᠢᠶᠠᠷ ᠶᠠᠪᠤᠭᠳᠠᠭᠤᠯᠤᠨ᠎ᠠ᠃ | ︵ᠨᠢᠭᠡ︶ ᠲᠥᠰᠥᠯ ᠲᠣᠭᠲᠠᠭᠠᠬᠤ | ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠠᠵᠢᠯ ᠳᠤ ᠪᠠᠨ ᠴᠠᠭᠠᠷᠠᠭᠰᠠᠨ | ᠪᠠᠭᠰᠢ ᠶᠢ ᠰᠣᠩᠭᠤᠨ ᠤᠷᠢᠬᠤ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠶᠢᠨ ᠬᠠᠮᠲᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠮᠡᠳᠡᠭᠦᠯᠦᠨ | ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ | ︵ᠬᠤᠶᠠᠷ︶ ᠮᠡᠳᠡᠭᠳᠡᠯ ᠢ ᠨᠡᠶᠢᠲᠡᠯᠡᠬᠦ | ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠲᠥᠪ ᠲᠤ ᠰᠣᠩᠭᠤᠨ ᠤᠷᠢᠬᠤ ᠮᠡᠳᠡᠭᠳᠡᠯ ᠢ ᠪᠠᠭᠤᠯᠭᠠᠨ᠎ᠠ᠃ | ︵ᠭᠤᠷᠪᠠ︶ ᠨᠡᠷ᠎ᠡ ᠮᠡᠳᠡᠭᠦᠯᠬᠦ ᠪᠠ ᠬᠢᠷᠢ ᠬᠡᠮ ᠢ ᠬᠢᠨᠠᠨ ᠪᠠᠶᠢᠴᠠᠭᠠᠬᠤ | ⒈ᠨᠡᠷ᠎ᠡ ᠮᠡᠳᠡᠭᠦᠯᠬᠦ ᠴᠠᠭ᠄ ᠠᠰᠲᠠᠭᠠᠨ ᠮᠡᠳᠡᠭᠳᠡᠨ᠎ᠡ᠃ ᠨᠡᠷ᠎ᠡ ᠮᠡᠳᠡᠭᠦᠯᠬᠦ ᠳᠡᠭᠡᠨ ᠡᠷᠬᠡᠪᠰᠢ ᠨᠡᠷ᠎ᠡ ᠮᠡᠳᠡᠭᠦᠯᠬᠦ ᠬᠦᠰᠦᠨᠦᠭ ᠢ ᠲᠠᠭᠯᠠᠵᠤ᠂ ᠪᠡᠶ᠎ᠡ ᠶᠢᠨ ᠦᠨᠡᠮᠯᠡᠯ᠂ | ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ᠂ | ᠪᠠᠭᠰᠢ ᠶᠢᠨ ᠬᠢᠷᠢ ᠬᠡᠮ ᠤᠨ ᠦᠨᠡᠮᠯᠡᠯ᠂ ᠨᠡᠶᠢᠲᠡᠯᠢᠭ ᠬᠡᠯᠡᠨ ᠤ ᠵᠡᠷᠭᠡ ᠳᠡᠰ ᠤᠨ ᠦᠨᠡᠮᠯᠡᠯ᠂ ︽ᠬᠤᠪᠢ ᠨᠡᠮᠡᠬᠦ ᠢᠷᠠᠭᠤ ᠠᠯᠳᠠᠷ᠂ ᠬᠤᠪᠢ ᠨᠡᠮᠡᠬᠦ ᠠᠩᠭᠢ ᠶᠢᠨ | ᠡᠷᠬᠢᠯᠡᠭᠴᠢ ᠶᠢᠨ ᠢᠷᠠᠭᠤ ᠠᠯᠳᠠᠷ︾ ᠳᠤ ᠬᠤᠯᠪᠣᠭᠳᠠᠭᠰᠠᠨ ᠦᠨᠡᠮᠯᠡᠯ ᠪᠠ ᠪᠢᠴᠢᠭ ᠮᠠᠲ᠋ᠧᠷᠢᠶᠠᠯ ᠵᠡᠷᠭᠡ ᠬᠦᠴᠦᠨ ᠪᠦᠬᠦᠢ ᠦᠨᠡᠮᠯᠡᠯ ᠪᠠ ᠬᠠᠭᠤᠯᠪᠤᠷᠢ ᠶᠢ ᠬᠠᠩᠭᠠᠨ᠎ᠠ᠃ | ᠪᠤᠢ ᠪᠦᠬᠦᠢ ᠬᠠᠭᠤᠯᠪᠤᠷᠢ ᠳᠤ ᠬᠠᠭᠤᠯᠪᠤᠷᠢᠯᠠᠭᠴᠢ ᠪᠣᠯᠣᠨ ᠬᠠᠭᠤᠯᠪᠤᠷᠢᠯᠠᠭᠰᠠᠨ ᠡᠳᠦᠷ ᠬᠤᠭᠤᠴᠠᠭ᠎ᠠ ᠵᠢᠴᠢ ︽ᠲᠤᠰ ᠬᠠᠭᠤᠯᠪᠤᠷᠢ ᠨᠢ ᠤᠭ ᠮᠠᠲ᠋ᠧᠷᠢᠶᠠᠯ ᠲᠠᠢ ᠪᠠᠨ | ᠠᠳᠠᠯᠢ ᠪᠠᠶᠢᠬᠤ ᠦᠰᠦᠭ︾ ᠢ ᠲᠣᠳᠣᠷᠬᠠᠶᠢᠯᠠᠨ᠎ᠠ᠃ | ⒉ ᠬᠠᠮᠢᠶ᠎ᠠ ᠪᠦᠬᠦᠢ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠪᠣᠶ ᠪᠦᠬᠦᠢ ᠨᠡᠷ᠎ᠡ ᠮᠡᠳᠡᠭᠦᠯᠦᠭᠰᠡᠳ ᠲᠤ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ | ᠨᠥᠬᠦᠴᠡᠯ ᠳᠤ ᠨᠡᠶᠢᠴᠡᠬᠦ ᠶᠢ ᠨᠢ ᠴᠥᠮ ᠪᠠᠭᠰᠢ ᠶᠢᠨ ᠮᠣᠷᠠᠯ ᠰᠤᠷᠲᠠᠯ ᠢ ᠦᠨᠡᠯᠡᠬᠦ ᠭᠤᠭᠴᠤᠭ᠎ᠠ ᠳᠤ ᠣᠷᠣᠭᠤᠯᠤᠨ᠎ᠠ᠃ | ︵ᠳᠥᠷᠪᠡ︶ ᠪᠠᠭᠰᠢ ᠶᠢᠨ ᠮᠣᠷᠠᠯ ᠰᠤᠷᠲᠠᠯ ᠢ ᠦᠨᠡᠯᠡᠬᠦ | ᠪᠠᠭᠰᠢ ᠶᠢᠨ ᠮᠣᠷᠠᠯ ᠰᠤᠷᠲᠠᠯ ᠤᠨ ᠦᠨᠡᠯᠡᠯᠲᠡ ᠶᠢ ᠪᠠᠶᠢᠭᠤᠯᠭ᠎ᠠ ᠨᠢᠭᠡᠴᠢ ᠶᠢᠨ ᠤᠳᠤᠷᠢᠳᠬᠤ ᠪᠠᠭ ᠨᠢ ᠪᠠᠭᠰᠢ ᠶᠢᠨ ᠬᠤᠪᠢ ᠬᠥᠮᠥᠨ ᠤ ᠪᠣᠳᠠᠲᠤ ᠢᠯᠡᠷᠡᠯ ᠲᠠᠢ | ᠤᠶᠠᠯᠳᠤᠭᠤᠯᠤᠨ ᠬᠠᠮᠲᠤ ᠪᠠᠷ ᠰᠤᠳᠤᠯᠵᠤ᠂ ᠪᠠᠭᠰᠢ ᠶᠢᠨ ᠮᠣᠷᠠᠯ ᠰᠤᠷᠲᠠᠯ ᠨᠢ ᠬᠢᠷᠢ ᠲᠡᠩᠴᠡᠭᠰᠡᠨ ᠭᠡᠵᠦ ᠦᠵᠡᠪᠡᠯ᠂ ᠰᠢᠯᠭᠠᠯᠲᠠ ᠳᠤ ᠣᠷᠣᠯᠴᠠᠬᠤ ᠶᠢ | ᠵᠥᠪᠰᠢᠶᠡᠷᠡᠭᠰᠡᠨ ᠭᠡᠷᠡᠴᠢ ᠭᠠᠷᠭᠠᠵᠤ ᠥᠭᠭᠦᠨ᠎ᠡ᠂ ᠪᠠᠭᠰᠢ ᠶᠢᠨ ᠮᠣᠷᠠᠯ ᠰᠤᠷᠲᠠᠯ ᠨᠢ ᠬᠢᠷᠢ ᠲᠡᠩᠴᠡᠭᠰᠡᠨ ᠦᠭᠡᠢ ᠭᠡᠵᠦ ᠦᠵᠡᠪᠡᠯ᠂ ᠰᠢᠯᠭᠠᠯᠲᠠ ᠳᠤ ᠣᠷᠣᠯᠴᠠᠬᠤ ᠶᠢ | ᠵᠥᠪᠰᠢᠶᠡᠷᠡᠭᠰᠡᠨ ᠭᠡᠷᠡᠴᠢ ᠭᠠᠷᠭᠠᠵᠤ ᠥᠭᠬᠦ ᠦᠭᠡᠢ᠃ | ︵ᠲᠠᠪᠤ︶ ᠰᠢᠯᠭᠠᠬᠤ | ⒈ ᠰᠢᠯᠭᠠᠯᠲᠠ ᠶᠢ ᠪᠢᠷ ᠤᠨ ᠰᠢᠯᠭᠠᠯᠲᠠ ᠶᠢᠨ ᠠᠷᠭ᠎ᠠ ᠪᠠᠷ ᠶᠠᠪᠤᠭᠳᠠᠭᠤᠯᠤᠨ᠎ᠠ᠃ | ⒉ ᠪᠢᠷ ᠤᠨ ᠰᠢᠯᠭᠠᠯᠲᠠ ᠳᠤ ᠵᠥᠪᠬᠡᠨ ᠨᠢᠭᠡ ᠯᠡ ᠲᠥᠷᠥᠯ ᠤᠨ ︽ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠮᠡᠳᠡᠯᠭᠡ︾ ᠶᠢ ᠰᠢᠯᠭᠠᠨ᠎ᠠ᠂ ᠳᠤᠮᠳᠠᠳᠤ | ᠰᠤᠷᠭᠠᠭᠤᠯᠢ ᠶᠢᠨ ᠪᠠᠭᠰᠢ ᠶᠢᠨ ᠰᠢᠯᠭᠠᠯᠲᠠ ᠳᠤ ᠭᠤᠣᠯᠳᠠᠭᠤ ︽ᠶᠡᠷᠦᠩᠬᠡᠶᠢᠯᠡᠭᠰᠡᠨ ᠬᠡᠪ ᠪᠣᠯᠪᠠᠰᠤᠷᠠᠯ︾᠂ ︽ᠰᠤᠷᠭᠠᠨ ᠬᠥᠮᠦᠵᠢᠯ ᠤᠨ ᠮᠡᠳᠡᠯᠭᠡ ᠪᠠ ᠴᠢᠳᠠᠪᠤᠷᠢ︾ | ᠶᠢ ᠪᠠᠭᠲᠠᠭᠠᠨ᠎ᠠ︔ ᠪᠠᠭ᠎ᠠ ᠰᠤᠷᠭᠠᠭᠤᠯᠢ ᠶᠢᠨ ᠪᠠᠭᠰᠢ ᠶᠢᠨ ᠰᠢᠯᠭᠠᠯᠲᠠ ᠳᠤ ᠭᠤᠣᠯᠳᠠᠭᠤ ︽ ᠶᠡᠷᠦᠩᠬᠡᠶᠢᠯᠡᠭᠰᠡᠨ ᠬᠡᠪ ᠪᠣᠯᠪᠠᠰᠤᠷᠠᠯ︾᠂ ︽ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠮᠡᠳᠡᠯᠭᠡ ᠪᠠ ᠴᠢᠳᠠᠪᠤᠷᠢ︾ ᠪᠠᠭᠲᠠᠨ᠎ᠠ︔ ᠬᠡᠦᠬᠡᠳ ᠤᠨ ᠴᠡᠴᠡᠷᠯᠢᠭ ᠤᠨ ᠪᠠᠭᠰᠢ ᠶᠢᠨ ᠰᠢᠯᠭᠠᠯᠲᠠ ᠳᠤ ᠭᠤᠣᠯᠳᠠᠭᠤ ︽ᠶᠡᠷᠦᠩᠬᠡᠶᠢᠯᠡᠭᠰᠡᠨ | ᠬᠡᠪ ᠪᠣᠯᠪᠠᠰᠤᠷᠠᠯ︾ ᠪᠠ ︽ᠠᠰᠠᠷᠠᠨ ᠬᠥᠮᠥᠵᠢᠭᠦᠯᠬᠦ ᠮᠡᠳᠡᠯᠭᠡ ᠪᠠ ᠴᠢᠳᠠᠪᠤᠷᠢ︾᠂ ︽3 ︱ 6 ᠨᠠᠰᠤᠨ ᠤ ᠬᠡᠦᠬᠡᠳ ᠤᠨ ᠰᠤᠷᠤᠯᠴᠠᠯᠭ᠎ᠠ ᠪᠠ ᠬᠥᠭᠵᠢᠯᠲᠡ ᠶᠢᠨ | ᠵᠦᠭᠯᠡᠭᠦᠷ︾᠂ ︽ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠵᠢᠯᠤᠭᠤᠳᠬᠤ ᠬᠥᠲᠥᠯᠪᠦᠷᠢ︾ ᠶᠢ ᠰᠢᠯᠭᠠᠨ ᠪᠠᠶᠢᠴᠠᠭᠠᠨ᠎ᠠ᠃ ᠠᠵᠢᠯ ᠤᠨ ᠪᠠᠶᠢᠷᠢ | ᠪᠦᠷᠢ ᠳᠤ ᠨᠢᠭᠡ ᠬᠤᠪᠢ ᠰᠢᠯᠭᠠᠯᠲᠠ ᠶᠢᠨ ᠬᠠᠭᠤᠳᠠᠰᠤ ᠥᠭᠭᠦᠨ᠎ᠡ᠃ ᠰᠢᠯᠭᠠᠯᠲᠠ ᠶᠢᠨ ᠬᠠᠭᠤᠳᠠᠰᠤ ᠶᠢᠨ ᠶᠡᠷᠦᠩᠬᠡᠢ ᠬᠤᠪᠢ ᠨᠢ 100 ᠬᠤᠪᠢ ᠪᠣᠯᠣᠨ᠎ᠠ᠃ | ︵ᠵᠢᠷᠭᠤᠭ᠎ᠠ︶ ᠶᠡᠷᠦᠩᠬᠡᠢ ᠬᠢᠷᠢ ᠪᠦᠲᠦᠮᠵᠢ ᠶᠢ ᠪᠤᠳᠤᠬᠤ | ⒈ ᠶᠡᠷᠦᠩᠬᠡᠢ ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠬᠢᠷᠢ ᠪᠦᠲᠦᠮᠵᠢ + ᠨᠡᠮᠡᠵᠦ ᠬᠠᠰᠤᠬᠤ ᠬᠤᠪᠢ᠃ | ⒉ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠲᠣᠰ ᠤᠳᠠᠭᠠᠨ ᠤ ᠰᠢᠯᠭᠠᠯᠲᠠ ᠶᠢᠨ ᠬᠢᠷᠢ | ᠲᠡᠩᠴᠡᠬᠦ ᠱᠤᠭᠤᠮ ᠢ ᠵᠠᠭᠠᠭᠯᠠᠨ ᠲᠣᠭᠲᠠᠭᠠᠵᠤ᠂ ᠬᠢᠷᠢ ᠲᠡᠩᠴᠡᠬᠦ ᠱᠤᠭᠤᠮ ᠢ 60 ᠬᠤᠪᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠬᠢᠷᠢ ᠲᠡᠩᠴᠡᠭᠰᠡᠳ ᠢ | ᠪᠡᠶ᠎ᠡ ᠶᠢᠨ ᠪᠠᠶᠢᠴᠠᠭᠠᠯᠲᠠ ᠬᠢᠬᠦ ᠭᠤᠭᠴᠤᠭ᠎ᠠ ᠳᠤ ᠣᠷᠣᠭᠤᠯᠤᠨ᠎ᠠ᠃ | ⒈ᠬᠤᠪᠢ ᠨᠡᠮᠡᠬᠦ ᠪᠠ ᠬᠤᠪᠢ ᠬᠠᠰᠤᠬᠤ ᠪᠠᠶᠢᠳᠠᠯ ᠨᠢ ᠳᠣᠣᠷᠠᠬᠢ ᠮᠡᠲᠦ᠄ | ⑴ᠢᠷᠠᠭᠤ ᠠᠯᠳᠠᠷ ᠢᠶᠠᠷ ᠬᠤᠪᠢ ᠨᠡᠮᠡᠬᠦ᠃ ᠬᠤᠲᠠ᠂ ᠬᠤᠰᠢᠭᠤᠨ ᠤ ᠲᠠᠰ ᠤᠨ ᠪᠠᠭᠰᠢ ᠶᠢᠨ ᠪᠠᠶᠠᠷ ᠤᠨ ᠬᠥᠬᠢᠭᠦᠯᠦᠯ ᠤᠨ ᠢᠷᠠᠭᠤ ᠠᠯᠳᠠᠷ ᠢ ᠭᠥᠷᠳᠡᠭᠰᠡᠨ | ᠪᠠᠶᠢᠪᠠᠯ ᠲᠣᠰ ᠲᠣᠰ 2 ᠬᠤᠪᠢ᠂ 1 ᠬᠤᠪᠢ ᠨᠡᠮᠡᠨ᠎ᠡ᠃ ᠬᠤᠲᠠ ᠶᠢᠨ ᠲᠠᠰ ᠤᠨ ᠬᠢᠴᠢᠶᠡᠯ ᠲᠥᠷᠥᠯ ︵ᠠᠩᠭᠢ ᠶᠢᠨ ᠡᠷᠬᠢᠯᠡᠭᠴᠢ︶ ᠤᠨ ᠳᠠᠭᠠᠭᠤᠯᠤᠭᠴᠢ᠂ ᠵᠢᠭᠠᠨ | ᠰᠤᠷᠭᠠᠬᠤ ᠴᠢᠳᠠᠪᠤᠷᠢᠲᠠᠨ᠂ ᠦᠨᠳᠦᠰᠦᠨ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠳᠤ ᠲᠣᠰ ᠲᠣᠰ 3 ᠬᠤᠪᠢ᠂ 2.5 ᠬᠤᠪᠢ᠂ 2 | ᠬᠤᠪᠢ ᠨᠡᠮᠡᠨ᠎ᠡ︔ ᠬᠤᠰᠢᠭᠤᠨ ᠤ ᠲᠠᠰ ᠤᠨ ᠬᠢᠴᠢᠶᠡᠯ ᠲᠥᠷᠥᠯ ︵ᠠᠩᠭᠢ ᠶᠢᠨ ᠡᠷᠬᠢᠯᠡᠭᠴᠢ︶ ᠤᠨ ᠳᠠᠭᠠᠭᠤᠯᠤᠭᠴᠢ᠂ ᠵᠢᠭᠠᠨ ᠰᠤᠷᠭᠠᠬᠤ ᠴᠢᠳᠠᠪᠤᠷᠢᠲᠠᠨ᠂ | ᠦᠨᠳᠦᠰᠦᠨ ᠮᠡᠷᠭᠡᠵᠢᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠳᠤ ᠲᠣᠰ ᠲᠣᠰ 2 ᠬᠤᠪᠢ᠂ 1.5 ᠬᠤᠪᠢ᠂ 1 ᠬᠤᠪᠢ ᠨᠡᠮᠡᠨ᠎ᠡ᠃ ᠳᠡᠭᠡᠷᠡᠬᠢ | ᠬᠤᠪᠢ ᠨᠡᠮᠡᠬᠦ ᠳᠤ ᠬᠠᠮᠤᠭ ᠤᠨ ᠥᠨᠳᠥᠷ ᠬᠤᠪᠢ ᠶᠢ ᠨᠡᠮᠡᠵᠦ ᠥᠭᠭᠦᠨ᠎ᠡ᠂ ᠨᠡᠮᠡᠨ ᠪᠤᠳᠤᠵᠤ ᠨᠡᠶᠢᠲᠡ ᠬᠤᠪᠢ ᠨᠡᠮᠡᠬᠦ ᠦᠭᠡᠢ᠂ ᠳᠡᠭᠡᠷᠡᠬᠢ ᠢᠷᠠᠭᠤ ᠠᠯᠳᠠᠷ ᠠᠴᠠ | ᠪᠤᠰᠤᠳ ᠢᠷᠠᠭᠤ ᠠᠯᠳᠠᠷ ᠲᠤ ᠬᠤᠪᠢ ᠨᠡᠮᠡᠬᠦ ᠦᠭᠡᠢ᠃ | ⑵ᠠᠩᠭᠢ ᠶᠢᠨ ᠡᠷᠬᠢᠯᠡᠭᠴᠢ ᠶᠢᠨ ᠢᠷᠠᠭᠤ ᠠᠯᠳᠠᠷ ᠢᠶᠠᠷ ᠬᠤᠪᠢ ᠨᠡᠮᠡᠬᠦ᠃ ᠬᠤᠰᠢᠭᠤᠨ ᠤ ᠲᠠᠰ ᠤᠨ ᠳᠣᠲᠣᠨᠣ ᠰᠠᠶᠢᠬᠠᠨ ᠬᠢᠴᠢᠶᠡᠯ ᠤᠨ ᠭᠡᠷ᠂ ᠲᠡᠷᠢᠭᠦᠨ ᠤ | ᠠᠩᠭᠢ ᠶᠢᠨ ᠬᠠᠮᠲᠤ ᠨᠡᠶᠢᠲᠡ᠂ ᠰᠢᠯᠢᠳᠡᠭ ᠠᠩᠭᠢ ᠶᠢᠨ ᠡᠷᠬᠢᠯᠡᠭᠴᠢ ᠳᠤ 1 ᠬᠤᠪᠢ ᠨᠡᠮᠡᠵᠦ᠂ ᠬᠤᠲᠠ ᠶᠢᠨ ᠲᠠᠰ ᠤᠨ ᠳᠤᠲᠤᠨᠤ ᠰᠠᠶᠢᠬᠠᠨ ᠬᠢᠴᠢᠶᠡᠯ ᠤᠨ ᠭᠡᠷ᠂ | ᠲᠡᠷᠢᠭᠦᠨ ᠤ ᠠᠩᠭᠢ ᠶᠢᠨ ᠬᠠᠮᠲᠤ ᠨᠡᠶᠢᠲᠡ᠂ ᠰᠢᠯᠢᠳᠡᠭ ᠠᠩᠭᠢ ᠶᠢᠨ ᠡᠷᠬᠢᠯᠡᠭᠴᠢ ᠳᠤ 2 ᠬᠤᠪᠢ ᠨᠡᠮᠡᠨ᠎ᠡ᠂ ᠲᠣᠰ ᠢᠷᠠᠭᠤ ᠠᠯᠳᠠᠷ ᠢ ᠬᠠᠮᠤᠭ ᠤᠨ ᠥᠨᠳᠥᠷ | ᠱᠠᠩᠨᠠᠯ ᠤᠨ ᠵᠦᠢᠯ ᠢᠶᠠᠷ ᠨᠢ ᠬᠤᠪᠢ ᠨᠡᠮᠡᠵᠦ᠂ ᠨᠡᠮᠡᠵᠦ ᠪᠤᠳᠤᠵᠤ ᠨᠡᠶᠢᠲᠡ ᠬᠤᠪᠢ ᠨᠡᠮᠡᠬᠦ ᠦᠭᠡᠢ᠃ | ⑶ᠠᠩᠭᠢ ᠶᠢᠨ ᠡᠷᠬᠢᠯᠡᠭᠴᠢ ᠶᠢᠨ ᠠᠵᠢᠯ ᠤᠨ ᠥᠩᠭᠡᠷᠡᠯᠲᠡ ᠳᠤ ᠬᠤᠪᠢ ᠨᠡᠮᠡᠬᠦ᠃ 2024 ᠣᠨ ᠤ 7 ᠳ᠋ᠤᠭᠠᠷ ᠰᠠᠷ᠎ᠠ ᠪᠣᠯᠲᠠᠯ᠎ᠠ᠂ ᠮᠠᠨ ᠤ ᠬᠤᠰᠢᠭᠤᠨ ᠳᠤ | ᠠᠩᠭᠢ ᠶᠢᠨ ᠡᠷᠬᠢᠯᠡᠭᠴᠢ ᠶᠢᠨ ᠠᠵᠢᠯ ᠤᠨ ᠥᠩᠭᠡᠷᠡᠯᠲᠡ ᠲᠠᠢ ᠪᠦᠭᠡᠳ ᠪᠦᠬᠦᠯᠢ 1 ᠵᠢᠯ ᠬᠦᠷᠬᠦ ᠪᠦᠷᠢ 0.2 ᠬᠤᠪᠢ ᠨᠡᠮᠡᠨ᠎ᠡ᠃ | ⑷ᠬᠤᠪᠢ ᠬᠠᠰᠤᠬᠤ᠂ ᠨᠠᠮ ᠤᠨ ᠰᠠᠬᠢᠯᠭ᠎ᠠ ᠪᠠᠲᠤ᠂ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠣᠯᠵᠤ ᠥᠩᠭᠡᠷᠡᠭᠰᠡᠨ ᠪᠥᠭᠡᠳ ᠬᠤᠭᠤᠴᠠᠭ᠎ᠠ ᠨᠢ | ᠳᠦᠭᠦᠷᠦᠭᠰᠡᠨ ᠪᠠᠶᠢᠪᠠᠯ 5 ᠬᠤᠪᠢ ᠬᠠᠰᠤᠨ᠎ᠠ᠃ | ⑸ ᠵᠢᠯ ᠪᠣᠯᠭᠠᠨ ᠤ ᠬᠢᠨᠠᠨ ᠰᠢᠯᠭᠠᠷᠠᠭᠤᠯᠤᠯᠲᠠ ᠳᠤ ᠦᠨᠳᠦᠰᠦᠨ ᠳᠡᠭᠡᠨ ᠬᠢᠷᠢ ᠲᠡᠩᠴᠡᠭᠰᠡᠨ ᠪᠠᠶᠢᠬᠤ ᠪᠦᠷᠢ 5 ᠬᠤᠪᠢ ᠬᠠᠰᠤᠨ᠎ᠠ᠂ ᠵᠢᠯ ᠪᠣᠯᠭᠠᠨ ᠤ ᠬᠢᠨᠠᠨ | ᠰᠢᠯᠭᠠᠷᠠᠭᠤᠯᠤᠯᠲᠠ ᠳᠤ ᠬᠢᠷᠢ ᠲᠡᠩᠴᠡᠬᠦ ᠦᠭᠡᠢ ᠪᠦᠷᠢ 10 ᠬᠤᠪᠢ ᠬᠠᠰᠤᠨ᠎ᠠ᠃ | ︵ᠳᠣᠯᠤᠭ᠎ᠠ︶ ᠪᠡᠶ᠎ᠡ ᠶᠢᠨ ᠪᠠᠶᠢᠴᠠᠭᠠᠯᠲᠠ ᠬᠢᠬᠦ | ⒈ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠶᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠣᠭᠲᠠᠭᠠᠵᠤ᠂ | ᠵᠠᠷᠤᠳᠠᠯ ᠢ ᠤᠷᠢᠨ ᠬᠡᠷᠡᠭᠯᠡᠭᠳᠡᠬᠦ ᠬᠥᠮᠥᠰ ᠥᠪᠡᠷ ᠢᠶᠠᠨ ᠬᠠᠷᠢᠭᠤᠴᠠᠨ᠎ᠠ᠃ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠠ ᠪᠠᠷᠢᠮᠵᠢᠶ᠎ᠠ ᠶᠢ ︽ᠠᠯᠪᠠᠲᠠᠨ ᠡᠯᠰᠡᠨ | ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠨᠡᠶᠢᠳᠡᠮ ᠬᠡᠷᠡᠭᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠂ ︽ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ | ᠪᠠᠶᠢᠴᠠᠭᠠᠯᠲᠠ ᠶᠢᠨ ᠠᠵᠢᠯᠯᠠᠭᠠᠨ ᠤ ᠭᠠᠷ ᠳᠡᠪᠲᠡᠷ ︵ᠲᠤᠷᠰᠢᠨ ᠬᠡᠷᠡᠭᠵᠢᠭᠦᠯᠬᠦ︶︾᠂ ︽ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠣᠨᠴᠠᠭᠠᠢ | ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠪᠠ ︽ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ | ᠲᠤᠬᠠᠢ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ⒉ᠤᠷᠢᠭᠳᠠᠨ ᠬᠡᠷᠡᠭᠯᠡᠭᠳᠡᠭᠰᠡᠳ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠪᠡᠶ᠎ᠡ ᠶᠢᠨ ᠪᠠᠶᠢᠴᠠᠭᠠᠯᠲᠠ ᠳᠤ ᠴᠠᠭ ᠲᠠᠭᠠᠨ ᠣᠷᠣᠯᠴᠠᠬᠤ ᠦᠭᠡᠢ᠂ | ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ᠂ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠠᠳ ᠪᠡᠶ᠎ᠡ ᠶᠢᠨ | ᠪᠠᠶᠢᠴᠠᠭᠠᠯᠲᠠ ᠶᠢᠨ ᠦᠷ᠎ᠡ ᠳ᠋ᠦᠩ ᠤᠨ ᠦᠨᠡᠨ ᠪᠠᠶᠢᠳᠠᠯ ᠢ ᠠᠯᠳᠠᠭᠤᠯᠤᠭᠰᠠᠨ ᠪᠠᠶᠢᠪᠠᠯ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ | ⒊ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠳ ᠢ ᠵᠣᠬᠢᠶᠠᠨ ᠪᠠᠶᠢᠭᠤᠯᠤᠯᠲᠠ ᠠᠴᠠ ᠪᠠᠶᠢᠴᠠᠭᠠᠬᠤ ᠭᠤᠭᠴᠣᠭᠠᠨ ᠳᠤ ᠣᠷᠣᠭᠤᠯᠤᠨ᠎ᠠ᠃ | ︵ᠨᠠᠢᠮᠠ︶ ᠵᠣᠬᠢᠶᠠᠨ ᠪᠠᠶᠢᠭᠤᠯᠤᠯᠲᠠ ᠠᠴᠠ ᠬᠢᠨᠠᠨ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠳᠤ ᠤᠯᠤᠰ ᠲᠥᠷᠥ ᠶᠢᠨ ᠪᠠᠷᠢᠮᠵᠢᠶ᠎ᠠ ᠶᠢ ᠲᠣᠪᠤᠶᠢᠯᠭᠠᠨ᠂ ᠤᠷᠢᠭᠳᠠᠬᠤ ᠪᠠᠷ ᠪᠠᠶᠢᠭ᠎ᠠ ᠬᠥᠮᠥᠰ ᠤᠨ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠠᠢ ᠨᠡᠶᠢᠴᠡᠬᠦ ᠡᠰᠡᠬᠦ᠂ ︽ᠭᠤᠷᠪᠠᠨ ᠰᠠᠯᠵᠤ | ᠴᠢᠳᠠᠬᠤ ᠦᠭᠡᠢ︾ ᠶᠢ ᠪᠠᠲᠤ ᠴᠡᠭᠡᠵᠢᠯᠡᠵᠦ ᠪᠠᠶᠢᠬᠤ ᠡᠰᠡᠬᠦ᠂ ︽ᠲᠠᠪᠤᠨ ᠮᠡᠳᠡᠷᠡᠬᠦᠢ︾ ᠶᠢ ᠦᠨᠡᠨ ᠬᠦ ᠴᠢᠩᠭᠠᠳᠬᠠᠭᠰᠠᠨ ᠡᠰᠡᠬᠦ ᠵᠡᠷᠭᠡ ᠤᠯᠤᠰ ᠲᠥᠷᠥ ᠶᠢᠨ | ᠱᠠᠭᠠᠷᠳᠠᠯᠭ᠎ᠠ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠬᠦ ᠦᠭᠡᠢ ᠶᠢ ᠨᠢ ᠤᠷᠢᠨ ᠬᠡᠷᠡᠭᠯᠡᠬᠦ ᠦᠭᠡᠢ᠃ ᠬᠢᠨᠠᠨ | ᠪᠠᠶᠢᠴᠠᠭᠠᠬᠤ ᠠᠭᠤᠯᠭ᠎ᠠ ᠳᠤ ᠭᠤᠣᠯᠳᠠᠭᠤ ᠤᠷᠢᠭᠳᠠᠬᠤ ᠪᠠᠷ ᠪᠠᠶᠢᠭ᠎ᠠ ᠬᠥᠮᠥᠰ ᠤᠨ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠮᠣᠷᠠᠯ ᠰᠤᠷᠲᠠᠯ᠂ ᠴᠢᠳᠠᠪᠤᠷᠢ | ᠬᠡᠪ ᠪᠣᠯᠪᠠᠰᠤᠷᠠᠯ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ | ᠵᠠᠶᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠵᠤ᠂ ᠲᠤᠰᠬᠠᠢ ᠶᠠᠷᠢᠯᠴᠠᠭ᠎ᠠ ᠬᠢᠬᠦ᠂ ᠲᠤᠬᠠᠢ ᠶᠢᠨ ᠭᠠᠵᠠᠷ ᠲᠤᠨᠢ ᠪᠠᠶᠢᠳᠠᠯ ᠢ ᠣᠶᠢᠯᠠᠭᠠᠬᠤ᠂ | ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ᠂ ᠪᠣᠳᠠᠲᠠᠢ | ᠬᠢᠨᠠᠨ ᠪᠠᠶᠢᠴᠠᠭᠠᠭᠰᠠᠨ ᠦᠷ᠎ᠡ ᠳ᠋ᠦᠩ ᠭᠠᠷᠭᠠᠨ᠎ᠠ᠃ | ︵ᠶᠢᠰᠦ︶ ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠨᠡᠷᠡᠰ ᠢ ᠲᠣᠭᠲᠠᠭᠠᠬᠤ | ⒈ᠶᠡᠷᠦᠩᠬᠡᠢ ᠬᠢᠷᠢ ᠪᠦᠲᠦᠮᠵᠢ ᠨᠢ ᠬᠢᠷᠢ ᠲᠡᠩᠴᠡᠭᠰᠡᠨ ᠡᠰᠡᠬᠦ ᠵᠢᠴᠢ ᠪᠡᠶ᠎ᠡ ᠶᠢᠨ ᠪᠠᠶᠢᠴᠠᠭᠠᠯᠲᠠ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ | ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠨᠡᠷᠡᠰ ᠢ ᠲᠣᠭᠲᠠᠭᠠᠬᠤ ᠶᠢᠨ ᠬᠠᠮᠲᠤ᠂ ᠵᠣᠬᠢᠬᠤ ᠬᠡᠪᠴᠢᠶᠡᠨ ᠳᠣᠲᠣᠷ᠎ᠠ ᠢᠯᠡ ᠨᠡᠶᠢᠲᠡᠯᠡᠨ᠎ᠡ᠃ ᠢᠯᠡ ᠨᠡᠶᠢᠲᠡᠯᠡᠬᠦ | ᠬᠤᠭᠤᠴᠠᠭᠠᠨ ᠳᠤ ᠨᠡᠶᠢᠭᠡᠮ ᠤᠨ ᠬᠢᠨᠠᠯᠲᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ | ᠳᠤᠲᠠᠭᠤ ᠪᠠᠶᠢᠵᠤ ᠪᠣᠯᠬᠤ ᠦᠭᠡᠢ᠃ | ⒉ᠡᠯᠰᠡᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ ᠰᠢᠯᠭᠠᠨ ᠦᠨᠡᠯᠡᠬᠦ ᠪᠠ ᠰᠢᠯᠭᠠᠯᠲᠠ ᠳᠤ ᠣᠷᠣᠯᠴᠠᠭᠰᠠᠨ ᠪᠠᠭᠰᠢ ᠶᠢᠨ ᠬᠢᠷᠢ ᠬᠡᠮ ᠤᠨ ᠬᠢᠨᠠᠨ | ᠪᠠᠶᠢᠴᠠᠭᠠᠯᠲᠠ ᠶᠢ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠪᠥᠬᠦ ᠶᠠᠪᠤᠴᠠ ᠳᠤ ᠲᠣᠭᠤᠰᠢᠯᠠᠭᠤᠯᠵᠤ᠂ ᠡᠯᠰᠡᠨ ᠬᠡᠷᠡᠭᠯᠡᠬᠦ ᠪᠠᠷ | ᠪᠠᠶᠢᠭ᠎ᠠ ᠬᠥᠮᠥᠰ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠣᠷᠣᠨ ᠲᠤᠭ᠎ᠠ ᠳᠤ ᠣᠷᠣᠬᠤ ᠬᠢᠷᠢ ᠬᠡᠮ ᠢ ᠨᠢ ᠬᠠᠰᠤᠨ᠎ᠠ᠃ | ⑴ᠤᠷᠢᠨ ᠬᠡᠷᠡᠭᠯᠡᠬᠦ ᠶᠢ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠠᠴᠠ ᠡᠮᠦᠨ᠎ᠡ᠂ ᠪᠤᠰᠤᠳ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠳᠤ ᠨᠢᠭᠡᠨᠲᠡ | ᠰᠢᠨ᠎ᠡ ᠪᠠᠷ ᠡᠯᠰᠡᠭᠳᠡᠭᠰᠡᠨ ᠪᠤᠶᠤ ᠪᠦᠬᠦᠯᠢ ᠡᠳᠦᠷ ᠤᠨ ᠳᠦᠷᠢᠮᠲᠦ ᠰᠤᠷᠤᠭᠴᠢ ᠪᠠᠷ ᠡᠯᠰᠡᠭᠳᠡᠭᠰᠡᠨ ᠪᠠᠶᠢᠬᠤ᠃ | ⑵ ᠰᠣᠩᠭᠤᠨ ᠤᠷᠢᠬᠤ ᠶᠠᠪᠤᠴᠠ ᠳᠤ ᠮᠡᠳᠡᠭᠡ ᠵᠠᠩᠭᠢ ᠨᠢ ᠦᠨᠡᠨ ᠪᠣᠳᠠᠲᠠᠢ ᠪᠢᠰᠢ᠂ ᠨᠥᠬᠦᠴᠡᠯ ᠨᠢ ᠨᠡᠶᠢᠴᠡᠬᠦ ᠦᠭᠡᠢ᠂ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠬᠤ ᠵᠡᠷᠭᠡ ᠠᠴᠠ ᠪᠣᠯᠵᠤ ᠤᠷᠢᠨ ᠬᠡᠷᠡᠭᠯᠡᠬᠦ ᠶᠢ ᠨᠥᠯᠥᠭᠡᠯᠡᠭᠰᠡᠨ ᠪᠠᠶᠢᠬᠤ᠃ | ⑶ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠳᠤ ᠣᠷᠣᠨ ᠲᠤᠭ᠎ᠠ ᠳᠤ ᠣᠷᠣᠬᠤ ᠪᠠ ᠤᠷᠢᠵᠤ ᠬᠡᠷᠡᠭᠯᠡᠬᠦ ᠶᠢ ᠨᠥᠯᠥᠭᠡᠯᠡᠬᠦ ᠠᠰᠠᠭᠤᠳᠠᠯ ᠣᠷᠣᠰᠢᠵᠤ | ᠪᠠᠶᠢᠬᠤ᠃ | ⑷ᠰᠣᠩᠭᠤᠨ ᠤᠷᠢᠬᠤ ᠬᠤᠭᠤᠴᠠᠭᠠᠨ ᠳᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠪᠤᠶᠤ ᠪᠠᠭᠰᠢ ᠶᠢᠨ ᠮᠣᠷᠠᠯ ᠰᠤᠷᠲᠠᠯ ᠠᠴᠠ ᠵᠥᠷᠢᠴᠡᠭᠰᠡᠨ | ᠠᠵᠢᠯᠯᠠᠭ᠎ᠠ ᠬᠢᠭᠰᠡᠨ ᠪᠠᠶᠢᠬᠤ᠃ | ︵ᠠᠷᠪᠠ︶ ᠤᠷᠢᠨ ᠬᠡᠷᠡᠭᠯᠡᠬᠦ | ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠠᠰᠠᠭᠤᠳᠠᠯ ᠦᠭᠡᠢ ᠪᠤᠶᠤ ᠲᠤᠰᠬᠠᠭᠰᠠᠨ ᠠᠰᠠᠭᠤᠳᠠᠯ ᠲᠠᠢ ᠪᠣᠯᠪᠠᠴᠤ ᠡᠯᠰᠡᠨ ᠬᠡᠷᠡᠭᠯᠡᠬᠦ ᠶᠢ | ᠨᠥᠯᠥᠭᠡᠯᠡᠬᠦ ᠦᠭᠡᠢ ᠬᠥᠮᠥᠰ ᠲᠤ ᠤᠷᠢᠨ ᠬᠡᠷᠡᠭᠯᠡᠬᠦ ᠭᠠᠷᠳᠠᠮ ᠭᠦᠢᠴᠡᠳᠬᠡᠬᠦ ᠶᠢᠨ ᠬᠠᠮᠲᠤ ᠠᠵᠢᠯ ᠦᠢᠯᠡᠰ ᠤᠨ ᠨᠢᠭᠡᠴᠢ ᠶᠢᠨ ᠤᠷᠢᠨ ᠬᠡᠷᠡᠭᠯᠡᠬᠦ ᠪᠢᠴᠢᠭ ᠮᠠᠲ᠋ᠧᠷᠢᠶᠠᠯ ᠢ | ᠭᠠᠷᠭᠠᠨ ᠥᠭᠴᠦ᠂ ᠠᠵᠢᠯ ᠦᠢᠯᠡᠰ ᠤᠨ ᠨᠢᠭᠡᠴᠢ ᠶᠢᠨ ᠤᠷᠢᠨ ᠬᠡᠷᠡᠭᠯᠡᠬᠦ ᠭᠡᠷ᠎ᠡ ᠲᠣᠭᠲᠠᠨ᠎ᠠ︔ ᠲᠤᠰᠬᠠᠭᠰᠠᠨ ᠠᠰᠠᠭᠤᠳᠠᠯ ᠨᠢ ᠨᠥᠯᠥᠭᠡ ᠦᠵᠡᠭᠦᠯᠦᠭᠰᠡᠨ ᠪᠥᠭᠡᠳ | ᠪᠣᠳᠠᠲᠤ ᠪᠠᠷᠢᠮᠲᠠ ᠲᠠᠢ ᠪᠠᠶᠢᠪᠠᠯ᠂ ᠡᠯᠰᠡᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ ᠲᠣᠰ ᠤᠳᠠᠭᠠᠨ ᠤ ᠰᠢᠯᠭᠠᠯᠲᠠ ᠳᠤ ᠳᠤᠲᠠᠭᠳᠠᠭᠰᠠᠨ ᠣᠷᠣᠨ ᠲᠤᠭ᠎ᠠ ᠶᠢ | ᠳᠠᠷᠠᠭᠠᠯᠠᠨ ᠨᠥᠬᠦᠪᠦᠷᠢᠯᠡᠬᠦ ᠦᠭᠡᠢ᠃ ᠤᠷᠢᠨ ᠬᠡᠷᠡᠭᠯᠡᠬᠦ ᠪᠢᠴᠢᠭ ᠮᠠᠲ᠋ᠧᠷᠢᠶᠠᠯ ᠢ ᠣᠲᠤᠭ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠴᠠ ᠭᠠᠷᠭᠠᠵᠤ᠂ ᠤᠷᠢᠨ ᠬᠡᠷᠡᠭᠯᠡᠬᠦ ᠬᠥᠮᠥᠰ ᠤᠨ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠤᠭᠰᠠᠨ | ᠬᠤᠭᠤᠴᠠᠭᠠᠨ ᠳᠠᠬᠢ ᠠᠵᠢᠯᠯᠠᠭᠰᠠᠨ ᠣᠨ ᠵᠢᠯ ᠢᠶᠠᠷ ᠨᠢ ᠠᠵᠢᠯᠯᠠᠭᠰᠠᠨ ᠣᠨ ᠵᠢᠯ ᠢ ᠨᠡᠮᠡᠨ᠎ᠡ᠃ | ᠲᠠᠪᠤ᠂ ᠪᠣᠳᠠᠲᠠᠢ ᠱᠠᠭᠠᠷᠳᠠᠯᠭ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠲᠣᠰ | ᠤᠳᠠᠭᠠᠨ ᠤ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ | ᠪᠠᠶᠢᠭᠤᠯᠭ᠎ᠠ ᠨᠢᠭᠡᠴᠢ ᠨᠦᠭᠦᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ | ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠲᠣᠭᠲᠠᠭᠤᠨ ᠪᠥᠭᠡᠳ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠲᠠᠰ ᠳᠠᠷᠠᠭᠠᠯᠠᠯ ᠢ ᠵᠢᠷᠤᠮᠵᠢᠭᠤᠯᠵᠤ᠂ ᠨᠠᠷᠢᠨ ᠵᠦᠢᠯᠡᠰ ᠢ ᠴᠢᠬᠤᠯᠠᠴᠢᠯᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠰᠣᠩᠭᠤᠨ | ᠤᠷᠢᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠤᠨ ᠳᠤᠮᠳᠠ᠂ ᠠᠵᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠠᠵᠢᠯ ᠤᠨ ᠨᠠᠷᠢᠨ ᠵᠦᠢᠯᠡᠰ ᠢ | ᠴᠢᠬᠤᠯᠠᠴᠢᠯᠠᠨ᠂ ᠡᠷᠬᠡᠪᠰᠢ ᠲᠥᠪ ᠭᠤᠥᠯᠴᠢ᠂ ᠡᠷᠬᠡ ᠲᠡᠭᠰᠢ᠂ ᠢᠯᠡ ᠲᠣᠳᠣ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠠᠴᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠰᠣᠩᠭᠤᠨ ᠤᠷᠢᠬᠤ ᠶᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠬᠤ ᠠᠵᠢᠯ ᠢ ᠬᠢᠨᠠᠮᠠᠭᠠᠢ ᠰᠠᠶᠢᠲᠤᠷ ᠬᠢᠨ᠎ᠡ᠃ | ︵ᠭᠤᠷᠪᠠ︶ ᠰᠠᠬᠢᠯᠭ᠎ᠠ ᠪᠠᠲᠤ ᠶᠢ ᠴᠢᠩᠳᠠᠯᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠲᠣᠰ | ᠤᠳᠠᠭᠠᠨ ᠤ ᠰᠣᠩᠭᠤᠨ ᠤᠷᠢᠬᠤ ᠠᠵᠢᠯ ᠤᠨ ᠳᠤᠮᠳᠠ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠷᠬᠡᠪᠰᠢ ᠮᠡᠳᠡᠭᠡ ᠵᠠᠩᠭᠢ ᠶᠢ ᠢᠯᠡ ᠪᠣᠯᠭᠠᠬᠤ᠂ ᠶᠠᠪᠤᠴᠠ ᠶᠢ | ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠠᠵᠢᠯ ᠤᠨ ᠳᠤᠮᠳᠠ ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ ᠪᠠ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠦᠶᠯᠡ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢᠶᠠᠷ ᠬᠠᠮᠢᠶ᠎ᠠ ᠪᠦᠬᠦᠢ ᠬᠥᠮᠥᠰ ᠠᠴᠠ | ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠭ᠎ᠠ᠂ ᠪᠤᠰᠤᠳ ᠵᠦᠢᠯ | ︵ᠨᠢᠭᠡ︶ ᠲᠣᠰ ᠤᠳᠠᠭᠠᠨ ᠤ ᠰᠣᠩᠭᠤᠨ ᠤᠷᠢᠬᠤ ᠳᠤ ᠪᠣᠳᠠᠲᠠᠢ ᠠᠵᠢᠯ ᠤᠨ ᠪᠠᠶᠢᠷᠢ ᠶᠢᠨ ᠲᠤᠭ᠎ᠠ ᠶᠢ ᠲᠣᠭᠲᠠᠭᠠᠬᠤ ᠦᠭᠡᠢ᠃ ᠬᠢᠷᠢ ᠲᠡᠩᠴᠡᠭᠰᠡᠨ | ᠬᠥᠮᠥᠰ ᠲᠤ ︽ᠣᠷᠣᠭᠤᠯᠬᠤ ᠶᠣᠰᠣᠲᠠᠢ ᠴᠤ ᠣᠷᠣᠭᠤᠯᠤᠭᠰᠠᠨ ᠦᠭᠡᠢ︾ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠣᠰᠣᠭᠠᠷ ᠬᠠᠨᠳᠤᠵᠤ᠂ ᠳᠤᠮᠳᠠᠳᠤ | ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠦᠢᠯᠡᠰ ᠤᠨ ᠣᠷᠣᠨ ᠲᠤᠭ᠎ᠠ ᠶᠢ ᠵᠢᠯ ᠳᠠᠷᠠᠭᠠᠯᠠᠨ ᠰᠢᠢᠳᠪᠦᠷᠢᠯᠡᠵᠦ᠂ ᠬᠡᠦᠬᠡᠳ ᠤᠨ | ᠴᠡᠴᠡᠷᠯᠢᠭ ᠤᠨ ᠠᠵᠢᠯ ᠤᠨ ᠪᠠᠶᠢᠷᠢ ᠶᠢᠨ ᠠᠵᠢᠯᠲᠠᠨ ᠢ ᠵᠢᠯ ᠳᠠᠷᠠᠭᠠᠯᠠᠨ ᠬᠢᠵᠠᠭᠠᠷᠯᠠᠬᠤ ᠲᠣᠭᠠᠨ ᠤ ᠠᠵᠢᠯᠲᠠᠨ ᠤ ᠨᠡᠷᠡᠰ ᠲᠤ ᠣᠷᠣᠭᠤᠯᠵᠤ ᠦᠨᠡᠨ ᠨᠡᠷ᠎ᠡ ᠶᠢᠨ | ᠳᠦᠷᠢᠮ ᠢᠶᠠᠷ ᠬᠠᠮᠢᠶᠠᠷᠤᠨ᠎ᠠ᠃ | ︵ᠬᠤᠶᠠᠷ︶ ᠳᠤᠮᠳᠠᠳᠤ ᠪᠠᠭ᠎ᠠ ᠰᠤᠷᠭᠠᠭᠤᠯᠢ ᠨᠤᠭᠤᠳ ᠵᠢᠯ ᠪᠦᠷᠢ ᠵᠣᠬᠢᠬᠤ ᠲᠣᠭᠠᠨ ᠤ ᠬᠤᠭᠤᠰᠤᠨ ᠣᠷᠣᠨ ᠲᠤᠭ᠎ᠠ ᠭᠠᠷᠭᠠᠵᠤ᠂ ᠬᠢᠷᠢ ᠲᠡᠩᠴᠡᠭᠰᠡᠨ | ᠬᠥᠮᠥᠰ ᠤᠨ ᠣᠷᠣᠨ ᠲᠤᠭ᠎ᠠ ᠡᠵᠡᠯᠡᠬᠦ ᠳᠤ ᠬᠡᠷᠡᠭᠯᠡᠭᠦᠯᠦᠨ᠎ᠡ᠃ ᠬᠡᠦᠬᠡᠳ ᠤᠨ ᠴᠡᠴᠡᠷᠯᠢᠭ ᠨᠢ ᠵᠢᠯ ᠪᠦᠷᠢ ᠦᠯᠡᠳᠡᠭᠰᠡᠨ ᠬᠢᠵᠠᠭᠠᠷᠯᠠᠬᠤ ᠲᠤᠭ᠎ᠠ ᠶᠢᠨ ᠢᠶᠠᠨ 50% | ᠣᠷᠴᠢᠮ ᠤᠨ ᠣᠷᠣᠨ ᠲᠤᠭ᠎ᠠ ᠭᠠᠷᠭᠠᠵᠤ᠂ ᠬᠢᠷᠢ ᠲᠡᠩᠴᠡᠭᠰᠡᠨ ᠬᠥᠮᠥᠰ ᠢ ᠳᠠᠩᠰᠠᠯᠠᠬᠤ ᠳᠤ ᠬᠡᠷᠡᠭᠯᠡᠭᠦᠯᠦᠨ᠎ᠡ᠃ ᠣᠷᠣᠨ ᠲᠤᠭ᠎ᠠ ᠶᠢ ᠡᠵᠡᠯᠡᠬᠦ ᠪᠤᠶᠤ ᠳᠠᠩᠰᠠᠯᠠᠭᠤᠯᠬᠤ | ᠲᠠᠰ ᠳᠠᠷᠠᠭᠠᠯᠠᠯ ᠢ ᠲᠣᠰ ᠤᠳᠠᠭᠠᠨ ᠤ ᠬᠢᠨᠠᠨ ᠰᠢᠯᠭᠠᠷᠠᠭᠤᠯᠤᠯᠲᠠ ᠶᠢᠨ ᠶᠡᠷᠦᠩᠬᠡᠢ ᠬᠢᠷᠢ ᠪᠦᠲᠦᠮᠵᠢ ᠪᠠᠷ ᠨᠢ ᠳᠡᠭᠡᠷ᠎ᠡ ᠠᠴᠠ ᠲᠤᠷᠤᠭᠰᠢ ᠳᠠᠷᠠᠭᠠᠯᠠᠭᠤᠯᠤᠨ ᠣᠷᠣᠨ | ᠲᠤᠭ᠎ᠠ ᠡᠵᠡᠯᠡᠭᠦᠯᠬᠦ ᠪᠤᠶᠤ ᠳᠠᠩᠰᠠᠯᠠᠭᠤᠯᠤᠨ᠎ᠠ᠃ ᠵᠠᠷᠴᠢᠮ ᠳᠡᠭᠡᠷ᠎ᠡ ᠪᠠᠨ ᠬᠢᠷᠢ ᠲᠡᠩᠴᠡᠭᠰᠡᠳ ᠤᠤᠯ ᠤᠨ ᠨᠢᠭᠡᠴᠢ ᠳᠡᠭᠡᠨ ᠠᠵᠢᠯᠯᠠᠨ᠎ᠠ᠂ ᠭᠡᠪᠡᠴᠦ ᠤᠤᠯ ᠨᠢ ᠳᠡᠭᠡᠳᠦ | ᠵᠡᠷᠭᠡ ᠶᠢᠨ ᠰᠤᠷᠤᠯᠭ᠎ᠠ ᠶᠢᠨ ᠱᠠᠲᠤᠨ ᠳᠤ ᠠᠵᠢᠯᠯᠠᠵᠤ ᠪᠠᠶᠢᠭᠠᠳ ᠣᠳᠣ ᠳᠣᠣᠷᠠᠳᠤ ᠵᠡᠷᠭᠡ ᠶᠢᠨ ᠰᠤᠷᠤᠯᠭ᠎ᠠ ᠶᠢᠨ ᠱᠠᠲᠤᠨ ᠳᠤ ᠰᠢᠯᠭᠠᠭᠤᠯᠬᠤ ᠪᠠᠷ ᠨᠡᠷ᠎ᠡ | ᠮᠡᠳᠡᠭᠦᠯᠦᠭᠰᠡᠨ ᠪᠣᠯ᠂ ᠳᠣᠣᠷᠠᠳᠤ ᠵᠡᠷᠭᠡ ᠶᠢᠨ ᠰᠤᠷᠤᠯᠭ᠎ᠠ ᠶᠢᠨ ᠱᠠᠲᠤᠨ ᠤ ᠨᠢᠭᠡᠴᠢ ᠳᠤ ᠠᠵᠢᠯᠯᠠᠭᠤᠯᠬᠤ ᠪᠠᠷ ᠲᠣᠬᠢᠷᠠᠭᠤᠯᠤᠨ᠎ᠠ᠃ | ᠲᠣᠰ ᠤᠳᠠᠭᠠᠨ ᠤ ᠰᠣᠩᠭᠤᠨ ᠤᠷᠢᠬᠤ ᠠᠵᠢᠯ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠰᠣᠩᠭᠤᠨ ᠤᠷᠢᠬᠤ ᠠᠵᠢᠯ ᠪᠣᠯᠣᠨ᠎ᠠ᠂ ᠬᠢᠷᠢ ᠪᠦᠲᠦᠮᠵᠢ ᠨᠢ ᠬᠢᠷᠢ | ᠲᠡᠩᠴᠡᠭᠰᠡᠨ ᠦᠭᠡᠢ ᠪᠤᠶᠤ ᠲᠣᠰ ᠤᠳᠠᠭᠠᠨ ᠤ ᠰᠣᠩᠭᠤᠨ ᠤᠷᠢᠬᠤ ᠠᠵᠢᠯ ᠳᠤ ᠣᠷᠣᠯᠴᠠᠭᠰᠠᠨ ᠦᠭᠡᠢ ᠪᠠᠶᠢᠪᠠᠯ᠂ ᠬᠢᠷᠢ ᠬᠡᠮ ᠤᠨ ᠬᠠᠷᠠᠭᠠᠯᠵᠠᠯ ᠢ ᠬᠤᠪᠢᠷᠠᠭᠤᠯᠬᠤ | ᠦᠭᠡᠢ᠃ | ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠬᠢᠨᠠᠨ ᠪᠠᠶᠢᠴᠠᠭᠠᠬᠤ᠂ ᠢᠯᠡ ᠨᠡᠶᠢᠲᠡᠯᠡᠬᠦ᠂ ᠤᠷᠢᠨ ᠬᠡᠷᠡᠭᠯᠡᠬᠦ ᠭᠠᠷᠳᠠᠮ | ᠭᠦᠢᠴᠡᠳᠬᠡᠬᠦ ᠵᠡᠷᠭᠡ ᠵᠠᠩᠭᠢᠯᠠᠭ᠎ᠠ ᠶᠢᠨ ᠭᠤᠭᠴᠣᠭᠠᠨ ᠳᠤ ᠰᠢᠯᠭᠠᠭᠤᠯᠬᠤ᠂ ᠤᠷᠢᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠪᠠᠷ ᠪᠠᠶᠢᠭ᠎ᠠ ᠪᠣᠯ᠂ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠡᠯᠰᠡᠨ ᠤᠷᠢᠭᠳᠠᠭᠰᠠᠳ ᠲᠤ ᠬᠢᠷᠢ ᠬᠡᠮ ᠢ ᠬᠠᠰᠤᠭᠰᠠᠨ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠴᠠᠭ | ᠲᠤᠬᠠᠢ ᠳᠤᠨᠢ ᠮᠡᠳᠡᠭᠳᠡᠵᠦ᠂ ᠬᠠᠤᠯᠢ ᠶᠣᠰᠣᠭᠠᠷ ᠲᠣᠭᠠᠴᠢᠯᠲᠠ ᠬᠢᠬᠦ ᠪᠠ ᠵᠥᠪᠲᠥᠭᠡᠨ ᠲᠣᠳᠣᠷᠬᠠᠶᠢᠯᠠᠬᠤ ᠡᠷᠬᠡ ᠲᠠᠢ ᠪᠠᠶᠢᠬᠤ ᠶᠢ ᠮᠡᠳᠡᠭᠳᠡᠨ᠎ᠡ᠃ | ︵ᠳᠥᠷᠪᠡ︶ ᠲᠣᠰ ᠤᠳᠠᠭ᠎ᠠ ᠶᠢᠨ ᠰᠣᠩᠭᠤᠨ ᠤᠷᠢᠭᠰᠠᠨ ᠪᠠᠭᠰᠢ ᠭᠡᠷ᠎ᠡ ᠳᠤ ᠪᠣᠯᠵᠣᠨ ᠲᠣᠭᠲᠠᠭᠰᠠᠨ ᠲᠠᠪᠤᠨ ᠵᠢᠯ ᠤᠨ ᠦᠢᠯᠡᠴᠢᠯᠡᠬᠦ ᠬᠤᠭᠤᠴᠠᠭᠠᠨ | ᠳᠣᠲᠣᠷ᠎ᠠ᠂ ᠠᠵᠢᠯ ᠠᠴᠠ ᠪᠠᠨ ᠰᠠᠯᠵᠤ ᠠᠰᠫᠢᠷᠠᠨᠲ ᠰᠢᠯᠭᠠᠭᠤᠯᠵᠤ ᠪᠣᠯᠬᠤ ᠦᠭᠡᠢ᠂ ᠬᠤᠰᠢᠭᠤᠨ ᠤ ᠭᠠᠳᠠᠨᠠᠬᠢ ᠪᠠᠭᠰᠢ ᠶᠢᠨ ᠠᠵᠢᠯ ᠤᠨ ᠪᠠᠶᠢᠷᠢ ᠳᠤ ᠨᠡᠷ᠎ᠡ | ᠮᠡᠳᠡᠭᠦᠯᠵᠦ ᠪᠣᠯᠬᠤ ᠦᠭᠡᠢ᠂ ᠵᠥᠪᠰᠢᠶᠡᠷᠡᠯ ᠦᠭᠡᠢ ᠪᠠᠷ ᠣᠲᠤᠭ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠠᠴᠠ ᠳᠤᠷ᠎ᠠ ᠪᠠᠷ ᠢᠶᠠᠨ | ᠰᠠᠯᠤᠭᠰᠠᠨ ᠪᠠᠶᠢᠪᠠᠯ᠂ ᠤᠷᠢᠵᠤ ᠬᠡᠷᠡᠭᠯᠡᠬᠦ ᠭᠡᠷ᠎ᠡ ᠳᠤ ᠪᠣᠯᠵᠣᠨ ᠲᠣᠭᠲᠠᠭᠰᠠᠨ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠲᠠᠩᠰᠠ | ᠡᠪᠬᠡᠮᠡᠯ ᠢ ᠳᠠᠮᠵᠢᠭᠤᠯᠤᠨ ᠬᠦᠷᠭᠡᠬᠦ ᠭᠠᠷᠳᠠᠮ ᠢ ᠭᠦᠢᠴᠡᠳᠬᠡᠵᠦ ᠥᠭᠬᠦ ᠦᠭᠡᠢ᠃ | ︵ᠲᠠᠪᠤ︶ ᠲᠣᠰ ᠲᠥᠰᠥᠯ ᠢ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠭᠤᠴᠠᠨ | ᠲᠠᠶᠢᠯᠪᠤᠷᠢᠯᠠᠵᠤ᠂ ᠬᠡᠯᠡᠵᠦ ᠲᠣᠳᠣᠷᠬᠠᠶᠢᠯᠠᠭᠰᠠᠨ ᠦᠭᠡᠢ ᠪᠤᠰᠤᠳ ᠵᠦᠢᠯᠡᠰ ᠢ ᠢᠯᠡ ᠪᠠᠷ ᠡᠯᠰᠡᠨ ᠤᠷᠢᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠵᠢᠯ ᠤᠨ | ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠨ᠎ᠠ᠃ | ᠳᠠᠭᠠᠯᠳᠤᠭᠤᠯᠤᠯ᠄ | ⒈ ᠣᠲᠤᠭ ᠬᠤᠰᠢᠭᠤᠨ ᠤ 2024 ᠣᠨ ᠤ ᠠᠵᠢᠯ ᠳᠤ ᠪᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠬᠤ ᠰᠢᠯᠭᠠᠯᠲᠠ ᠳᠤ ᠨᠡᠷ᠎ᠡ ᠮᠡᠳᠡᠭᠦᠯᠬᠦ | ᠪᠦᠷᠢᠳᠬᠡᠯ ᠤᠨ ᠬᠦᠰᠦᠨᠦᠭ | ⒉ ᠣᠲᠤᠭ ᠬᠤᠰᠢᠭᠤᠨ ᠤ ᠤᠷᠢᠵᠤ ᠬᠡᠷᠡᠭᠯᠡᠬᠦ ᠪᠠᠷ ᠪᠠᠶᠢᠭ᠎ᠠ ᠪᠠᠭᠰᠢ ᠶᠢ ᠬᠢᠨᠠᠨ ᠪᠠᠶᠢᠴᠠᠭᠠᠬᠤ ᠬᠦᠰᠦᠨᠦᠭ | | | |