︽ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾ ᠢ ᠳᠠᠷᠤᠮᠠᠯᠯᠠᠨ ᠲᠠᠷᠬᠠᠭᠠᠬᠤ | ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠣᠲᠤᠭ ᠵᠠᠰᠠᠭ ᠠᠯᠪᠠᠨ ᠲᠠᠷᠬᠠᠭᠠᠭᠰᠠᠨ ﹇2024﹈ 57 ᠳ᠋ᠤᠭᠠᠷ ᠲᠣᠭᠠᠲᠤ | | ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠡᠯ᠎ᠡ | ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ | | ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ | ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ | ᠨᠢᠭᠡ᠂ ᠶᠡᠷᠦᠩᠬᠡᠢ ᠳᠦᠷᠢᠮ | ︵ᠨᠢᠭᠡ︶ ᠨᠠᠶᠢᠷᠠᠭᠤᠯᠤᠭᠰᠠᠨ ᠵᠣᠷᠢᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠬᠤ ᠡᠭᠦᠷᠭᠡ ᠶᠢᠨ | ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠷ ᠬᠤᠯᠪᠤᠭᠠᠯᠠᠨ ᠬᠥᠳᠡᠯᠦᠯᠴᠡᠬᠦ ᠪᠠ | ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠴᠠᠭ ᠲᠤᠬᠠᠢ ᠳᠤᠨᠢ ᠪᠦᠲᠦᠮᠵᠢᠲᠡᠶ ᠠᠷᠭᠠᠴᠠᠭᠠᠨ᠂ | ᠪᠣᠬᠢᠷᠲᠤᠯ ᠤᠨ ᠬᠡᠮᠵᠢᠶ᠎ᠡ ᠶᠢ ᠦᠨᠡᠨᠬᠦ ᠪᠠᠭᠠᠰᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠨ᠎ᠠ᠃ | ︵ᠬᠤᠶᠠᠷ︶ ᠨᠠᠶᠢᠷᠠᠭᠤᠯᠤᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ | ᠬᠡᠷᠡᠭ ᠢ ᠠᠷᠭᠠᠴᠠᠭᠠᠬᠤ ᠬᠠᠤᠯᠢ︾᠂ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ | ᠵᠢᠯᠤᠭᠤᠳᠬᠤ ᠰᠠᠨᠠᠯ︾ ︵ᠣᠷᠴᠢᠨ ᠲᠣᠭᠤᠷᠢᠨ ᠤ ᠠᠯᠪᠠᠨ ᠭᠡᠷ ᠠᠭᠠᠷ ᠮᠠᠨᠳᠠᠯ ᠵᠠᠬᠢᠳᠠᠯ ﹇2024﹈ 6 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠬᠠᠢ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾᠂ ︽ᠣᠷᠳᠣᠰ ᠬᠤᠲᠠ ᠶᠢᠨ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠃ | ︵ᠭᠤᠷᠪᠠ︶ ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠥᠯ ᠢ ᠣᠲᠤᠭ ᠬᠤᠰᠢᠭᠤᠨ ᠤ ᠵᠠᠰᠠᠭ ᠵᠠᠬᠢᠷᠭᠠᠨ ᠤ ᠣᠷᠣᠨ ᠪᠦᠰᠡ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠬᠤ ᠠᠵᠢᠯ ᠳᠤ ᠬᠡᠷᠡᠭᠯᠡᠨ᠎ᠡ᠃ | ︵ᠳᠥᠷᠪᠡ︶ ᠪᠡᠯᠡᠳᠬᠡᠯ ᠲᠥᠰᠥᠯ ᠤᠨ ᠲᠣᠭᠲᠠᠯᠴᠠᠭ᠎ᠠ | ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭ᠎ᠠ ᠪᠣᠯ | ᠣᠲᠤᠭ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢᠨ ᠪᠦᠷᠢᠯᠳᠦᠭᠦᠨ ᠬᠡᠰᠡᠭ ᠪᠣᠯᠣᠨ᠎ᠠ᠃ | ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠳᠤ ᠬᠤᠰᠢᠭᠤ ᠲᠠᠰ ᠤᠨ ᠲᠥᠰᠥᠯ᠂ ᠨᠡᠭᠡᠭᠡᠯᠲᠡ ᠶᠢᠨ | ᠲᠣᠭᠤᠷᠢᠭ ︵ᠬᠦᠷᠢᠶᠡᠯᠡᠩ ᠲᠣᠭᠤᠷᠢᠭ︶ ᠤᠨ ᠲᠥᠰᠥᠯ᠂ ᠬᠠᠮᠢᠶ᠎ᠠ ᠪᠦᠬᠦᠢ ᠨᠢᠭᠡᠴᠢ ᠶᠢᠨ ᠲᠤᠰᠬᠠᠢ ᠬᠡᠷᠡᠭᠵᠢᠭᠦᠯᠬᠦ ᠲᠥᠰᠥᠯ᠂ ᠪᠠᠴᠢᠮ ᠪᠠᠶᠢᠳᠠᠯ ᠢ ᠠᠷᠭᠠᠴᠠᠭᠠᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠳᠠᠩᠰᠠ᠂ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ | ᠪᠣᠳᠣᠯᠭ᠎ᠠ︾ ᠠᠪᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ | ᠪᠠᠭᠲᠠᠨ᠎ᠠ᠃ | ︵ᠲᠠᠪᠤ︶ ᠠᠵᠢᠯ ᠤᠨ ᠵᠠᠷᠴᠢᠮ | ⒈ ᠬᠥᠮᠥᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠎ᠠ᠃ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ | ᠬᠠᠮᠠᠭᠠᠯᠠᠬᠤ ᠠᠵᠢᠯ ᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠶᠢᠨ ᠬᠤᠷᠢᠭ᠎ᠠ ᠱᠤᠭᠤᠮ ᠪᠣᠯᠭᠠᠵᠤ᠂ ᠡᠳᠦᠷ ᠲᠤᠳᠤᠮ ᠤᠨ ᠬᠢᠨᠠᠨ ᠬᠡᠮᠵᠢᠬᠦ ᠪᠠ | ᠬᠠᠮᠢᠶᠠᠷᠬᠤ ᠪᠠᠨ ᠴᠢᠩᠭᠠᠳᠬᠠᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠡᠯ᠎ᠡ ᠵᠦᠢᠯ ᠤᠨ ᠪᠣᠬᠢᠷᠲᠤᠯ ᠭᠠᠳᠠᠭᠰᠢᠯᠠᠭᠤᠯᠤᠯᠲᠠ ᠶᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠣᠬᠢᠴᠠᠩᠭᠤᠢ ᠬᠠᠷᠢᠴᠠᠯ ᠳᠤ | ᠬᠦᠷᠦᠭᠦᠯᠦᠨ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ | ᠪᠣᠯᠬᠤ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ⒉ ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠨ᠎ᠡ᠃ ᠠᠭᠠᠷ ᠮᠠᠨᠳᠠᠯ ᠤᠨ ᠪᠣᠬᠢᠷᠲᠤᠯ ᠤᠨ ᠢᠷᠡᠯᠲᠡ ᠶᠢ ᠬᠢᠨᠠᠨ | ᠡᠵᠡᠮᠳᠡᠬᠦ ᠪᠠᠨ ᠴᠢᠩᠭᠠᠳᠬᠠᠨ᠂ ᠠᠭᠠᠷ ᠤᠨ ᠴᠢᠨᠠᠷ ᠴᠢᠨᠰᠠᠭ᠎ᠠ ᠪᠠ ᠴᠠᠭ ᠠᠭᠤᠷ ᠤᠨ ᠨᠥᠬᠦᠴᠡᠯ ᠤᠨ ᠡᠳᠦᠷ ᠲᠤᠳᠤᠮ ᠤᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ | ᠠᠭᠠᠷ ᠤᠨ ᠴᠢᠨᠠᠷ ᠴᠢᠨᠰᠠᠭ᠎ᠠ ᠪᠠ ᠴᠠᠭ ᠠᠭᠤᠷ ᠤᠨ ᠨᠥᠬᠦᠴᠡᠯ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠡᠵᠡᠮᠳᠡᠨ᠂ ᠬᠦᠨᠳᠦ | ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠥᠪᠳᠡᠯᠴᠡᠵᠦ ᠰᠤᠳᠤᠯᠤᠨ ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ᠂ ᠱᠠᠯᠠᠪᠳᠠᠭᠤᠯᠤᠨ ᠪᠠᠶᠢᠴᠠᠭᠠᠵᠤ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠦᠨᠳᠦ ᠪᠣᠬᠢᠷᠲᠤᠯ ᠲᠠᠢ ᠴᠠᠭ | ᠠᠭᠤᠷ ᠢ ᠢᠳᠡᠪᠬᠢᠲᠡᠢ ᠪᠥᠭᠡᠳ ᠪᠦᠲᠦᠮᠵᠢᠲᠡᠶ ᠠᠷᠭᠠᠴᠠᠭᠠᠨ᠎ᠠ᠃ | ⒊ ᠱᠠᠲᠤ ᠬᠤᠪᠢᠶᠠᠨ ᠬᠠᠮᠢᠶᠠᠷᠤᠨ ᠡᠵᠡᠮᠳᠡᠵᠦ᠂ ᠨᠠᠷᠢᠯᠢᠭ ᠣᠨᠣᠪᠴᠢᠲᠠᠢ ᠪᠠᠷ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ᠃ ︽ᠪᠣᠬᠢᠷᠲᠤᠯ ᠢ | ᠣᠯᠠᠨ ᠭᠠᠳᠠᠭᠰᠢᠯᠠᠭᠤᠯᠪᠠᠯ ᠣᠯᠠᠨ ᠬᠢᠵᠠᠭᠠᠷᠯᠠᠬᠤ᠂ ᠴᠥᠭᠡᠨ ᠭᠠᠳᠠᠭᠰᠢᠯᠠᠭᠤᠯᠪᠠᠯ ᠴᠥᠭᠡᠨ ᠬᠢᠵᠠᠭᠠᠷᠯᠠᠬᠤ᠂ ᠭᠠᠳᠠᠭᠰᠢᠯᠠᠭᠤᠯᠬᠤ ᠦᠭᠡᠢ ᠪᠣᠯ ᠥᠯᠥ ᠬᠢᠵᠠᠭᠠᠷᠯᠠᠬᠤ︾ | ᠵᠠᠷᠴᠢᠮ ᠢ ᠪᠠᠷᠢᠮᠲᠠᠯᠠᠨ᠂ ᠵᠥᠷᠢᠶᠡᠲᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ | ᠠᠷᠭ᠎ᠠ ᠪᠣᠳᠣᠯᠭ᠎ᠠ︾ ᠠᠪᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ ᠢ | ᠨᠠᠷᠢᠯᠢᠭᠵᠢᠭᠤᠯᠤᠨ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ︽ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ | ᠬᠠᠷᠭᠤᠭᠤᠯᠤᠨ ᠪᠠᠶᠢᠴᠠᠭᠠᠵᠤ ᠪᠣᠯᠬᠤ︾ ᠶᠢ ᠪᠡᠶᠡᠯᠡᠭᠦᠯᠦᠨ᠎ᠡ᠃ | ⒋ ᠬᠠᠷᠢᠶ᠎ᠠ ᠭᠠᠵᠠᠷ ᠨᠢ ᠬᠠᠷᠢᠭᠤᠴᠠᠵᠤ᠂ ᠣᠷᠣᠨ ᠪᠦᠰᠡ ᠨᠢ ᠨᠢᠭᠡᠳᠦᠯᠲᠡᠢ ᠲᠥᠯᠥᠪᠯᠡᠨ᠎ᠡ᠃ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠠᠴᠠ ᠪᠦᠭᠦ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠢ | ᠨᠢᠭᠡᠳᠦᠯᠲᠡᠢ ᠵᠢᠯᠣᠭᠤᠳᠤᠨ᠎ᠠ᠃ | ⒌ ᠪᠠᠶᠢᠭᠤᠯᠭ᠎ᠠ ᠨᠤᠭᠤᠳ ᠬᠠᠮᠲᠤᠷᠠᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ | ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠮᠡᠳᠡᠭᠡ ᠵᠠᠩᠭᠢ ᠶᠢ | ᠬᠠᠮᠲᠤᠪᠠᠷ ᠠᠰᠢᠭᠯᠠᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠷᠠᠭᠤᠯᠵᠤ᠂ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠲᠠ | ᠬᠠᠮᠵᠢᠯᠴᠠᠬᠤ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠢᠨᠠᠨ ᠬᠡᠮᠵᠢᠬᠦ᠂ ᠤᠷᠢᠳᠴᠢᠯᠠᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ᠂ ᠰᠢᠢᠳᠪᠦᠷᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠡᠮᠬᠢ ᠵᠢᠷᠤᠮ ᠲᠠᠢ | ᠨᠠᠶᠢᠳᠠᠪᠤᠷᠢᠵᠢᠭᠤᠯᠤᠨ᠎ᠠ᠃ | ᠬᠤᠶᠠᠷ᠂ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ | ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ︵ᠳᠣᠷᠣᠭᠰᠢ | ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠥᠬᠦ ᠬᠤᠰᠢᠭᠤᠨ ᠤ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠨᠢᠭᠡᠳᠦᠯᠲᠡᠢ ᠤᠳᠤᠷᠢᠳᠤᠨ ᠵᠢᠯᠣᠭᠤᠳᠤᠨ᠎ᠠ᠃ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠬᠤᠪᠢᠶᠠᠨ | ᠬᠠᠮᠢᠶᠠᠷᠴᠤ ᠪᠦᠬᠦᠢ ᠬᠤᠰᠢᠭᠤ ᠳᠡᠳ᠋ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠪᠢᠶᠠᠨ ᠬᠠᠮᠢᠶᠠᠷᠴᠤ ᠪᠦᠬᠦᠢ ᠳᠡᠳ᠋ ᠡᠷᠬᠢᠯᠡᠭᠴᠢ ᠪᠣᠯᠣᠨ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ | ᠲᠣᠪᠴᠢᠶᠠᠨ ᠳᠠᠷᠤᠭ᠎ᠠ ᠡᠭᠦᠷᠭᠡᠯᠡᠨ᠂ ᠪᠦᠷᠢᠯᠳᠦᠭᠦᠨ ᠤ ᠲᠤᠰᠢᠶᠠᠯ ᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠭᠤᠣᠯ | ᠬᠠᠷᠢᠭᠤᠴᠠᠯᠭᠠᠲᠠᠨ ᠡᠭᠦᠷᠭᠡᠯᠡᠨ᠎ᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠢ ᠣᠷᠳᠣᠰ ᠬᠤᠲᠠ ᠶᠢᠨ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠣᠲᠤᠭ ᠬᠤᠰᠢᠭᠤᠨ ᠤ ᠬᠤᠪᠢᠶᠠᠷᠢ ᠲᠣᠪᠴᠢᠶ᠎ᠠ ᠳᠤ ᠭᠠᠷᠭᠠᠨ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ | ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠤᠪᠢᠶᠠᠨ ᠬᠠᠮᠢᠶᠠᠷᠴᠤ ᠪᠠᠶᠢᠭ᠎ᠠ ᠲᠣᠪᠴᠢᠶᠠᠨ | ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠳᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ | ᠡᠳᠦᠷ ᠲᠤᠲᠤᠮ ᠤᠨ ᠠᠵᠢᠯ ᠢ ᠬᠠᠷᠢᠭᠤᠴᠠᠬᠤ᠂ ᠵᠢᠯᠤᠭᠤᠳᠬᠤ᠂ ᠵᠣᠬᠢᠴᠠᠭᠤᠯᠬᠤ᠂ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ᠂ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠷ ᠵᠥᠪᠳᠡᠯᠴᠡᠬᠦ᠂ ᠰᠤᠳᠤᠯᠤᠨ ᠮᠠᠭᠠᠳᠯᠠᠬᠤ ᠵᠢᠴᠢ ᠬᠠᠮᠢᠶ᠎ᠠ ᠪᠦᠬᠦᠢ | ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ | ᠪᠣᠯᠣᠨ ᠬᠤᠰᠢᠭᠤᠨ ᠤ ᠰᠢᠭᠤᠳ ᠬᠠᠷᠢᠶ᠎ᠠ ᠡᠯ᠎ᠡ ᠪᠦᠷᠢᠯᠳᠦᠭᠦᠨ ᠨᠢᠭᠡᠴᠢ ᠶᠢᠨ ᠬᠦᠨᠳᠦ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠪᠡᠯᠡᠳᠬᠡᠯ ᠲᠥᠰᠥᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠵᠡᠷᠭᠡ ᠪᠠᠭᠲᠠᠨ᠎ᠠ᠃ ︵ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠵᠢᠯᠤᠭᠤᠳᠬᠤ | ᠭᠠᠵᠠᠷ ᠤᠨ ᠪᠦᠷᠢᠯᠳᠦᠭᠦᠨ ᠨᠢᠭᠡᠴᠢ ᠵᠢᠴᠢ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠳᠠᠭᠠᠯᠳᠤᠭᠤᠯᠤᠯ 1᠂ ᠳᠠᠭᠠᠯᠳᠤᠭᠤᠯᠤᠯ 2 ᠲᠤ ᠦᠵᠡᠭᠡᠷᠡᠢ᠃︶ | ᠭᠤᠷᠪᠠ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ | ︵ᠨᠢᠭᠡ︶ ᠬᠢᠨᠠᠨ ᠬᠡᠮᠵᠢᠬᠦ | ⒈ ᠬᠢᠨᠠᠨ ᠬᠡᠮᠵᠢᠬᠦ᠃ ᠠᠮᠢ ᠠᠬᠤᠢ ᠣᠷᠴᠢᠨ ᠲᠣᠭᠤᠷᠢᠨ᠂ ᠴᠠᠭ ᠠᠭᠤᠷ ᠤᠨ ᠪᠠᠶᠢᠭᠤᠯᠭ᠎ᠠ ᠲᠣᠰ ᠲᠣᠰ ᠣᠷᠴᠢᠨ ᠲᠣᠭᠤᠷᠢᠨ ᠤ ᠠᠭᠠᠷ ᠤᠨ ᠴᠢᠨᠠᠷ | ᠴᠢᠨᠰᠠᠭ᠎ᠠ ᠶᠢ ᠬᠢᠨᠠᠨ ᠬᠡᠮᠵᠢᠬᠦ ᠪᠠ ᠴᠠᠭ ᠠᠭᠤᠷ ᠤᠨ ᠪᠠᠶᠢᠳᠠᠯ ᠢ ᠠᠵᠢᠭᠯᠠᠨ ᠰᠢᠨᠵᠢᠬᠦ ᠶᠢ ᠬᠠᠷᠢᠭᠤᠴᠠᠨ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ᠂ | ᠣᠳᠣᠬᠢ ᠪᠠᠶᠢᠳᠠᠯ ᠢ ᠦᠨᠡᠯᠡᠬᠦ᠂ ᠮᠡᠳᠡᠭᠡ ᠵᠠᠩᠭᠢ ᠶᠢ ᠰᠣᠯᠢᠯᠴᠠᠨ ᠠᠰᠢᠭᠯᠠᠬᠤ ᠠᠵᠢᠯ ᠢ ᠰᠠᠶᠢᠲᠤᠷ ᠬᠢᠵᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ | ᠤᠷᠢᠳᠴᠢᠯᠠᠨ ᠰᠡᠷᠡᠮᠵᠢᠯᠡᠭᠦᠯᠬᠦ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃ | ⒉ ᠤᠷᠢᠳᠴᠢᠯᠠᠨ ᠮᠡᠳᠡᠭᠡᠯᠡᠬᠦ᠃ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ | ᠭᠠᠵᠠᠷ ᠤᠨ ᠠᠯᠪᠠᠨ ᠭᠡᠷ ᠠᠴᠠ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠴᠠᠭ ᠠᠭᠤᠷ ᠵᠡᠷᠭᠡ ᠮᠡᠷᠭᠡᠵᠢᠯ ᠤᠨ ᠪᠠᠶᠢᠭᠤᠯᠭ᠎ᠠ ᠶᠢ ᠵᠣᠬᠢᠶᠠᠨ ᠪᠠᠶᠢᠭᠤᠯᠤᠨ᠂ ᠢᠷᠡᠬᠦ 7 | ︱ 10 ᠡᠳᠦᠷ ᠤᠨ ᠴᠠᠭ ᠠᠭᠤᠷ ᠤᠨ ᠪᠠᠶᠢᠳᠠᠯ᠂ ᠠᠭᠠᠷ ᠤᠨ ᠴᠢᠨᠠᠷ ᠴᠢᠨᠰᠠᠭ᠎ᠠ ᠶᠢ ᠤᠷᠢᠳᠴᠢᠯᠠᠨ ᠮᠡᠳᠡᠭᠡᠯᠡᠵᠦ᠂ ᠤᠷᠢᠳᠴᠢᠯᠠᠨ ᠰᠡᠷᠡᠮᠵᠢᠯᠡᠭᠦᠯᠬᠦ᠂ | ᠰᠢᠢᠳᠪᠦᠷᠢᠯᠡᠬᠦ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃ | ⒊ ᠵᠥᠪᠳᠡᠯᠴᠡᠬᠦ᠃ ᠠᠮᠢ ᠠᠬᠤᠢ ᠣᠷᠴᠢᠨ ᠲᠣᠭᠤᠷᠢᠨ᠂ ᠴᠠᠭ ᠠᠭᠤᠷ ᠤᠨ ᠪᠠᠶᠢᠭᠤᠯᠭ᠎ᠠ ᠢᠷᠡᠭᠡᠳᠦᠢ ᠳᠤ ᠢᠯᠡᠷᠡᠵᠦ ᠮᠡᠳᠡᠬᠦ ᠬᠦᠨᠳᠦ ᠪᠣᠬᠢᠷᠲᠤᠯ ᠲᠠᠢ ᠴᠠᠭ | ᠠᠭᠤᠷ ᠢ ᠬᠠᠮᠲᠤᠷᠠᠨ ᠵᠥᠪᠳᠡᠯᠴᠡᠵᠦ ᠮᠠᠭᠠᠳᠯᠠᠨ᠂ ᠴᠢᠬᠤᠯᠠ ᠲᠠᠢ ᠦᠶ᠎ᠡ ᠳᠤ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠠᠮᠲᠤ ᠪᠠᠷ ᠵᠥᠪᠳᠡᠯᠴᠡᠬᠦ | ᠠᠵᠢᠯ ᠢ ᠥᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠪᠤᠶᠤ ᠵᠠᠰᠠᠭ ᠤᠨ ᠣᠷᠳᠣᠨ ᠤ ᠲᠣᠭᠲᠠᠭᠠᠭᠰᠠᠨ | ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠭ᠎ᠠ ᠳᠤ ᠰᠡᠷᠡᠮᠵᠢᠯᠡᠭᠦᠯᠦᠨ ᠨᠡᠶᠢᠲᠡᠯᠡᠬᠦ᠂ ᠲᠣᠬᠢᠷᠠᠭᠤᠯᠤᠯᠲᠠ ᠬᠢᠬᠦ᠂ ᠬᠦᠴᠦᠨ | ᠦᠭᠡᠢ ᠪᠣᠯᠭᠠᠬᠤ ᠰᠠᠨᠠᠭᠤᠯᠭ᠎ᠠ ᠶᠢ ᠴᠠᠭ ᠲᠤᠬᠠᠢ ᠳᠤᠨᠢ ᠳᠤᠷᠠᠳᠤᠨ᠎ᠠ᠃ ᠳᠤᠮᠳᠠ ᠵᠡᠷᠭᠡ ᠠᠴᠠ ᠳᠡᠭᠡᠭᠰᠢ ᠪᠣᠬᠢᠷᠲᠤᠯ ᠲᠠᠢ ᠴᠠᠭ ᠠᠭᠤᠷ ᠭᠠᠷᠴᠤ ᠮᠡᠳᠡᠬᠦ ᠶᠢ | ᠲᠥᠰᠥᠭᠡᠯᠡᠬᠦ ᠳᠤ᠂ ᠠᠭᠠᠷ ᠤᠨ ᠴᠢᠨᠠᠷ ᠴᠢᠨᠰᠠᠭ᠎ᠠ ᠶᠢ ᠤᠷᠢᠳᠴᠢᠯᠠᠨ ᠮᠡᠳᠡᠭᠦᠯᠦᠭᠰᠡᠨ ᠦᠷ᠎ᠡ ᠳ᠋ᠦᠩ ᠤᠨ ᠬᠠᠮᠤᠭ ᠤᠨ ᠥᠨᠳᠥᠷ ᠢᠶᠠᠷ ᠨᠢ ᠰᠡᠷᠡᠮᠵᠢᠯᠡᠭᠦᠯᠬᠦ ᠲᠠᠰ ᠤᠨ | ᠰᠠᠨᠠᠭᠤᠯᠭ᠎ᠠ ᠳᠤᠷᠠᠳᠤᠨ᠎ᠠ᠃ | ︵ᠬᠤᠶᠠᠷ︶ ᠤᠷᠢᠳᠴᠢᠯᠠᠨ ᠰᠡᠷᠡᠮᠵᠢᠯᠡᠭᠦᠯᠬᠦ | ⒈ ᠤᠷᠢᠳᠴᠢᠯᠠᠨ ᠰᠡᠷᠡᠮᠵᠢᠯᠡᠭᠦᠯᠬᠦ ᠶᠢ ᠲᠡᠰ ᠬᠤᠪᠢᠶᠠᠬᠤ | ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠨᠢᠭᠡᠳᠦᠯᠲᠡᠢ AQI ︵ᠠᠭᠠᠷ ᠤᠨ ᠴᠢᠨᠠᠷ ᠤᠨ ᠢᠯᠡᠳᠬᠡᠭᠴᠢ ᠲᠤᠭ᠎ᠠ︶ ᠶᠢᠨ ᠡᠳᠦᠷ ᠤᠨ | ᠳᠤᠮᠳᠠᠴᠢ ᠬᠡᠮᠵᠢᠭᠳᠡᠯ ᠢᠶᠠᠷ ᠭᠦᠢᠴᠡᠳᠬᠡᠯ ᠲᠤᠭ᠎ᠠ ᠪᠣᠯᠭᠠᠵᠤ᠂ ᠦᠷᠭᠦᠯᠵᠢᠯᠡᠭᠰᠡᠨ 24 ᠴᠠᠭ ︵ᠪᠠᠶᠢᠭᠠᠯᠢ ᠶᠢᠨ ᠡᠳᠦᠷ ᠢ ᠠᠯᠤᠰᠯᠠᠵᠤ ᠪᠣᠯᠣᠨ᠎ᠠ︶ ᠤᠨ ᠳᠤᠮᠳᠠᠴᠢ | ᠬᠡᠮᠵᠢᠭᠳᠡᠯ ᠢᠶᠠᠷ ᠪᠤᠳᠤᠨ᠎ᠠ᠃ ᠪᠥᠬᠦ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠲᠠᠰ ᠢ ᠨᠢᠭᠡᠳᠬᠡᠵᠦ᠂ ᠳᠣᠣᠷ᠎ᠠ ᠲᠠᠰ | ᠠᠴᠠ ᠳᠡᠭᠡᠳᠦ ᠲᠠᠰ ᠬᠦᠷᠲᠡᠯ᠎ᠡ ᠲᠣᠰ ᠲᠣᠰ ᠰᠢᠷ᠎ᠠ ᠥᠩᠭᠡ ︵Ⅲ ᠲᠠᠰ︶᠂ ᠤᠯᠠᠪᠤᠷ ᠥᠩᠭᠡ ︵Ⅱ ᠲᠠᠰ︶ ᠪᠠ ᠤᠯᠠᠭᠠᠨ ᠥᠩᠭᠡ ︵Ⅰ ᠲᠠᠰ︶ ᠭᠡᠵᠦ | ᠬᠤᠪᠢᠶᠠᠨ᠎ᠠ᠂ ᠲᠠᠰ ᠬᠤᠪᠢᠶᠠᠬᠤ ᠪᠠᠷᠢᠮᠵᠢᠶ᠎ᠠ ᠨᠢ᠄ | ᠰᠢᠷ᠎ᠠ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ᠄ ᠲᠥᠰᠥᠭᠡᠯᠡᠭᠰᠡᠨ ᠡᠳᠦᠷ ᠤᠨ AQI >200 ᠪᠤᠶᠤ ᠡᠳᠦᠷ ᠤᠨ AQI >150 ᠪᠠᠶᠢᠳᠠᠯ 48 | ᠴᠠᠭ ᠠᠴᠠ ᠳᠡᠭᠡᠭᠰᠢ ᠦᠷᠭᠦᠯᠵᠢᠯᠡᠭᠰᠡᠨ ᠪᠥᠭᠡᠳ ᠳᠡᠭᠡᠳᠦ ᠳᠡᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠦᠭᠡᠢ᠃ | ᠤᠯᠠᠪᠤᠷ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ᠄ ᠲᠥᠰᠥᠭᠡᠯᠡᠭᠰᠡᠨ ᠡᠳᠦᠷ ᠤᠨ AQI >200 ᠪᠠᠶᠢᠳᠠᠯ 48 ᠴᠠᠭ ᠦᠷᠭᠦᠯᠵᠢᠯᠡᠭᠰᠡᠨ ᠪᠤᠶᠤ | ᠡᠳᠦᠷ ᠤᠨ AQI >150 ᠪᠠᠶᠢᠳᠠᠯ 72 ᠴᠠᠭ ᠠᠴᠠ ᠳᠡᠭᠡᠭᠰᠢ ᠦᠷᠭᠦᠯᠵᠢᠯᠡᠭᠰᠡᠨ ᠪᠥᠭᠡᠳ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ | ᠦᠭᠡᠢ᠃ | ᠤᠯᠠᠭᠠᠨ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ᠄ ᠲᠥᠰᠥᠭᠡᠯᠡᠭᠰᠡᠨ ᠡᠳᠦᠷ ᠤᠨ AQI >200 ᠪᠠᠶᠢᠳᠠᠯ 72 ᠴᠠᠭ ᠢᠶᠠᠷ ᠦᠷᠭᠦᠯᠵᠢᠯᠡᠭᠰᠡᠨ | ᠪᠥᠭᠡᠳ ᠡᠳᠦᠷ ᠤᠨ AQI >300 ᠪᠠᠶᠢᠳᠠᠯ 24 ᠴᠠᠭ ᠠᠴᠠ ᠳᠡᠭᠡᠭᠰᠢ ᠦᠷᠭᠦᠯᠵᠢᠯᠡᠭᠰᠡᠨ᠃ | ⒉ ᠤᠷᠢᠳᠴᠢᠯᠠᠭᠰᠠᠨ ᠰᠡᠷᠡᠮᠵᠢᠯᠡᠭᠦᠯᠬᠦ ᠶᠢ ᠨᠡᠶᠢᠲᠡᠯᠡᠬᠦ | ᠢᠷᠡᠭᠡᠳᠦᠢ ᠶᠢᠨ ᠠᠭᠠᠷ ᠤᠨ ᠴᠢᠨᠠᠷ ᠴᠢᠨᠰᠠᠭ᠎ᠠ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠮᠡᠳᠡᠬᠦ ᠶᠢ ᠲᠥᠰᠥᠭᠡᠯᠡᠬᠦ ᠳᠤ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤᠷᠢᠳᠴᠢᠯᠠᠭᠰᠠᠨ ᠰᠡᠷᠡᠮᠵᠢᠯᠡᠭᠦᠯᠦᠯ ᠤᠨ ᠲᠡᠰ ᠢᠶᠠᠷ 48 ᠴᠠᠭ ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠶᠢᠨ ᠬᠠᠮᠲᠤ ᠲᠣᠭᠲᠠᠭᠰᠠᠨ ᠴᠠᠭ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠢ ᠡᠬᠢᠯᠡᠭᠦᠯᠦᠨ ᠬᠡᠷᠡᠭᠵᠢᠭᠦᠯᠦᠨ᠎ᠡ᠃ ᠬᠢᠨᠠᠨ | ᠬᠡᠮᠵᠢᠬᠦ ᠡᠳᠦᠷ ᠤᠨ AQI ᠨᠢ ᠤᠷᠢᠳᠴᠢᠯᠠᠭᠰᠠᠨ ᠰᠡᠷᠡᠮᠵᠢᠯᠡᠭᠦᠯᠬᠦ ᠲᠠᠰ ᠬᠤᠪᠢᠶᠠᠬᠤ ᠪᠠᠷᠢᠮᠵᠢᠶ᠎ᠠ ᠳᠤ ᠬᠦᠷᠦᠭᠰᠡᠨ ᠪᠥᠭᠡᠳ ᠢᠷᠡᠭᠡᠳᠦᠢ ᠶᠢᠨ 24 ᠴᠠᠭ ᠤᠨ | ᠳᠣᠲᠣᠷ᠎ᠠ ᠠᠭᠠᠷ ᠤᠨ ᠴᠢᠨᠠᠷ ᠴᠢᠨᠰᠠᠭ᠎ᠠ ᠢᠯᠡᠳᠲᠡ ᠰᠠᠶᠢᠵᠢᠷᠠᠬᠤ ᠦᠭᠡᠢ ᠭᠡᠵᠦ ᠲᠥᠰᠥᠭᠡᠯᠡᠬᠦ ᠳᠤ᠂ ᠪᠣᠳᠠᠲᠠᠢ ᠪᠣᠬᠢᠷᠲᠤᠯ ᠤᠨ ᠪᠠᠶᠢᠳᠠᠯ ᠢ ᠦᠨᠳᠦᠰᠦᠯᠡᠨ᠂ | ᠬᠠᠷᠠᠭᠠᠯᠵᠠᠭᠰᠠᠨ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠡᠷᠲᠡᠬᠡᠨ ᠡᠬᠢᠯᠡᠬᠦᠯᠦᠨ᠎ᠡ᠃ | ᠣᠽᠣᠨ ︵O3︶ ᠠᠴᠠ ᠡᠭᠦᠰᠦᠭᠰᠡᠨ ᠠᠭᠠᠷ ᠤᠨ ᠬᠦᠨᠳᠦ ᠪᠣᠬᠢᠷᠲᠤᠯ ᠤᠨ ᠶᠠᠪᠤᠴᠠ ᠳᠤ᠂ ᠠᠮᠢ ᠠᠬᠤᠢ ᠣᠷᠴᠢᠨ ᠲᠣᠭᠤᠷᠢᠨ ᠤ ᠪᠠᠶᠢᠭᠤᠯᠭ᠎ᠠ ᠠᠴᠠ ᠴᠠᠭ | ᠲᠤᠬᠠᠢ ᠳᠤᠨᠢ ᠨᠡᠶᠢᠭᠡᠮ ᠳᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠠᠨᠠᠭᠤᠯᠤᠮᠵᠢ ᠶᠢ ᠨᠡᠶᠢᠲᠡᠯᠡᠬᠦ ᠶᠢᠨ ᠬᠠᠮᠲᠤ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵ | VOCs︶ ᠪᠣᠯᠣᠨ ᠠᠽᠣᠲ ᠤᠨ ᠢᠰᠦᠮᠡᠭ ︵NOx︶ ᠭᠠᠳᠠᠭᠰᠢᠯᠠᠭᠤᠯᠬᠤ ᠢᠷᠡᠯᠲᠡ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠡᠯᠡᠰᠦ ᠲᠣᠭᠤᠰᠣ ᠳᠡᠭᠳᠡᠬᠦ᠂ ᠬᠡᠰᠡᠭ ᠭᠠᠵᠠᠷ ᠲᠤ ᠡᠯᠡᠰᠦᠨ ᠰᠢᠭᠤᠷᠭ᠎ᠠ ᠰᠢᠭᠤᠷᠬᠤ᠂ ᠬᠢᠯᠢ ᠶᠢᠨ ᠭᠠᠳᠠᠨᠠᠬᠢ ᠪᠣᠬᠢᠷᠲᠤᠯ ᠢ ᠳᠠᠮᠵᠢᠭᠤᠯᠬᠤ ᠵᠡᠷᠭᠡ ᠡᠵᠡᠮᠳᠡᠵᠦ ᠳᠡᠶᠢᠯᠬᠦ | ᠦᠭᠡᠢ ᠬᠦᠴᠦᠨ ᠵᠦᠢᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠪᠠᠶᠢᠭᠤᠯᠭ᠎ᠠ ᠠᠴᠠ ᠴᠠᠭ | ᠲᠤᠬᠠᠢ ᠳᠤᠨᠢ ᠨᠡᠶᠢᠭᠡᠮ ᠳᠠᠶᠠᠭᠠᠷ ᠲᠤ ᠡᠷᠡᠭᠦᠯ ᠮᠡᠨᠳᠦ ᠶᠢᠨ ᠰᠠᠨᠠᠭᠤᠯᠤᠮᠵᠢ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠡᠷᠡᠭᠦᠯ ᠮᠡᠨᠳᠦ ᠶᠢᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠤᠯᠤᠨ᠂ ᠪᠠᠶᠢᠳᠠᠯ ᠢ ᠨᠢ ᠦᠵᠡᠵᠦ ᠪᠠᠶᠢᠭᠠᠳ ᠲᠣᠭᠤᠰᠣ ᠰᠢᠷᠣᠢ ᠶᠢᠨ ᠢᠷᠡᠯᠲᠡ ᠶᠢ ᠬᠠᠮᠢᠶᠠᠷᠤᠨ ᠡᠵᠡᠮᠳᠡᠬᠦ ᠵᠡᠷᠭᠡ ᠠᠷᠭ᠎ᠠ | ᠬᠡᠮᠵᠢᠶ᠎ᠡ ᠠᠪᠴᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︵ᠪᠤᠶᠤ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠵᠢᠯᠤᠭᠤᠳᠬᠤ ᠭᠠᠵᠠᠷ︶᠂ ᠬᠤᠲᠠ ᠶᠢᠨ ᠵᠠᠰᠠᠭ ᠤᠨ ᠣᠷᠳᠣᠨ ︵ᠪᠤᠶᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ︶ ᠤ | ᠨᠡᠶᠢᠲᠡᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠠᠷ ᠬᠤᠯᠪᠤᠭᠠᠯᠠᠨ ᠬᠥᠳᠡᠯᠦᠯᠴᠡᠬᠦ ᠣᠷᠣᠨ ᠪᠦᠰᠡ ᠶᠢᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠢ ᠮᠠᠨ ᠤ | ᠬᠤᠰᠢᠭᠤᠨ ᠳᠤ ᠬᠤᠯᠪᠣᠭᠳᠠᠪᠠᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ︵ᠪᠤᠶᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠵᠢᠯᠤᠭᠤᠳᠬᠤ ᠭᠠᠵᠠᠷ︶ ᠠᠴᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠵᠡᠷᠭᠡᠪᠡᠷ ᠨᠡᠶᠢᠲᠡᠯᠡᠵᠦ᠂ ᠰᠡᠷᠡᠮᠵᠢᠯᠡᠭᠦᠯᠬᠦ ᠲᠠᠰ ᠳᠠᠷᠠᠭᠠᠯᠠᠯ ᠢᠶᠠᠷ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠡᠬᠢᠯᠡᠭᠦᠯᠬᠦ ᠶᠢᠨ ᠬᠠᠮᠲᠤ ᠵᠣᠬᠢᠬᠤ ᠲᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ ᠤᠷᠢᠳᠴᠢᠯᠠᠨ ᠰᠡᠷᠡᠮᠵᠢᠯᠡᠭᠦᠯᠬᠦ ᠳᠡᠰ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠠᠭ ᠢ ᠬᠤᠲᠠ ᠶᠢᠨ ᠲᠣᠰ ᠱᠠᠲᠤᠨ ᠤ | ᠤᠷᠢᠳᠴᠢᠯᠠᠨ ᠲᠥᠰᠥᠭᠡᠯᠡᠵᠦ ᠮᠡᠳᠡᠭᠡᠯᠡᠭᠰᠡᠨ ᠦᠷ᠎ᠡ ᠳ᠋ᠦᠩ ᠢ ᠦᠨᠳᠦᠰᠦᠯᠡᠨ ᠲᠣᠭᠲᠠᠭᠠᠬᠤ ᠦᠭᠡᠢ᠃ | ᠮᠠᠨ ᠤ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ ᠶᠢᠨ ᠡᠳᠦᠷ ᠤᠨ AQI ᠨᠢ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠨᠥᠬᠦᠴᠡᠯ ᠳᠤ ᠭᠦᠷᠦᠭᠰᠡᠨ | ᠪᠣᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ︵ᠪᠤᠶᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ︶ ᠠᠴᠠ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠥᠰᠥᠯ ᠢ ᠡᠬᠢᠯᠡᠭᠦᠯᠦᠨ ᠬᠡᠷᠡᠭᠵᠢᠭᠦᠯᠬᠦ ᠶᠢᠨ ᠬᠠᠮᠲᠤ ᠬᠠᠷᠠᠭᠠᠯᠵᠠᠭᠰᠠᠨ ᠲᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠢ | ᠬᠡᠷᠡᠭᠵᠢᠭᠦᠯᠦᠨ᠎ᠡ᠃ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ ᠴᠠᠭ ᠲᠤᠬᠠᠢ ᠳᠤᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ᠎ᠠ᠃ | ⒊ ᠤᠷᠢᠳᠴᠢᠯᠠᠨ ᠰᠡᠷᠡᠮᠵᠢᠯᠡᠭᠦᠯᠬᠦ ᠲᠡᠰ ᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ | ᠠᠭᠠᠷ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠭᠠᠳ ᠬᠠᠷᠠᠭᠠᠯᠵᠠᠭᠰᠠᠨ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠡᠬᠢᠯᠡᠭᠦᠯᠬᠦ ᠪᠠᠷᠢᠮᠵᠢᠶ᠎ᠠ ᠠᠴᠠ | ᠳᠣᠣᠷ᠎ᠠ ᠪᠣᠯᠣᠭᠰᠠᠨ ᠪᠥᠭᠡᠳ ᠲᠥᠰᠥᠭᠡᠯᠡᠭᠰᠡᠨ ᠢᠶᠠᠷ 36 ᠴᠠᠭ ᠠᠴᠠ ᠳᠡᠭᠡᠭᠰᠢ ᠦᠷᠭᠦᠯᠵᠢᠯᠡᠬᠦ ᠦᠶ᠎ᠡ ᠳᠤ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠪᠠᠭᠤᠷᠠᠭᠤᠯᠬᠤ | ᠪᠤᠶᠤ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ ᠶᠢᠨ ᠬᠠᠮᠲᠤ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ ᠪᠣᠯᠣᠨ᠎ᠠ᠃ | ᠲᠥᠰᠥᠭᠡᠯᠡᠬᠦ ᠳᠤ ᠡᠮᠦᠨ᠎ᠡ ᠬᠤᠶᠢᠨ᠎ᠠ ᠬᠤᠶᠠᠷ ᠤᠳᠠᠭᠠᠨ ᠤ ᠬᠦᠨᠳᠦ ᠪᠣᠬᠢᠷᠲᠤᠯ ᠤᠨ ᠶᠠᠪᠤᠴᠠ ᠶᠢ ᠥᠩᠭᠡᠷᠡᠭᠡᠬᠦ ᠪᠥᠭᠡᠳ ᠠᠯᠤᠰᠯᠠᠬᠤ ᠴᠠᠭ ᠨᠢ 36 ᠴᠠᠭ | ᠪᠣᠯᠣᠭᠰᠠᠨ ᠦᠭᠡᠢ ᠪᠣᠯ᠂ ᠨᠢᠭᠡ ᠤᠳᠠᠭᠠᠨ ᠤ ᠬᠦᠨᠳᠦ ᠪᠣᠬᠢᠷᠲᠤᠯ ᠤᠨ ᠶᠠᠪᠤᠴᠠ ᠪᠠᠷ ᠪᠤᠳᠤᠵᠤ᠂ ᠥᠨᠳᠥᠷ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ | ᠡᠬᠢᠯᠡᠭᠦᠯᠦᠨ ᠬᠡᠷᠡᠭᠵᠢᠭᠦᠯᠦᠨ᠎ᠡ᠃ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠦᠨ | ᠬᠡᠷᠡᠭᠵᠢᠭᠦᠯᠬᠦ ᠠᠴᠠ ᠡᠮᠦᠨ᠎ᠡ᠂ ᠠᠭᠠᠷ ᠤᠨ ᠴᠢᠨᠠᠷ ᠴᠢᠨᠰᠠᠭ᠎ᠠ ᠶᠢ ᠲᠥᠰᠥᠭᠡᠯᠡᠭᠰᠡᠨ ᠦᠷ᠎ᠡ ᠳ᠋ᠦᠩ ᠳᠤ ᠬᠤᠪᠢᠷᠠᠯᠲᠠ ᠭᠠᠷᠴᠤ᠂ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠯᠤᠭ᠎ᠠ ᠨᠡᠶᠢᠴᠡᠬᠦ ᠦᠭᠡᠢ ᠪᠠᠶᠢᠪᠠᠯ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠷᠢᠳᠴᠢᠯᠠᠨ ᠰᠡᠷᠡᠮᠵᠢᠯᠡᠭᠦᠯᠬᠦ ᠲᠠᠰ ᠲᠤ ᠴᠠᠭ ᠲᠤᠬᠠᠢ ᠳᠤᠨᠢ | ᠲᠣᠬᠢᠷᠠᠭᠤᠯᠤᠯᠲᠠ ᠬᠢᠬᠦ ᠪᠤᠶᠤ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠨ᠎ᠠ᠃ ᠠᠭᠠᠷ ᠤᠨ ᠴᠢᠨᠠᠷ ᠴᠢᠨᠰᠠᠭ᠎ᠠ ᠶᠢ ᠲᠥᠰᠥᠭᠡᠯᠡᠬᠦ ᠪᠤᠶᠤ ᠬᠢᠨᠠᠨ | ᠬᠡᠮᠵᠢᠭᠡᠳ ᠨᠠᠩ ᠥᠨᠳᠥᠷ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠪᠣᠯ᠂ ᠳᠠᠷᠤᠢ ᠲᠦᠷᠭᠡᠨ ᠲᠠᠰ ᠳᠡᠪᠰᠢᠭᠦᠯᠬᠦ ᠠᠷᠭ᠎ᠠ ᠬᠡᠮᠵᠢᠶ᠎ᠡ | ᠠᠪᠤᠨ᠎ᠠ᠃ | ᠤᠷᠢᠳᠴᠢᠯᠠᠨ ᠰᠡᠷᠡᠮᠵᠢᠯᠡᠭᠦᠯᠬᠦ ᠶᠢ ᠲᠣᠬᠢᠷᠠᠭᠤᠯᠬᠤ᠂ ᠬᠦᠴᠦᠨ ᠦᠭᠡᠢ ᠪᠣᠯᠭᠠᠬᠤ ᠭᠤᠣᠯ ᠴᠣᠭᠴᠠ ᠵᠢᠴᠢ ᠠᠯᠬᠤᠮ ᠳᠠᠷᠠᠭᠠᠯᠠᠯ ᠨᠢ ᠤᠷᠢᠳᠴᠢᠯᠠᠨ | ᠰᠡᠷᠡᠮᠵᠢᠯᠡᠭᠦᠯᠬᠦ ᠶᠢ ᠨᠡᠶᠢᠲᠡᠯᠡᠭᠰᠡᠨ ᠲᠠᠢ ᠠᠳᠠᠯᠢ ᠪᠠᠶᠢᠬᠤ ᠬᠡᠷᠡᠭᠲᠡᠢ᠃ | 4. ᠤᠷᠢᠳᠴᠢᠯᠠᠨ ᠰᠡᠷᠡᠮᠵᠢᠯᠡᠭᠦᠯᠬᠦ ᠶᠢ ᠬᠢᠨᠠᠨ ᠵᠥᠪᠰᠢᠶᠡᠷᠡᠭᠦᠯᠬᠦ | ᠠᠭᠠᠷ ᠤᠨ ᠴᠢᠨᠠᠷ ᠴᠢᠨᠰᠠᠭ᠎ᠠ ᠶᠢ ᠲᠥᠰᠥᠭᠡᠯᠡᠬᠦ ᠪᠤᠶᠤ ᠬᠢᠨᠠᠨ ᠬᠡᠮᠵᠢᠭᠡᠳ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠦᠮᠡᠷ ᠪᠠᠶᠢᠭ᠎ᠠ ᠪᠤᠶᠤ ᠨᠢᠭᠡᠨᠲᠡ | ᠭᠦᠷᠦᠭᠰᠡᠨ ᠪᠣᠯ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠠᠷᠤᠶᠢᠬᠠᠨ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠵᠥᠪᠳᠡᠯᠴᠡᠭᠰᠡᠨ ᠦᠷ᠎ᠡ ᠳ᠋ᠦᠩ ᠪᠠ ᠤᠷᠢᠳᠴᠢᠯᠠᠨ | ᠰᠡᠷᠡᠮᠵᠢᠯᠡᠭᠦᠯᠬᠦ ᠰᠠᠨᠠᠭᠤᠯᠭ᠎ᠠ ᠪᠠᠨ ᠮᠡᠳᠡᠭᠦᠯᠵᠦ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ | ᠠᠯᠬᠤᠮ ᠳᠠᠷᠠᠭᠠᠯᠠᠯ ᠶᠣᠰᠣᠭᠠᠷ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠲᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠮᠡᠳᠡᠭᠦᠯᠦᠨ ᠵᠥᠪᠰᠢᠶᠡᠷᠡᠭᠦᠯᠦᠨ᠎ᠡ᠃ | ᠰᠢᠷ᠎ᠠ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ᠂ ᠤᠯᠠᠪᠤᠷ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ ᠢ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ ︵ᠪᠤᠶᠤ ᠡᠷᠬᠡ ᠣᠯᠭᠤᠭᠰᠠᠨ ᠠᠯᠪᠠᠨ ᠭᠡᠷ ᠤᠨ ᠡᠷᠬᠢᠯᠡᠭᠴᠢ︶ ᠠᠴᠠ | ᠭᠠᠷ ᠤᠨ ᠥᠰᠥᠭ ᠵᠢᠷᠤᠵᠤ ᠬᠢᠨᠠᠨ ᠵᠥᠪᠰᠢᠶᠡᠷᠡᠨ᠎ᠡ︔ ᠤᠯᠠᠭᠠᠨ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ ᠢ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ︵ᠪᠤᠶᠤ ᠡᠷᠬᠡ ᠣᠯᠭᠤᠭᠰᠠᠨ ᠳᠡᠳ᠋ ᠶᠡᠷᠦᠩᠬᠡᠢ ᠵᠢᠯᠣᠭᠤᠳᠤᠭᠴᠢ︶ ᠠᠴᠠ | ᠭᠠᠷ ᠤᠨ ᠥᠰᠥᠭ ᠵᠢᠷᠤᠵᠤ ᠬᠢᠨᠠᠨ ᠵᠥᠪᠰᠢᠶᠡᠷᠡᠨ᠎ᠡ︔ ᠤᠷᠢᠳᠴᠢᠯᠠᠭᠰᠠᠨ ᠰᠡᠷᠡᠮᠵᠢᠯᠡᠭᠦᠯᠦᠯ ᠢ ᠬᠦᠴᠦᠨ ᠦᠭᠡᠢ ᠪᠣᠯᠭᠠᠬᠤ ᠮᠡᠳᠡᠭᠡ ᠵᠠᠩᠭᠢ ᠶᠢ ᠨᠡᠶᠢᠲᠡᠯᠡᠬᠦ ᠳᠤ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠤᠨ ᠡᠷᠬᠢᠯᠡᠭᠴᠢ ᠠᠴᠠ ᠬᠢᠨᠠᠨ ᠵᠥᠪᠰᠢᠶᠡᠷᠡᠨ᠎ᠡ᠃ | ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠪᠠ ᠨᠡᠶᠢᠲᠡᠯᠡᠬᠦ ᠲᠠᠰ | ᠳᠠᠷᠠᠭᠠᠯᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠳᠥᠷᠪᠡ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ | ︵ᠨᠢᠭᠡ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠠᠰ ᠬᠤᠪᠢᠶᠠᠬᠤ | ᠰᠢᠷ᠎ᠠ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠬᠦ ᠳᠤ᠂ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ | ᠤᠯᠠᠪᠤᠷ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠬᠦ ᠳᠤ᠂ Ⅱ ᠲᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ | ᠤᠯᠠᠭᠠᠨ ᠥᠩᠭᠡ ᠶᠢᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠬᠦ ᠳᠤ᠂ Ⅰ ᠲᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠡᠬᠢᠯᠡᠭᠦᠯᠦᠨ ᠬᠡᠷᠡᠭᠵᠢᠭᠦᠯᠬᠦ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠡᠶᠢᠲᠡᠯᠡᠭᠰᠡᠨ ᠤᠷᠢᠳᠴᠢᠯᠠᠭᠰᠠᠨ ᠰᠡᠷᠡᠮᠵᠢᠯᠡᠭᠦᠯᠦᠯ ᠨᠢ ᠮᠠᠨ ᠤ ᠬᠤᠰᠢᠭᠤᠨ ᠳᠤ ᠬᠤᠯᠪᠣᠭᠳᠠᠪᠠᠯ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤᠷᠢᠳᠴᠢᠯᠠᠨ ᠰᠡᠷᠡᠮᠵᠢᠯᠡᠭᠦᠯᠬᠦ ᠲᠠᠰ ᠶᠣᠰᠣᠭᠠᠷ ᠬᠠᠷᠠᠭᠠᠯᠵᠠᠭᠰᠠᠨ ᠲᠠᠰ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠡᠶᠢᠲᠡᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠠᠷ ᠬᠤᠯᠪᠣᠭᠠᠯᠠᠨ ᠬᠥᠳᠡᠯᠦᠯᠴᠡᠬᠦ ᠣᠷᠣᠨ ᠪᠦᠰᠡ ᠶᠢᠨ | ᠤᠷᠢᠳᠴᠢᠯᠠᠭᠰᠠᠨ ᠰᠡᠷᠡᠮᠵᠢᠯᠡᠭᠦᠯᠦᠯ ᠨᠢ ᠮᠠᠨ ᠤ ᠬᠤᠰᠢᠭᠤᠨ ᠳᠤ ᠬᠤᠯᠪᠣᠭᠳᠠᠪᠠᠯ᠂ ᠤᠷᠢᠳᠴᠢᠯᠠᠨ ᠰᠡᠷᠡᠮᠵᠢᠯᠡᠭᠦᠯᠬᠦ ᠲᠠᠰ ᠶᠣᠰᠣᠭᠠᠷ ᠬᠠᠷᠠᠭᠠᠯᠵᠠᠭᠰᠠᠨ ᠲᠠᠰ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠡᠬᠢᠯᠡᠭᠦᠯᠦᠨ ᠬᠡᠷᠡᠭᠵᠢᠭᠦᠯᠦᠨ᠎ᠡ᠃ | ᠲᠠᠩ ᠭᠠᠭᠴᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠪᠤᠶᠤ ᠣᠷᠣᠨ ᠪᠦᠰᠡ ᠨᠢ ᠤᠷᠢᠳᠴᠢᠯᠠᠨ ᠰᠡᠷᠡᠮᠵᠢᠯᠡᠭᠦᠯᠬᠦ ᠶᠢ | ᠡᠬᠢᠯᠡᠭᠦᠯᠬᠦ ᠨᠥᠬᠦᠴᠡᠯ ᠳᠤ ᠭᠦᠷᠦᠭᠰᠡᠨ ᠪᠣᠯ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠪᠤᠶᠤ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ ᠨᠢ ᠤᠷᠢᠳᠴᠢᠯᠠᠨ ᠰᠡᠷᠡᠮᠵᠢᠯᠡᠭᠦᠯᠬᠦ ᠲᠠᠰ ᠶᠣᠰᠣᠭᠠᠷ ᠬᠠᠷᠠᠭᠠᠯᠵᠠᠭᠰᠠᠨ | ᠲᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠡᠬᠢᠯᠡᠭᠦᠯᠦᠨ ᠬᠡᠷᠡᠭᠵᠢᠭᠦᠯᠦᠨ᠎ᠡ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ | ᠠᠳᠠᠯᠢ ᠪᠤᠰᠤ ᠪᠣᠬᠢᠷᠲᠤᠯ ᠪᠣᠳᠠᠰ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠦᠨᠳᠦᠰᠦᠯᠡᠵᠦ᠂ ᠠᠳᠠᠯᠢ ᠪᠤᠰᠤ ᠠᠷᠭᠠᠴᠠᠭᠠᠬᠤ ᠠᠷᠭ᠎ᠠ | ᠬᠡᠮᠵᠢᠶ᠎ᠡ ᠠᠪᠤᠨ᠎ᠠ᠃ | ⒈ ᠶᠡᠷᠦᠩᠬᠡᠢ ᠱᠠᠭᠠᠷᠳᠠᠯᠭ᠎ᠠ | ⑴ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠨᠢᠭᠡᠳᠦᠯᠲᠡᠢ ᠲᠣᠭᠲᠠᠭᠠᠨ᠎ᠠ᠃ ᠬᠦᠨᠳᠦ | ᠪᠣᠬᠢᠷᠲᠤᠯ ᠲᠠᠢ ᠴᠠᠭ ᠠᠭᠤᠷ ᠤᠨ III ᠳᠡᠰ᠂ Ⅱ ᠳᠡᠰ᠂ Ⅰᠳᠡᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ | ᠪᠠᠶᠢᠭ᠎ᠠ ᠬᠤᠭᠤᠴᠠᠭᠠᠨ ᠳᠤ᠂ ᠬᠦᠬᠦᠷ ᠤᠨ ᠳᠠᠪᠬᠤᠷ ᠢᠰᠦᠯ ︵S02︶᠂ ᠰᠢᠪᠲᠦᠷ ᠤᠨ ᠢᠰᠦᠮᠡᠭ ︵N0x︶᠂ ᠮᠥᠬᠦᠯᠢᠭᠲᠦ ᠪᠣᠳᠠᠰ ︵PM︶ ᠪᠣᠯᠣᠨ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠲᠤᠰ ᠲᠤᠰ ᠪᠦᠬᠦ | ᠨᠡᠶᠢᠭᠡᠮ ᠤᠨ ᠭᠠᠳᠠᠭᠰᠢᠯᠠᠭᠤᠯᠬᠤ ᠬᠡᠮᠵᠢᠶ᠎ᠡ ᠶᠢᠨ ᠡᠵᠡᠯᠡᠬᠦ ᠬᠠᠷᠢᠴᠠᠯ ᠤᠨ 10%᠂ 20% ᠪᠠ 30% ᠠᠴᠠ ᠳᠠᠪᠠᠭᠤᠯᠬᠤ ᠬᠡᠷᠡᠭᠲᠡᠢ᠃ | ⑵ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ ᠡᠵᠡᠮᠳᠡᠬᠦ ᠳᠤ ᠨᠠᠷᠢᠨ ᠳᠠᠩᠰᠠ ᠪᠠᠶᠢᠭᠤᠯᠵᠤ ᠲᠥᠷᠥᠯ ᠬᠤᠪᠢᠶᠠᠨ᠎ᠠ᠃ ᠠᠮᠢ ᠠᠬᠤᠢ ᠣᠷᠴᠢᠨ | ᠲᠣᠭᠤᠷᠢᠨ ᠤ ᠪᠠᠶᠢᠭᠤᠯᠭ᠎ᠠ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠶᠢ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠬᠡᠢ ᠲᠠᠢ | ᠬᠤᠯᠪᠣᠭᠳᠠᠭᠰᠠᠨ ᠪᠣᠬᠢᠷᠲᠤᠯ ᠤᠨ ᠢᠷᠡᠯᠲᠡ ᠶᠢ ᠴᠥᠮ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ | ᠳᠠᠩᠰᠠ ᠳᠤ ᠣᠷᠣᠭᠤᠯᠤᠨ᠎ᠠ︔ ᠴᠢᠬᠤᠯᠠ ᠪᠣᠬᠢᠷᠲᠤᠯ ᠭᠠᠳᠠᠭᠰᠢᠯᠠᠭᠤᠯᠬᠤ ᠶᠢ ᠬᠤᠷᠢᠭᠯᠠᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠪᠠᠴᠢᠮ ᠪᠠᠶᠢᠳᠠᠯ ᠢ | ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠠ ᠠᠳᠠᠯᠢ ᠪᠤᠰᠤ ᠤᠷᠢᠳᠴᠢᠯᠠᠨ ᠰᠡᠷᠡᠮᠵᠢᠯᠡᠭᠦᠯᠬᠦ ᠲᠡᠰ ᠤᠨ ᠠᠵᠤ | ᠦᠢᠯᠡᠳᠪᠦᠷᠢ ᠶᠢᠨ ᠢᠷᠡᠯᠲᠡ᠂ ᠲᠣᠭᠤᠰᠣ ᠳᠡᠭᠳᠡᠭᠰᠡᠨ ᠢᠷᠡᠯᠲᠡ᠂ ᠰᠢᠯᠵᠢᠮᠡᠯ ᠢᠷᠡᠯᠲᠡ ᠪᠠ ᠪᠤᠰᠤᠳ ᠪᠣᠬᠢᠷᠲᠤᠯ ᠤᠨ ᠨᠠᠷᠢᠨ ᠲᠠᠩᠰᠠ ᠶᠢᠨ ᠪᠠᠴᠢᠮ ᠪᠠᠶᠢᠳᠠᠯ ᠢ | ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠨᠠᠷᠢᠨ ᠬᠢᠨᠠᠮᠠᠭᠠᠢ ᠬᠠᠷᠭᠤᠭᠤᠯᠤᠨ ᠪᠣᠳᠣᠵᠤ᠂ ᠰᠢᠨᠵᠢᠯᠡᠬᠦ ᠤᠬᠠᠭᠠᠨᠴᠢ᠂ ᠵᠦᠢ | ᠵᠣᠬᠢᠰᠲᠠᠢ᠂ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠲᠦᠷᠦᠯ ᠬᠤᠪᠢᠶᠠᠨ ᠵᠠᠰᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ | ᠡᠵᠡᠮᠳᠡᠨ᠎ᠡ᠃ ᠵᠠᠷᠴᠢᠮ ᠳᠡᠭᠡᠷ᠎ᠡ ᠪᠠᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ ᠶᠢ ᠦᠢᠯᠡᠳᠪᠦᠷᠢᠯᠡᠯ ᠤᠨ ᠱᠤᠭᠤᠮ ᠪᠤᠶᠤ ᠠᠵᠢᠯ ᠤᠨ ᠳᠠᠷᠠᠭᠠᠯᠠᠯ ︵ᠲᠥᠬᠦᠭᠡᠷᠦᠮᠵᠢ︶ ᠢ ᠵᠣᠭᠰᠣᠭᠠᠬᠤ ︵ᠬᠢᠵᠠᠭᠠᠷᠯᠠᠬᠤ︶ ᠪᠠᠷ ᠭᠤᠣᠯ ᠪᠣᠯᠭᠠᠵᠤ᠂ ︽ | ᠠᠵᠢᠯᠯᠠᠭᠤᠯᠵᠤ ᠪᠣᠯᠬᠤ᠂ ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ︾ ᠶᠢ ᠪᠡᠶᠡᠯᠡᠭᠦᠯᠦᠨ᠎ᠡ᠃ | ⑶ ᠵᠥᠷᠢᠶᠡᠲᠦ ᠲᠠᠰ ᠬᠤᠪᠢᠶᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠷᠠᠳ ᠤᠨ ᠠᠮᠢᠳᠤᠷᠠᠯ ᠤᠨ | ᠬᠡᠪ ᠤᠨ ᠬᠡᠷᠡᠭᠴᠡᠭᠡ ᠱᠠᠭᠠᠷᠳᠠᠯᠭ᠎ᠠ ᠪᠠ ᠨᠡᠶᠢᠭᠡᠮ ᠤᠨ ᠠᠵᠢᠯᠯᠠᠭ᠎ᠠ ᠶᠢ ᠪᠠᠲᠤᠯᠠᠬᠤ ᠶᠢᠨ ᠲᠥᠯᠥᠭᠡ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢ ᠲᠠᠰ ᠬᠤᠪᠢᠶᠠᠬᠤ ᠪᠠ ᠵᠥᠷᠢᠶᠡᠴᠢᠯᠡᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠷᠠᠳ ᠤᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠭᠰᠠᠨ ᠠᠵᠤ ᠠᠬᠤᠶᠢᠯᠠᠯ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ | ᠬᠤᠲᠠ ᠶᠢᠨ ᠡᠷᠭᠢᠯᠲᠡ ᠶᠢ ᠪᠠᠲᠤᠯᠠᠬᠤ ᠲᠡᠷᠭᠡ ᠬᠥᠰᠬᠡ ᠶᠢ ᠪᠠᠲᠤᠯᠠᠭ᠎ᠠ ᠶᠢᠨ ᠲᠥᠷᠥᠯ ᠤᠨ ᠨᠠᠷᠢᠨ ᠳᠠᠩᠰᠠᠨ ᠳᠤ ᠣᠷᠣᠭᠤᠯᠤᠨ ᠪᠠᠲᠤᠯᠠᠵᠤ᠂ ︽ᠨᠢᠭᠡ ᠯᠡ | ᠠᠳᠠᠯᠢ ᠪᠠᠷ ᠱᠠᠭᠠᠷᠳᠠᠬᠤ︾ ᠶᠢ ᠰᠡᠷᠭᠡᠶᠢᠯᠡᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠲᠠᠰ ᠤᠨ ᠪᠠᠷᠢᠮᠵᠢᠶ᠎ᠠ ᠳᠤ ᠬᠦᠷᠦᠭᠰᠡᠨ | ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠠᠯᠪᠠᠳᠠᠯᠭ᠎ᠠ ᠪᠠᠷ ᠦᠢᠯᠡᠳᠪᠦᠷᠢᠯᠡᠯ ᠢ ᠨᠢ ᠵᠣᠭᠰᠤᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ | ᠠᠪᠬᠤ ᠦᠭᠡᠢ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠲᠠᠰ ᠤᠨ ᠪᠠᠷᠢᠮᠵᠢᠶ᠎ᠠ ᠳᠤ ᠭᠦᠷᠦᠭᠰᠡᠨ ᠠᠵᠤ ᠠᠬᠤᠶᠢᠯᠠᠯ ᠳᠤ | ᠦᠢᠯᠡᠳᠪᠦᠷᠢᠯᠡᠯ ᠢ ᠨᠢ ᠵᠣᠭᠰᠤᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠪᠠᠭᠠᠰᠬᠠᠨ᠎ᠠ︔ ᠪᠣᠬᠢᠷᠲᠤᠯ ᠢ ᠵᠠᠰᠠᠬᠤ ᠬᠢᠷᠢ | ᠬᠡᠮᠵᠢᠶ᠎ᠡ ᠪᠠᠷ ᠳᠣᠣᠷ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠦᠢᠯᠡᠳᠪᠦᠷᠢᠯᠡᠯ ᠢ ᠨᠢ ᠵᠣᠭᠰᠤᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ | ᠬᠡᠮᠵᠢᠶ᠎ᠡ ᠠᠪᠬᠤ ᠡᠷᠴᠢᠮ ᠢ ᠴᠢᠩᠭᠠᠷᠠᠭᠤᠯᠵᠤ᠂ ᠴᠢᠳᠠᠪᠤᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠢᠯᠡᠷᠡᠬᠦ ᠳᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ ᠰᠠᠶᠢᠲᠤᠷ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠵᠠᠷᠴᠢᠮ ᠳᠡᠭᠡᠷ᠎ᠡ ᠪᠠᠨ ᠴᠠᠬᠢᠯᠭᠠᠨ ᠤ | ᠦᠢᠯᠡᠳᠪᠦᠷᠢ᠂ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠬᠦᠸᠧᠯᠤ ᠶᠢᠨ ᠭᠡᠷ᠂ ᠬᠡᠢ ᠲᠠᠢ ᠬᠤᠯᠪᠣᠭᠳᠠᠭᠰᠠᠨ ᠵᠢᠵᠢᠭ ᠪᠢᠴᠢᠯ ᠠᠵᠤ ᠠᠬᠤᠶᠢᠯᠠᠯ ︵ | ᠰᠢᠲᠠᠭᠠᠯᠭ᠎ᠠ ᠶᠢᠨ ᠪᠤᠰᠤ ᠨᠡᠭᠦᠷᠡᠰᠦ᠂ ᠰᠢᠲᠠᠭᠠᠯᠭ᠎ᠠ ᠶᠢᠨ ᠪᠤᠰᠤ ᠲᠣᠰᠣ᠂ ᠪᠣᠬᠢᠷᠲᠤᠯ ᠪᠣᠳᠠᠰ ᠤᠨ ᠪᠦᠷᠢᠯᠳᠦᠭᠦᠨ ᠨᠢ ᠲᠠᠩ ᠴᠤᠯᠭᠤᠢ᠂ ᠭᠠᠳᠠᠭᠰᠢᠯᠠᠭᠤᠯᠤᠭᠰᠠᠨ | ᠠᠭᠠᠷ ᠮᠠᠨᠳᠠᠯ ᠤᠨ ᠪᠣᠬᠢᠷᠲᠤᠯ ᠪᠣᠳᠠᠰ ᠳᠣᠲᠣᠷ᠎ᠠ ᠬᠤᠣᠷ ᠬᠥᠨᠥᠭᠡᠯ ᠦᠭᠡᠢ ᠵᠢᠴᠢ ᠦᠮᠡᠬᠡᠢ ᠬᠡᠢ ᠪᠡᠶᠡᠲᠦ᠂ ᠪᠣᠬᠢᠷᠲᠤᠯ ᠪᠣᠳᠠᠰ ᠤᠨ ᠵᠢᠯ ᠤᠨ | ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 100 ᠺᠢᠯᠣᠭ᠍ᠷᠠᠮ ᠠᠴᠠ ᠳᠣᠷᠣᠭᠰᠢᠬᠢ ᠠᠵᠤ ᠠᠬᠤᠶᠢᠯᠠᠯ︶ ᠵᠡᠷᠭᠡ ᠳᠤ ᠦᠢᠯᠡᠳᠪᠦᠷᠢᠯᠡᠬᠦ ᠶᠢ ᠵᠣᠭᠰᠤᠭᠠᠬᠤ ︵ | ᠬᠢᠵᠠᠭᠠᠷᠯᠠᠬᠤ︶ ᠠᠷᠭ᠎ᠠ ᠬᠡᠮᠵᠢᠶ᠎ᠡ ᠠᠪᠬᠤ ᠦᠭᠡᠢ᠃ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠬᠠᠩᠭᠠᠬᠤ ᠳᠤ ᠬᠦᠴᠢᠷᠲᠡᠢ | ᠪᠠᠶᠢᠳᠠᠯ ᠳᠣᠣᠷ᠎ᠠ᠂ ᠬᠡᠷᠡᠭᠴᠡᠭᠡ ᠶᠣᠰᠣᠭᠠᠷ ᠬᠡᠢ ᠲᠠᠢ ᠬᠤᠯᠪᠣᠭᠳᠠᠬᠤ ᠵᠢᠵᠢᠭ ᠪᠢᠴᠢᠯ ᠠᠵᠤ ᠠᠬᠤᠶᠢᠯᠠᠯ ᠳᠤ ᠵᠣᠬᠢᠴᠠᠩᠭᠤᠢ ᠠᠷᠭ᠎ᠠ ᠬᠡᠮᠵᠢᠶ᠎ᠡ ᠠᠪᠴᠤ᠂ ᠰᠠᠭᠤᠭᠠᠯᠢ | ᠠᠷᠠᠳ ᠤᠨ ᠳᠤᠯᠠᠭᠠᠯᠠᠭ᠎ᠠ ᠶᠢᠨ ᠭᠦᠸᠧᠯᠤ ᠪᠣᠯᠣᠨ ᠲᠤᠬᠠᠢ ᠶᠢᠨ ᠭᠠᠵᠠᠷ ᠤᠨ ᠠᠭᠠᠷ ᠤᠨ ᠴᠢᠨᠠᠷ ᠴᠢᠨᠰᠠᠭ᠎ᠠ ᠶᠢᠨ ᠨᠥᠯᠥᠭᠡ ᠪᠠᠷ ᠪᠠᠭ᠎ᠠ ᠠᠮᠢᠳᠤᠷᠠᠯ ᠤᠨ | ᠦᠢᠯᠡᠴᠢᠯᠡᠭᠡᠨ ᠤ ᠦᠢᠯᠡᠰ ᠲᠤ ᠦᠢᠯᠡᠳᠪᠦᠷᠢᠯᠡᠯ ᠢ ᠨᠢ ᠵᠣᠭᠰᠤᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠠᠪᠬᠤ ᠠᠴᠠ ᠵᠠᠶᠢᠯᠠᠰᠬᠢᠨ᠎ᠠ᠃ | ⑷ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠬᠡᠷᠡᠭᠵᠢᠭᠦᠯᠬᠦ ᠲᠥᠰᠥᠯ ᠢ ᠨᠠᠷᠢᠯᠢᠭᠵᠢᠭᠤᠯᠤᠨ᠎ᠠ᠃ ᠬᠤᠰᠢᠭᠤᠨ ᠤ ᠠᠮᠢ | ᠠᠬᠤᠢ ᠣᠷᠴᠢᠨ ᠲᠣᠭᠤᠷᠢᠨ ᠤ ᠪᠠᠶᠢᠭᠤᠯᠭ᠎ᠠ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠪᠠᠶᠢᠭᠤᠯᠭ᠎ᠠ ᠲᠠᠢ ᠬᠠᠮᠲᠤᠷᠠᠨ ᠠᠵᠤ ᠠᠬᠤᠶᠢᠯᠠᠯ ᠢ | ᠵᠢᠯᠤᠭᠤᠳᠴᠦ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠠᠪᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃ ᠲᠥᠰᠥᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠣᠯ ᠪᠣᠯᠬᠤ | ᠦᠢᠯᠡᠳᠪᠦᠷᠢᠯᠡᠯ ᠤᠨ ᠤᠷᠠᠯᠠᠯ ᠤᠨ ᠶᠠᠪᠤᠴᠠ᠂ ᠭᠤᠣᠯ ᠪᠣᠯᠬᠤ ᠬᠡᠢ ᠲᠠᠢ ᠬᠤᠯᠪᠣᠭᠳᠠᠭᠰᠠᠨ ᠪᠣᠬᠢᠷᠲᠤᠯ ᠪᠣᠢ ᠪᠣᠯᠬᠤ ᠪᠠ ᠭᠠᠳᠠᠭᠰᠢᠯᠠᠭᠤᠯᠬᠤ ᠭᠤᠭᠴᠤᠭ᠎ᠠ ᠵᠢᠴᠢ | ᠪᠣᠬᠢᠷᠲᠤᠯ ᠢ ᠭᠠᠳᠠᠭᠰᠢᠯᠠᠭᠤᠯᠤᠭᠰᠠᠨ ᠪᠠᠶᠢᠳᠠᠯ ︵ᠬᠦᠨᠳᠦ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠠᠮ ᠬᠠᠷᠢᠯᠴᠠᠭᠠᠨ ᠤ ᠪᠤᠰᠤ ᠨᠡᠭᠦᠳᠡᠯ ᠮᠠᠰᠢᠨ | ᠮᠧᠬᠠᠨᠢᠭ ᠪᠠᠭᠲᠠᠨ᠎ᠠ︶ ᠢ ᠪᠠᠭᠲᠠᠭᠠᠬᠤ ᠶᠢᠨ ᠬᠠᠮᠲᠤ᠂ ᠠᠳᠠᠯᠢ ᠪᠤᠰᠤ ᠲᠠᠰ ᠤᠨ ᠤᠷᠢᠳᠴᠢᠯᠠᠭᠰᠠᠨ ᠰᠡᠷᠡᠮᠵᠢᠯᠡᠭᠦᠯᠦᠯ ᠤᠨ ᠳᠣᠣᠷᠠᠬᠢ ᠪᠠᠴᠢᠮ ᠪᠠᠶᠢᠳᠠᠯ ᠢ | ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠵᠢᠴᠢ ᠦᠢᠯᠡᠳᠪᠦᠷᠢᠯᠡᠯ ᠢ ᠵᠣᠭᠰᠤᠭᠠᠬᠤ ︵ᠬᠢᠵᠠᠭᠠᠷᠯᠠᠬᠤ︶ ᠪᠣᠳᠠᠲᠠᠢ | ᠦᠢᠯᠡᠳᠪᠦᠷᠢᠯᠡᠯ ᠤᠨ ᠱᠤᠭᠤᠮ᠂ ᠤᠷᠠᠯᠠᠯ ᠤᠨ ᠭᠤᠭᠴᠤᠭ᠎ᠠ ᠪᠣᠯᠣᠨ ᠡᠯ᠎ᠡ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ ᠶᠢᠨ ᠵᠠᠩᠭᠢᠯᠠᠭ᠎ᠠ ᠶᠢᠨ ᠴᠢᠨᠠᠷᠲᠠᠢ ᠭᠦᠢᠴᠡᠳᠬᠡᠯ ᠲᠤᠭ᠎ᠠ ᠶᠢ ᠲᠣᠳᠣᠷᠬᠠᠶᠢᠯᠠᠨ᠎ᠠ᠃ ᠣᠨᠴᠠᠭᠠᠶ ᠴᠠᠭ ᠬᠤᠭᠤᠴᠠᠭᠠᠨ ᠳᠤ ᠪᠣᠬᠢᠷᠲᠤᠯ ᠭᠠᠳᠠᠭᠰᠢᠯᠠᠭᠤᠯᠬᠤ ᠶᠢ | ᠴᠠᠭᠠᠵᠠᠯᠠᠬᠤ ᠪᠤᠶᠤ ᠬᠢᠵᠠᠭᠠᠷᠯᠠᠬᠤ ᠱᠠᠭᠠᠷᠳᠠᠯᠭ᠎ᠠ ᠶᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠳᠤ ᠬᠠᠤᠯᠢ ᠶᠣᠰᠣᠭᠠᠷ ᠣᠷᠣᠭᠤᠯᠤᠨ᠎ᠠ᠃ | ⑸ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠷ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠨ᠎ᠠ᠃ ᠣᠷᠣᠨ | ᠪᠦᠰᠡ ᠶᠢᠨ ᠪᠣᠬᠢᠷᠲᠤᠯ ᠢ ᠵᠠᠰᠠᠬᠤ ᠶᠢ ᠬᠠᠮᠵᠢᠯᠴᠠᠭᠤᠯᠬᠤ᠂ ᠠᠷᠭᠠᠴᠠᠭᠠᠬᠤ ᠶᠢ ᠬᠠᠮᠵᠢᠯᠴᠠᠭᠤᠯᠬᠤ᠂ ᠬᠠᠮᠢᠶᠠᠷᠤᠨ ᠡᠵᠡᠮᠳᠡᠬᠦ ᠶᠢ ᠬᠠᠮᠵᠢᠯᠴᠠᠭᠤᠯᠬᠤ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠭᠠᠷᠳᠠᠯᠭ᠎ᠠ ᠶᠣᠰᠣᠭᠠᠷ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ | ᠬᠡᠷᠡᠭᠵᠢᠭᠦᠯᠦᠨ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠎ᠠ᠃ | ⒉ Ⅲ ᠲᠠᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠠᠷᠤᠶᠢᠬᠠᠨ ᠬᠠᠮᠢᠶ᠎ᠠ | ᠪᠦᠬᠦᠢ ᠪᠠᠶᠢᠭᠤᠯᠭ᠎ᠠ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠠᠷᠠᠭᠠᠯᠵᠠᠭᠰᠠᠨ ᠲᠠᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠭᠦᠨ ᠳᠤ | ᠳᠣᠣᠷᠠᠬᠢ ᠠᠷᠭ᠎ᠠ ᠬᠡᠮᠵᠢᠶ᠎ᠡ ᠪᠠᠭᠲᠠᠬᠤ ᠪᠣᠯᠪᠠᠴᠤ ᠡᠳᠡᠭᠡᠷ ᠠᠷᠭ᠎ᠠ ᠬᠡᠮᠵᠢᠶ᠎ᠡ ᠳᠤ ᠬᠢᠵᠠᠭᠠᠷᠯᠠᠭᠳᠠᠬᠤ ᠦᠭᠡᠢ᠄ | ⑴ ᠡᠷᠡᠭᠦᠯ ᠮᠡᠡᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ | ᠤᠬᠠᠭᠤᠯᠬᠤ ᠪᠠᠶᠢᠭᠤᠯᠭ᠎ᠠ ᠨᠢ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢ | ᠬᠢᠨᠠᠨ ᠵᠢᠯᠤᠭᠤᠳᠬᠤ ᠪᠠ ᠵᠣᠬᠢᠴᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠣᠷᠣᠨ ᠪᠦᠰᠡ ᠳᠤ | ᠳᠣᠣᠷᠠᠬᠢ ᠮᠡᠲᠦ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠰᠡᠷᠡᠮᠵᠢᠯᠡᠭᠦᠯᠦᠯ ᠢ ᠨᠡᠶᠢᠲᠡᠯᠡᠨ᠎ᠡ᠄ ᠬᠡᠦᠬᠡᠳ᠂ ᠨᠠᠰᠤᠲᠠᠶᠢᠴᠤᠳ ᠪᠠ ᠵᠢᠷᠦᠬᠡ ᠲᠠᠷᠢᠬᠢᠨ ᠤ ᠴᠢᠰᠤᠨ | ᠰᠤᠳᠠᠯ᠂ ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠲᠠᠢ ᠠᠮᠠᠷᠬᠠᠨ ᠬᠠᠯᠳᠠᠪᠤᠷᠢᠯᠠᠭᠳᠠᠬᠤ ᠬᠥᠮᠥᠰ ᠠᠯᠢ ᠪᠣᠯᠬᠤ ᠪᠠᠷ ᠭᠡᠷ ᠲᠡᠭᠡᠨ ᠰᠠᠭᠤᠵᠤ᠂ ᠭᠠᠳᠠᠨ᠎ᠠ ᠭᠠᠷᠬᠤ | ᠦᠭᠡᠢ ᠪᠣᠯ ᠰᠠᠶᠢᠨ︔ ᠪᠤᠰᠤᠳ ᠬᠥᠮᠥᠰ ᠭᠠᠳᠠᠨ᠎ᠠ ᠬᠥᠳᠡᠯᠭᠡᠭᠡᠨ ᠬᠢᠬᠦ ᠪᠠ ᠠᠵᠢᠯᠯᠠᠬᠤ ᠴᠠᠭ ᠢᠶᠠᠨ ᠪᠠᠭᠠᠰᠬᠠᠬᠤ ᠪᠤᠶᠤ ᠵᠠᠪᠠᠯ ᠭᠠᠷᠬᠤ ᠴᠢᠬᠤᠯᠠᠲᠠᠢ ᠪᠣᠯ ᠡᠷᠬᠡᠪᠰᠢ | ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠰᠤᠷᠭᠠᠨ ᠬᠥᠮᠦᠵᠢᠯ ᠤᠨ ᠪᠠᠶᠢᠭᠤᠯᠭ᠎ᠠ ᠠᠭᠠᠷ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ | ᠰᠤᠷᠭᠠᠭᠤᠯᠢ ᠶᠢᠨ ᠠᠭᠠᠷ ᠴᠡᠪᠡᠷᠰᠢᠭᠦᠯᠬᠦ ᠲᠥᠬᠦᠭᠡᠷᠦᠮᠵᠢ ᠶᠢ ᠴᠠᠭ ᠲᠤᠬᠠᠢ ᠳᠤᠨᠢ ᠨᠡᠭᠡᠭᠡᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠪᠠᠨ ᠵᠣᠭᠰᠣᠭᠠᠬᠤ ᠶᠢ ᠬᠢᠨᠠᠨ ᠵᠢᠯᠣᠭᠤᠳᠤᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠢᠭᠤᠯᠭ᠎ᠠ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠡᠪᠡᠳᠴᠢᠨ ᠡᠮᠭᠡᠭ ᠤᠨ ᠡᠭᠦᠳᠡᠨ ᠡᠮᠨᠡᠯᠭᠡ᠂ | ᠲᠦᠷᠭᠡᠨ ᠡᠮᠨᠡᠯᠭᠡ ᠶᠢ ᠨᠡᠮᠡᠨ ᠪᠠᠶᠢᠭᠤᠯᠵᠤ᠂ ᠡᠮᠴᠢ ᠰᠤᠪᠢᠯᠠᠭᠴᠢ ᠶᠢ ᠨᠡᠮᠡᠭᠳᠡᠭᠦᠯᠬᠦ ᠠᠵᠢᠯ ᠢ ᠬᠢᠨᠠᠨ ᠵᠢᠯᠣᠭᠤᠳᠤᠨ᠎ᠠ᠃ | ⑵ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ | ᠤᠬᠠᠭᠤᠯᠬᠤ ᠪᠠᠶᠢᠭᠤᠯᠭ᠎ᠠ ᠨᠢ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ | ᠵᠡᠷᠭᠡ ᠶᠢ ᠬᠢᠨᠠᠨ ᠵᠢᠯᠤᠭᠤᠳᠬᠤ ᠪᠠ ᠵᠣᠬᠢᠴᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠣᠷᠣᠨ | ᠪᠦᠰᠡ ᠳᠤ ᠳᠣᠣᠷᠠᠬᠢ ᠮᠡᠲᠦ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠰᠡᠷᠡᠮᠵᠢᠯᠡᠭᠦᠯᠦᠯ ᠢ ᠨᠡᠶᠢᠲᠡᠯᠡᠨ᠎ᠡ᠄ ᠣᠯᠠᠨ ᠨᠡᠶᠢᠲᠡ ᠶᠢᠨ ᠪᠣᠬᠢᠷᠲᠤᠯ ᠦᠭᠡᠢ ᠬᠡᠷᠡᠭᠯᠡᠭᠡ | ᠬᠢᠵᠦ᠂ ᠪᠠᠶᠢᠭᠤᠯᠭ᠎ᠠ ᠨᠢᠭᠡᠴᠢ ᠪᠠ ᠣᠯᠠᠨ ᠨᠡᠶᠢᠲᠡ ᠶᠢᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠠᠭᠤᠯᠤᠭᠰᠠᠨ ᠰᠢᠷ ᠪᠤᠳᠤᠭ᠂ ᠠᠭᠤᠰᠬᠠᠭᠴᠢ ᠵᠡᠷᠭᠡ ᠲᠦᠭᠦᠬᠡᠢ | ᠮᠠᠲ᠋ᠧᠷᠢᠶᠠᠯ ᠵᠢᠴᠢ ᠪᠦᠲᠦᠭᠡᠭᠳᠡᠬᠦᠨ ᠬᠡᠷᠡᠭᠯᠡᠬᠦ ᠪᠠᠨ ᠠᠯᠢ ᠴᠢᠳᠠᠬᠤ ᠪᠠᠷ ᠪᠠᠭᠠᠰᠬᠠᠬᠤ ᠶᠢ ᠰᠠᠨᠠᠭᠠᠴᠢᠯᠠᠨ᠎ᠠ︔ ᠣᠯᠠᠨ ᠨᠡᠶᠢᠲᠡ ᠶᠢᠨ ᠪᠣᠬᠢᠷᠲᠤᠯ ᠦᠭᠡᠢ ᠪᠠᠷ ᠭᠠᠳᠠᠭᠰᠢ | ᠭᠠᠷᠴᠤ᠂ ᠠᠯᠢ ᠴᠢᠳᠠᠬᠤ ᠪᠠᠷ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠰᠠᠭᠤᠨ᠂ ᠲᠡᠷᠭᠡ ᠪᠠᠨ | ᠵᠣᠭᠰᠣᠭᠠᠪᠠᠯ ᠴᠠᠭ ᠲᠤᠬᠠᠢ ᠳᠤᠨᠢ ᠤᠨᠲᠠᠷᠠᠭᠠᠵᠤ᠂ ᠮᠠᠰᠢᠨ ᠲᠡᠷᠭᠡ ᠶᠢᠨ ᠤᠤᠯ ᠣᠷᠣᠨ ᠳᠠᠭᠠᠨ ᠬᠥᠳᠡᠯᠭᠡᠭᠴᠢ ᠮᠠᠰᠢᠨ ᠨᠢ ᠬᠤᠭᠤᠰᠤᠨ ᠠᠵᠢᠯᠯᠠᠬᠤ ᠴᠠᠭ ᠢ | ᠪᠠᠭᠠᠰᠬᠠᠬᠤ ᠶᠢ ᠰᠠᠨᠠᠭᠠᠴᠢᠯᠠᠨ᠎ᠠ︔ ᠤᠯᠠᠨ ᠨᠡᠶᠢᠲᠡ ᠶᠢᠨ ᠡᠷᠡᠭᠦᠯ ᠡᠩᠬᠡ ᠠᠮᠢᠳᠤᠷᠠᠯ ᠢ ᠬᠥᠭᠡᠭᠡᠴᠡᠯᠳᠦᠵᠦ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ ᠶᠢ | ᠰᠠᠨᠠᠭᠠᠴᠢᠯᠠᠨ᠎ᠠ᠃ | ⑶ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ | ① ᠠᠵᠤ ᠦᠢᠯᠡᠳᠪᠦᠷᠢ ᠶᠢᠨ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠶᠣᠰᠣᠭᠠᠷ᠂ | ᠡᠯ᠎ᠡ ᠵᠦᠢᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠢ ᠠᠬᠤᠢ ᠣᠷᠴᠢᠨ | ᠲᠣᠭᠤᠷᠢᠨ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠵᠡᠷᠭᠡ ᠨᠢᠭᠡᠴᠢ ᠨᠦᠭᠦᠳ ᠡᠭᠦᠷᠭᠡ ᠲᠤᠰᠢᠶᠠᠯ ᠤᠨ ᠢᠶᠠᠨ ᠬᠤᠪᠢᠶᠠᠷᠢᠯᠠᠯ ᠶᠣᠰᠣᠭᠠᠷ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ | ᠪᠣᠳᠣᠯᠭ᠎ᠠ︾ ᠠᠪᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ | ᠵᠢᠯᠤᠭᠤᠳᠴᠤ᠂ ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠬᠤ᠂ ᠦᠢᠯᠡᠳᠪᠦᠷᠢᠯᠡᠯ ᠢ ᠨᠢ ᠵᠣᠭᠰᠤᠭᠠᠬᠤ᠂ ᠪᠣᠬᠢᠷᠲᠤᠯ ᠢ ᠵᠠᠰᠠᠬᠤ ᠶᠢ ᠴᠢᠩᠭᠠᠳᠬᠠᠬᠤ᠂ ᠶᠡᠭᠡ | ᠬᠡᠮᠵᠢᠶᠡᠨ ᠤ ᠪᠣᠳᠠᠰ ᠤᠨ ᠮᠠᠲ᠋ᠧᠷᠢᠶᠠᠯ ᠢ ᠣᠷᠭᠢᠯ ᠴᠠᠭ ᠠᠴᠠ ᠵᠥᠷᠢᠭᠦᠯᠦᠨ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠭᠠᠷ ᠮᠠᠨᠳᠠᠯ ᠤᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠠᠮᠲᠤ᠂ ᠭᠤᠣᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠤᠨ ᠢᠷᠡᠯᠲᠡ ᠶᠢᠨ ᠬᠠᠤᠯᠢ ᠬᠡᠷᠡᠭᠵᠢᠭᠦᠯᠦᠨ | ᠪᠠᠶᠢᠴᠠᠭᠠᠬᠤ ᠤᠳᠠᠭ᠎ᠠ ᠲᠤᠭ᠎ᠠ ᠶᠢ ᠨᠡᠮᠡᠭᠳᠡᠭᠦᠯᠦᠨ᠎ᠡ᠃ | ② ᠲᠣᠭᠤᠰᠣ ᠰᠢᠷᠣᠢ ᠶᠢᠨ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠠᠭᠤᠷᠬᠠᠢ᠂ ᠬᠠᠶᠢᠷ ᠴᠢᠯᠠᠭᠤᠨ ᠤ ᠮᠠᠲ᠋ᠧᠷᠢᠶᠠᠯ ᠤᠨ | ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠬᠠᠪᠲᠠᠰᠤᠨ ᠤ ᠦᠢᠯᠡᠳᠪᠦᠷᠢ ᠵᠡᠷᠭᠡ ᠶᠢᠨ ᠵᠠᠳᠠᠭᠠᠢ ᠠᠵᠢᠯᠯᠠᠬᠤ ᠶᠢ ᠵᠣᠭᠰᠣᠭᠠᠵᠤ᠂ | ᠪᠠᠷᠢᠯᠭ᠎ᠠ ᠶᠢᠨ ᠭᠠᠵᠠᠷ ᠤᠨ ᠰᠢᠷᠣᠢ ᠴᠢᠯᠠᠭᠤᠨ ᠤ ᠠᠵᠢᠯ ︵ᠪᠠᠷᠢᠯᠭ᠎ᠠ ᠶᠢ ᠨᠤᠷᠠᠭᠠᠬᠤ᠂ ᠰᠢᠷᠣᠢ ᠴᠢᠯᠠᠭᠤ ᠶᠢ ᠮᠠᠯᠲᠠᠬᠤ᠂ ᠪᠥᠭᠯᠡᠬᠦ᠂ ᠲᠠᠯᠠᠪᠠᠢ ᠳᠤ ᠪᠤᠴᠠᠭᠠᠨ | ᠵᠥᠭᠡᠭᠡᠪᠦᠷᠢᠯᠡᠬᠦ᠂ ᠴᠣᠬᠤᠢ ᠶᠢ ᠬᠤᠯᠢᠬᠤ᠂ ᠪᠧᠲ᠋ᠤᠨ ᠴᠤᠭᠤᠯᠬᠤ ᠵᠡᠷᠭᠡ ᠠᠵᠢᠯ ᠢ ᠵᠣᠭᠰᠣᠭᠠᠵᠤ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ ᠪᠠ | ᠬᠤᠭᠤᠯᠠᠢ ᠭᠤᠤ ᠮᠠᠯᠲᠠᠬᠤ ᠠᠵᠢᠯ ᠢ ᠵᠣᠭᠰᠣᠭᠠᠨ᠎ᠠ︶ ᠢ ᠵᠣᠭᠰᠣᠭᠠᠨ᠎ᠠ︔ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠪᠣᠯᠣᠨ | ᠬᠠᠶᠢᠷ ᠴᠢᠯᠠᠭᠤ ᠲᠡᠭᠡᠭᠡᠪᠦᠷᠢᠯᠡᠬᠦ ᠲᠡᠷᠭᠡ ᠬᠥᠰᠬᠡ ᠶᠢ ᠵᠠᠮ ᠳᠡᠭᠡᠷ᠎ᠡ ᠭᠠᠷᠭᠠᠬᠤ ᠶᠢ ᠴᠠᠭᠠᠵᠠᠯᠠᠵᠤ᠂ ᠰᠢᠷᠣᠢ ᠴᠢᠯᠠᠭᠤ ᠮᠠᠯᠲᠠᠬᠤ ᠮᠠᠯᠲᠠᠭᠤᠷ ᠮᠠᠰᠢᠨ ᠵᠡᠷᠭᠡ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠠᠵᠢᠯ ᠢ ᠵᠣᠭᠰᠣᠭᠠᠨ᠎ᠠ᠃ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠭ᠎ᠠ ᠡᠳᠦᠷ ᠲᠤᠳᠤᠮ ᠤᠨ ᠵᠠᠮ | ᠴᠡᠪᠡᠷᠯᠡᠬᠦ ᠤᠳᠠᠭ᠎ᠠ ᠲᠤᠭ᠎ᠠ ᠶᠢ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠱᠦᠭᠦᠷᠳᠡᠬᠦ᠂ ᠤᠰᠤ ᠰᠦᠷᠴᠢᠬᠦ᠂ ᠰᠦᠷᠴᠢᠬᠦ ᠵᠡᠷᠭᠡ ᠠᠵᠢᠯᠯᠠᠭ᠎ᠠ ᠶᠢᠨ ᠤᠳᠠᠭ᠎ᠠ ᠲᠤᠭ᠎ᠠ ︵ | ᠬᠥᠯᠳᠡᠬᠦ ᠬᠤᠭᠤᠴᠠᠭᠠᠨ ᠳᠤ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠦᠨ᠎ᠡ︶ ᠶᠢ ᠨᠡᠮᠡᠭᠳᠡᠭᠦᠯᠦᠨ᠎ᠡ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠶᠢᠭᠤᠯᠭ᠎ᠠ ᠵᠠᠮ ᠬᠠᠷᠢᠯᠴᠠᠭᠠᠨ ᠤ ᠪᠠᠷᠢᠯᠭ᠎ᠠ ᠶᠢᠨ ᠠᠵᠢᠯ ᠪᠠ ᠵᠠᠰᠠᠮᠠᠯ ᠵᠠᠮ ᠤᠨ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠵᠠᠰᠠᠮᠠᠯ ᠵᠠᠮ ᠤᠨ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠨ᠎ᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠷᠠᠳ ᠤᠨ | ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠪᠠᠷᠢᠯᠭ᠎ᠠ ᠶᠢᠨ ᠠᠵᠢᠯ ᠵᠡᠷᠭᠡ ᠨᠢ ᠬᠡᠷᠡᠭᠴᠡᠭᠡ ᠪᠠᠨ ᠦᠨᠳᠦᠰᠦᠯᠡᠨ | ᠦᠷᠭᠦᠯᠵᠢᠯᠡᠨ ᠠᠵᠢᠯᠯᠠᠵᠤ ᠪᠣᠯᠣᠨ᠎ᠠ᠂ ᠭᠡᠬᠦ ᠳᠡᠭᠡᠨ ︽ᠵᠢᠷᠭᠤᠭᠠᠨ ᠵᠠᠭᠤᠨ ᠤ ᠵᠠᠭᠤ ︾ ︵ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠢ ᠵᠠᠭᠤᠨ ᠤ ᠵᠠᠭᠤ ᠪᠠᠷ | ᠪᠢᠲᠡᠭᠦᠮᠵᠢᠯᠡᠬᠦ᠂ ᠪᠣᠳᠠᠰ ᠣᠪᠣᠭᠠᠯᠠᠵᠤ ᠲᠠᠯᠪᠢᠬᠤ ᠳᠠᠭᠠᠨ ᠵᠠᠭᠤᠨ ᠤ ᠵᠠᠭᠤ ᠪᠠᠷ ᠪᠦᠲᠡᠭᠡᠬᠦ᠂ ᠣᠷᠣᠵᠤ ᠭᠠᠷᠬᠤ ᠲᠡᠷᠭᠡ ᠬᠥᠰᠬᠡ ᠶᠢ ᠵᠠᠭᠤᠨ ᠤ ᠵᠠᠭᠤ ᠪᠠᠷ ᠰᠦᠷᠴᠢᠵᠦ | ᠤᠬᠢᠶᠠᠬᠤ᠂ ᠪᠠᠷᠢᠯᠭ᠎ᠠ ᠶᠢᠨ ᠭᠠᠵᠠᠷ ᠤᠨ ᠵᠠᠮ ᠤᠨ ᠭᠠᠳᠠᠷᠭᠤ ᠶᠢ ᠵᠠᠭᠤᠨ ᠤ ᠵᠠᠭᠤ ᠪᠠᠷ ᠬᠠᠲᠠᠭᠤᠷᠠᠭᠤᠯᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠢ | ᠵᠠᠭᠤᠨ ᠤ ᠵᠠᠭᠤ ᠪᠠᠷ ᠤᠰᠤ ᠰᠦᠷᠴᠢᠵᠦ ᠴᠢᠭᠢᠭ ᠲᠠᠢ ᠪᠠᠶᠢᠯᠭᠠᠬᠤ᠂ ᠬᠤᠭ ᠰᠢᠷᠣᠢ ᠲᠠᠢ ᠲᠡᠷᠭᠡ ᠬᠥᠰᠬᠡ ᠶᠢ ᠵᠠᠭᠤᠨ ᠤ ᠵᠠᠭᠤ ᠪᠠᠷ ᠪᠢᠲᠡᠭᠦᠮᠵᠢᠯᠡᠨ ᠲᠡᠭᠡᠭᠡᠪᠦᠷᠢᠯᠡᠬᠦ︶ | ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠳᠠᠭᠠᠢ ᠲᠠᠯᠠᠪᠤᠷ ᠢ ᠪᠥᠬᠦᠨ ᠢ ᠪᠦᠲᠡᠭᠡᠵᠦ᠂ ᠤᠰᠤ ᠰᠦᠷᠴᠢᠵᠦ ᠲᠣᠭᠤᠰᠣ ᠳᠠᠷᠤᠬᠤ ᠤᠳᠠᠭ᠎ᠠ | ᠲᠤᠭ᠎ᠠ ᠶᠢ ᠨᠡᠮᠡᠭᠳᠡᠭᠦᠯᠦᠨ᠎ᠡ᠃ | ③ ᠰᠢᠯᠵᠢᠮᠡᠯ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠪᠠᠷᠢᠯᠭ᠎ᠠ ᠶᠢᠨ ᠭᠠᠵᠠᠷ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠪᠣᠯᠣᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠳᠣᠲᠣᠷ᠎ᠠ ᠪᠠᠷᠢᠮᠵᠢᠶ᠎ᠠ ᠳᠤ | ᠥᠯᠥ ᠬᠦᠷᠬᠦ ᠵᠠᠮ ᠬᠠᠷᠢᠯᠴᠠᠭᠠᠨ ᠤ ᠪᠤᠰᠤ ᠨᠡᠭᠦᠳᠡᠯ ᠮᠠᠰᠢᠨ ᠬᠡᠷᠡᠭᠯᠡᠬᠦ ᠶᠢ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ᠂ ᠬᠤᠲᠠ ᠶᠢᠨ ᠡᠷᠭᠢᠯᠲᠡ ᠶᠢ ᠪᠠᠲᠤᠯᠠᠬᠤ ᠲᠡᠷᠭᠡ | ᠬᠥᠰᠬᠡ ᠪᠣᠯᠣᠨ ᠡᠭᠦᠷᠭᠡ ᠭᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ ᠬᠤᠲᠠ ᠶᠢᠨ ᠪᠠᠶᠢᠭᠤᠯᠤᠭᠰᠠᠨ ᠲᠣᠭᠤᠷᠢᠭ ᠳᠣᠲᠣᠷ᠎ᠠ ᠬᠦᠨᠳᠦ | ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ᠂ ᠳᠣᠣᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠣᠯᠣᠨ ᠲᠷᠠᠺᠲ᠋ᠣᠷ | ᠨᠡᠪᠲᠡᠷᠡᠬᠦ ᠶᠢ ᠴᠠᠭᠠᠵᠠᠯᠠᠨ᠎ᠠ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠨᠡᠶᠢᠲᠡᠯᠡᠭᠰᠡᠨ ᠬᠦᠨᠳᠦ ᠪᠣᠬᠢᠷᠲᠤᠯ ᠲᠠᠢ ᠴᠠᠭ ᠠᠭᠤᠷ ᠳᠣᠣᠷ᠎ᠠ ᠠᠶᠠᠯᠠᠬᠤ ᠶᠢ ᠬᠢᠵᠠᠭᠠᠷᠯᠠᠬᠤ ᠵᠠᠷᠯᠠᠯ ᠤᠨ ᠶᠣᠰᠣᠭᠠᠷ᠂ ᠬᠤᠷᠢᠭᠠᠲᠠᠢ ᠭᠠᠵᠠᠷ ᠢᠶᠠᠷ | ᠠᠶᠠᠯᠠᠭᠰᠠᠨ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ ᠵᠢᠴᠢ ᠪᠠᠷᠢᠯᠭ᠎ᠠ ᠶᠢᠨ ᠲᠡᠷᠭᠡ ᠵᠡᠷᠭᠡ ᠶᠢ ᠰᠢᠢᠳᠬᠡᠵᠦ᠂ ᠬᠢᠯᠢ ᠪᠠᠷ ᠥᠩᠭᠡᠷᠡᠬᠦ | ᠲᠡᠷᠭᠡ ᠬᠥᠰᠬᠡ ᠶᠢ ᠬᠥᠲᠥᠯᠥᠨ ᠵᠢᠯᠤᠭᠤᠳᠴᠤ ᠬᠤᠲᠠ ᠶᠢᠨ ᠪᠠᠶᠢᠭᠤᠯᠤᠭᠰᠠᠨ ᠲᠣᠭᠤᠷᠢᠭ ᠠᠴᠠ ᠵᠠᠶᠢᠯᠠᠭᠤᠯᠤᠨ᠎ᠠ᠃ | ④ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ᠃ ᠡᠯ᠎ᠡ ᠬᠤᠰᠢᠭᠤ ᠲᠣᠭᠤᠷᠢᠭ ᠤᠨ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠵᠠᠳᠠᠭᠠᠢ ᠪᠠᠷ ᠰᠢᠲᠠᠭᠠᠬᠤ ᠶᠢ ᠴᠠᠭᠠᠵᠠᠯᠠᠬᠤ᠂ ᠢᠳᠡᠭᠡᠨ ᠤᠮᠳᠠᠭᠠᠨ ᠤ ᠲᠣᠰᠣ ᠤᠲᠤᠭ᠎ᠠ ᠶᠢ ᠬᠠᠮᠢᠶᠠᠷᠤᠨ ᠡᠵᠡᠮᠳᠡᠬᠦ᠂ ᠬᠤᠸᠠᠷ | ᠫᠤᠤᠵᠢᠩ ᠰᠢᠲᠠᠭᠠᠵᠤ ᠲᠠᠯᠪᠢᠬᠤ ᠶᠢ ᠴᠠᠭᠠᠵᠠᠯᠠᠬᠤ ᠵᠡᠷᠭᠡ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ ᠶᠢ ᠠᠪᠤᠨ᠎ᠠ᠃ ᠡᠯ᠎ᠡ | ᠰᠤᠮᠤ ᠪᠠᠯᠭᠠᠰᠤ ᠨᠢ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠲᠠ ᠶᠢᠨ | ᠬᠠᠮᠢᠶᠠᠷᠤᠯᠲᠠ ᠶᠢᠨ ᠪᠠᠶᠢᠭᠤᠯᠭ᠎ᠠ ᠮᠣᠳᠣᠨ ᠨᠠᠪᠴᠢ᠂ ᠬᠤᠭ ᠨᠣᠪᠰᠢ ᠶᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠢᠳᠡᠭᠡᠨ ᠤᠮᠳᠠᠭᠠᠨ ᠤ ᠲᠣᠰᠣ ᠣᠲᠤᠭ᠎ᠠ ᠰᠢᠢᠳᠪᠦᠷᠢᠯᠡᠬᠦ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠸᠠᠷ ᠫᠤᠤᠵᠢᠩ ᠰᠢᠲᠠᠭᠠᠵᠤ ᠲᠠᠯᠪᠢᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ⒊ Ⅱ ᠳᠡᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ | Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠣᠣᠷᠠᠬᠢ ᠮᠡᠲᠦ ᠶᠢᠨ | ᠠᠯᠪᠠᠳᠠᠯᠭ᠎ᠠ ᠶᠢᠨ ᠴᠢᠨᠠᠷᠲᠠᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠡᠮᠡᠨ᠎ᠡ᠄ | ⑴ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠃ ᠰᠤᠷᠭᠠᠨ ᠬᠥᠮᠦᠵᠢᠯ ᠤᠨ ᠪᠠᠶᠢᠭᠤᠯᠭ᠎ᠠ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ | ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠪᠠᠨ ᠵᠣᠭᠰᠤᠭᠠᠬᠤ ᠶᠢ ᠬᠢᠨᠠᠨ | ᠵᠢᠯᠤᠭᠤᠳᠬᠤ ᠪᠠ ᠵᠣᠬᠢᠶᠠᠨ ᠪᠠᠶᠢᠭᠤᠯᠤᠨ᠎ᠠ᠃ | ⑵ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠡᠨᠧᠷᠭᠢ ᠶᠢᠨ ᠪᠠᠶᠢᠭᠤᠯᠭ᠎ᠠ | ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠢᠨᠠᠷ ᠰᠠᠶᠢᠨ ᠨᠡᠭᠦᠷᠡᠰᠦ ᠬᠡᠷᠡᠭᠯᠡᠬᠦ ᠬᠠᠷᠢᠴᠠᠯ ᠢ ᠨᠡᠮᠡᠭᠳᠡᠭᠦᠯᠬᠦ ᠶᠢ ᠬᠢᠨᠠᠨ ᠵᠢᠯᠤᠭᠤᠳᠴᠤ᠂ | ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠱᠠᠲᠤ ᠦᠶ᠎ᠡ ᠬᠤᠪᠢᠶᠠᠨ ᠡᠭᠡᠯᠵᠢᠯᠡᠨ ᠴᠠᠬᠢᠯᠭᠠᠨ ᠭᠠᠷᠭᠠᠬᠤ ᠶᠢ ᠬᠢᠵᠠᠭᠠᠷᠯᠠᠬᠤ ᠠᠷᠭ᠎ᠠ | ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ | ⑶ᠲᠣᠭᠤᠰᠣ ᠰᠢᠷᠣᠢ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠪᠠᠷᠢᠯᠭ᠎ᠠ ᠶᠢᠨ ᠭᠠᠵᠠᠷ ᠤᠨ ᠭᠡᠷ ᠤᠨ ᠭᠠᠳᠠᠨ᠎ᠠ | ᠰᠦᠷᠴᠢᠨ ᠰᠢᠷᠳᠡᠬᠦ᠂ ᠬᠦᠲᠦᠯ ᠬᠠᠮᠠᠭᠠᠯᠠᠬᠤ ᠡᠭᠡᠳᠡᠩ ᠰᠦᠷᠴᠢᠬᠦ᠂ ᠬᠡᠷᠴᠢᠬᠦ᠂ ᠵᠠᠮ ᠤᠨ ᠲᠥᠬᠦᠭᠡᠷᠦᠮᠵᠢ ᠶᠢᠨ ᠢᠯᠵᠢᠷᠡᠬᠦ ᠶᠢ ᠰᠡᠷᠭᠡᠶᠢᠯᠡᠬᠦ᠂ ᠵᠠᠮ ᠤᠨ ᠪᠠᠷᠤᠭᠰᠢᠨ | ᠳᠡᠪᠢᠰᠬᠦ ᠵᠡᠷᠭᠡ ᠪᠠᠷᠢᠯᠭ᠎ᠠ ᠶᠢᠨ ᠠᠵᠢᠯ ᠢ ᠵᠣᠭᠰᠣᠭᠠᠨ᠎ᠠ᠃ | ⑷ᠰᠢᠯᠵᠢᠮᠡᠯ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠶᠢᠭᠤᠯᠭ᠎ᠠ | ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠭᠡᠭᠡᠪᠦᠷᠢᠯᠡᠬᠦ ᠬᠦᠴᠦᠨ ᠢ ᠨᠡᠮᠡᠭᠳᠡᠭᠦᠯᠵᠦ᠂ ᠬᠤᠲᠠ ᠶᠢᠨ ᠠᠷᠠᠳ ᠤᠨ ᠶᠠᠪᠤᠵᠤ ᠰᠠᠭᠤᠬᠤ ᠶᠢ ᠪᠠᠲᠤᠯᠠᠨ᠂ | ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠦᠢᠯᠡᠴᠢᠯᠡᠭᠡ ᠬᠤᠳᠠᠯᠳᠤᠨ ᠠᠪᠬᠤ | ᠠᠷᠭ᠎ᠠ ᠮᠠᠶ᠋ᠢᠭ ᠢ ᠠᠰᠢᠭᠯᠠᠨ ᠨᠡᠶᠢᠲᠡ ᠶᠢᠨ ᠮᠠᠰᠢᠨ ᠳᠤ ᠰᠠᠭᠤᠬᠤ ᠵᠠᠷᠤᠳᠠᠯ ᠢ ᠪᠠᠭᠠᠰᠬᠠᠵᠤ ᠬᠡᠯᠲᠦᠷᠢᠭᠦᠯᠦᠨ᠎ᠡ᠃ ᠠᠭᠤᠷᠬᠠᠢ ︵ᠨᠡᠭᠦᠷᠡᠰᠦᠨ ᠠᠭᠤᠷᠬᠠᠢ ᠪᠠᠭᠲᠠᠨ᠎ᠠ︶᠂ | ᠨᠡᠭᠦᠷᠡᠰᠦ ᠤᠬᠢᠶᠠᠬᠤ ᠦᠢᠯᠡᠳᠪᠦᠷᠢ᠂ ᠪᠠᠷᠠᠭᠠᠠ ᠤ ᠭᠦᠢᠯᠭᠡᠭᠡᠨ ᠤ ᠠᠵᠤ ᠠᠬᠤᠶᠢᠯᠠᠯ ︵ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠷᠦᠯ ᠢ ᠭᠠᠷᠭᠠᠨ᠎ᠠ︶ ᠵᠡᠷᠭᠡ | ᠶᠡᠭᠡ ᠬᠡᠮᠵᠢᠶᠡᠨ ᠤ ᠲᠦᠭᠦᠬᠡᠢ ᠮᠠᠲ᠋ᠧᠷᠢᠶᠠᠯ ᠪᠣᠯᠣᠨ ᠪᠦᠲᠦᠭᠡᠭᠳᠡᠬᠦᠨ ᠲᠡᠭᠡᠭᠡᠪᠦᠷᠢᠯᠡᠬᠦ ︵ᠡᠳᠦᠷ ᠲᠤᠳᠤᠮ ᠤᠨ ᠲᠡᠷᠭᠡ ᠬᠥᠰᠬᠡ ᠶᠢᠨ ᠣᠷᠣᠵᠤ ᠭᠠᠷᠬᠤ ᠬᠡᠮᠵᠢᠶ᠎ᠡ ᠨᠢ | 10 ᠲᠡᠷᠭᠡ ᠤᠳᠠᠭ᠎ᠠ ᠠᠴᠠ ᠬᠡᠲᠦᠷᠡᠭᠰᠡᠨ︶ ᠲᠠᠢ ᠬᠤᠯᠪᠣᠭᠳᠠᠭᠰᠠᠨ ᠨᠢᠭᠡᠴᠢ ᠤᠯᠤᠰ ᠤᠨ ᠳᠥᠷᠪᠡᠳᠦᠭᠡᠷ ᠵᠢᠴᠢ ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ | ᠪᠠᠷᠠᠭ᠎ᠠ ᠲᠡᠭᠡᠭᠡᠬᠦ ᠮᠠᠰᠢᠨ ᠲᠡᠷᠭᠡ ︵ᠰᠢᠲᠠᠮᠠᠬᠠᠢ ᠬᠡᠢ ᠲᠦᠯᠡᠬᠦ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ ᠪᠠᠭᠲᠠᠨ᠎ᠠ︶ ᠪᠠᠷ ᠲᠡᠭᠡᠭᠡᠪᠦᠷᠢᠯᠡᠬᠦ ︵ᠣᠨᠴᠠ | ᠲᠦᠷᠦᠯ ᠤᠨ ᠲᠡᠷᠭᠡ ᠬᠥᠰᠬᠡ᠂ ᠠᠶᠤᠯ ᠲᠠᠢ ᠬᠢᠮᠢ ᠶᠢᠨ ᠪᠣᠳᠠᠰ ᠤᠨ ᠲᠡᠷᠭᠡ ᠬᠥᠰᠬᠡ ᠵᠡᠷᠭᠡ ᠪᠠᠭᠲᠠᠬᠤ ᠦᠭᠡᠢ︶ ᠪᠠᠨ ᠵᠣᠭᠰᠣᠭᠠᠬᠤ ᠬᠡᠷᠡᠭᠲᠡᠢ᠃ | ⒋Ⅰ ᠳᠡᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ | Ⅱ ᠲᠠᠰ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠣᠣᠷᠠᠬᠢ ᠠᠷᠭ᠎ᠠ | ᠬᠡᠮᠵᠢᠶ᠎ᠡ ᠶᠢ ᠨᠡᠮᠡᠨ᠎ᠡ᠄ | ⑴ ᠡᠷᠡᠭᠦᠯ ᠮᠡᠡᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ | ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠤᠨ ᠪᠠᠶᠢᠭᠤᠯᠭ᠎ᠠ ᠨᠥᠬᠦᠴᠡᠯ ᠲᠠᠢ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ | ᠵᠣᠭᠰᠤᠭᠠᠬᠤ ᠶᠢ ᠵᠢᠯᠤᠭᠤᠳᠬᠤ ᠶᠢᠨ ᠬᠠᠮᠲᠤ ᠬᠢᠴᠢᠶᠡᠯ ᠵᠣᠭᠰᠣᠭᠰᠠᠨ ᠬᠤᠭᠤᠴᠠᠭᠠᠨ ᠳᠠᠬᠢ ᠰᠤᠷᠤᠭᠴᠢᠳ ᠤᠨ ᠰᠤᠷᠤᠯᠴᠠᠯᠭ᠎ᠠ ᠶᠢ ᠵᠣᠬᠢᠰᠲᠠᠢ ᠲᠣᠬᠢᠷᠠᠭᠤᠯᠤᠨ᠂ | ᠠᠯᠢ ᠪᠣᠯᠬᠤ ᠪᠠᠷ ᠬᠢᠴᠢᠶᠡᠯ ᠵᠣᠭᠰᠣᠭᠰᠠᠨ ᠴᠤ ᠰᠤᠷᠤᠯᠴᠠᠯᠭ᠎ᠠ ᠶᠢ ᠵᠣᠭᠰᠣᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ | ⑵ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ | ① ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ᠃ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ | ᠶᠣᠰᠣᠭᠠᠷ᠂ ᠡᠯ᠎ᠡ ᠵᠦᠢᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ② ᠰᠢᠯᠵᠢᠮᠡᠯ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠮᠠᠰᠢᠨ ᠲᠡᠷᠭᠡ ᠶᠢ ᠬᠠᠮᠢᠶᠠᠷᠤᠨ ᠡᠵᠡᠮᠳᠡᠬᠦ ᠨᠠᠩ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠪᠡᠯ ᠵᠣᠬᠢᠨ᠎ᠠ᠃ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ ᠪᠠᠷ ᠬᠤᠯᠪᠣᠭᠠᠯᠠᠨ ᠬᠥᠳᠡᠯᠦᠯᠴᠡᠬᠦ | ⒈ Ⅲ ᠳᠡᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ | ᠠᠯᠪᠠᠳᠠᠯᠭ᠎ᠠ ᠶᠢᠨ ᠴᠢᠨᠠᠷᠲᠠᠢ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠬᠢᠨᠠᠨ ᠬᠠᠮᠢᠶᠠᠷᠬᠤ ᠪᠤᠶᠤ ᠬᠢᠨᠠᠨ ᠵᠢᠯᠤᠭᠤᠳᠬᠤ ᠡᠭᠦᠷᠭᠡ ᠬᠠᠷᠢᠭᠤᠴᠠᠯᠭ᠎ᠠ ᠲᠠᠢ | ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠪᠠᠶᠢᠭᠤᠯᠭ᠎ᠠ ᠶᠢᠨ ᠲᠤᠰᠬᠠᠢ ᠬᠡᠷᠡᠭᠵᠢᠭᠦᠯᠬᠦ ᠲᠥᠰᠥᠯ ᠢ ᠡᠬᠢᠯᠡᠭᠦᠯᠦᠨ ᠬᠡᠷᠡᠭᠵᠢᠭᠦᠯᠵᠦ᠂ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ | ⒉Ⅱ ᠳᠡᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ | ᠪᠥᠬᠦ ᠬᠤᠰᠢᠭᠤᠨ ᠤ Ⅲ ᠲᠠᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠵᠠᠳᠠᠯᠬᠤ᠂ ᠰᠤᠳᠤᠯᠤᠨ ᠮᠠᠭᠠᠳᠯᠠᠬᠤ᠂ ᠵᠢᠱᠢᠬᠦ ᠶᠢ | ᠴᠢᠩᠭᠠᠳᠬᠠᠵᠤ᠂ ᠡᠳᠦᠷ ᠪᠦᠷᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠬᠠᠮᠢᠶ᠎ᠠ ᠪᠦᠬᠦᠢ | ᠪᠠᠶᠢᠳᠠᠯ ᠢ ᠮᠡᠳᠡᠭᠦᠯᠦᠨ᠎ᠡ᠃ | ⒊Ⅰ ᠲᠡᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ | ᠪᠥᠬᠦ ᠬᠤᠰᠢᠭᠤᠨ ᠤ Ⅱ ᠲᠠᠰ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠶᠡᠷᠦᠩᠬᠡᠶᠢᠯᠡᠭᠰᠡᠨ ᠱᠠᠭᠠᠷᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠬᠤᠰᠢᠭᠤᠨ ᠤ ᠡᠯ᠎ᠡ ᠬᠠᠮᠢᠶ᠎ᠠ ᠪᠦᠬᠦᠢ ᠨᠢᠭᠡᠴᠢ ᠶᠢᠨ ᠠᠵᠢᠯ ᠥᠷᠨᠢᠭᠦᠯᠦᠭᠰᠡᠨ | ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠨ᠎ᠡ᠃ | ︵ᠲᠠᠪᠤ︶ ᠮᠡᠳᠡᠭᠡ ᠵᠠᠩᠭᠢ ᠶᠢ ᠢᠯᠡ ᠪᠣᠯᠭᠠᠬᠤ | ⒈ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ | ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠤ ᠣᠷᠴᠢᠨ ᠲᠣᠭᠤᠷᠢᠨ ᠠᠭᠠᠷ ᠤᠨ ᠴᠢᠨᠠᠷ ᠴᠢᠨᠰᠠᠭ᠎ᠠ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ᠂ ᠬᠦᠨᠳᠦ | ᠪᠣᠬᠢᠷᠲᠤᠯ ᠲᠠᠢ ᠴᠠᠭ ᠠᠭᠤᠷ ᠤᠨ ᠦᠷᠭᠦᠯᠵᠢᠯᠡᠵᠦ ᠮᠡᠳᠡᠬᠦ ᠴᠠᠭ᠂ ᠨᠢᠭᠤᠭᠳᠠᠮᠠᠯ ᠬᠤᠣᠷ ᠬᠥᠨᠥᠭᠡᠯ ᠵᠢᠴᠢ ᠰᠡᠷᠭᠡᠶᠢᠯᠡᠬᠦ ᠰᠠᠨᠠᠭᠤᠯᠭ᠎ᠠ᠂ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠠᠬᠢᠴᠠ ᠵᠡᠷᠭᠡ ᠶᠢ ᠪᠠᠭᠲᠠᠭᠠᠨ᠎ᠠ᠃ | ⒉ ᠮᠡᠳᠡᠭᠡ ᠵᠠᠩᠭᠢ ᠶᠢ ᠢᠯᠡ ᠪᠣᠯᠭᠠᠬᠤ ᠬᠡᠯᠪᠡᠷᠢ | ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠨᠡᠭᠦᠳᠡᠯ ᠴᠢᠮᠡᠭᠡ ᠬᠤᠯᠪᠣᠭ᠎ᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠮᠡᠳᠡᠭᠡ | ᠵᠠᠩᠭᠢ ᠶᠢ ᠨᠡᠶᠢᠲᠡᠯᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠬᠠᠭᠤᠯᠬᠤ᠂ ᠪᠠᠶᠢᠳᠠᠯ ᠢ ᠮᠡᠳᠡᠭᠡᠯᠡᠬᠦ᠂ ᠲᠤᠰᠬᠠᠢ ᠮᠡᠷᠭᠡᠵᠢᠯᠲᠡᠨ ᠤ ᠰᠣᠷᠪᠤᠯᠵᠢᠯᠠᠭ᠎ᠠ ᠬᠢᠬᠦ | ᠵᠡᠷᠭᠡ ᠬᠡᠯᠪᠡᠷᠢ ᠪᠠᠷ ᠨᠡᠶᠢᠭᠡᠮ ᠳᠤ ᠨᠡᠶᠢᠲᠡᠯᠡᠨ᠎ᠡ᠃ | ⒊ ᠮᠡᠳᠡᠭᠡ ᠵᠠᠩᠭᠢ ᠶᠢ ᠢᠯᠡ ᠪᠣᠯᠭᠠᠬᠤ ᠵᠣᠬᠢᠶᠠᠨ ᠪᠠᠶᠢᠭᠤᠯᠤᠯᠲᠠ | ᠬᠤᠰᠢᠭᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠶᠢ ᠢᠯᠡ ᠪᠣᠯᠭᠠᠵᠤ᠂ ᠬᠤᠰᠢᠭᠤ ᠲᠣᠭᠤᠷᠢᠭ ᠤᠨ ᠤᠬᠠᠭᠤᠯᠬᠤ ᠪᠠᠶᠢᠭᠤᠯᠭ᠎ᠠ ᠰᠣᠨᠢᠨ ᠮᠡᠳᠡᠭᠡᠨ ᠤ ᠤᠬᠠᠭᠤᠯᠭ᠎ᠠ | ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠴᠤ ᠰᠢᠢᠳᠪᠦᠷᠢᠯᠡᠬᠦ ᠶᠢ ᠬᠠᠷᠢᠭᠤᠴᠠᠨ᠎ᠠ᠃ | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠵᠣᠭᠰᠤᠭᠠᠬᠤ | ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠠᠶᠠᠨᠳᠠᠭᠠᠨ ᠬᠡᠷᠡᠭᠵᠢᠭᠦᠯᠬᠦ ᠪᠠᠨ ᠵᠣᠭᠰᠣᠭᠠᠨ᠎ᠠ᠃ | ︵ᠳᠣᠯᠤᠭ᠎ᠠ︶ ᠬᠤᠷᠢᠶᠠᠩᠭᠤᠶᠢᠯᠠᠵᠤ ᠦᠨᠡᠯᠡᠨ ᠵᠢᠱᠢᠬᠦ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠨ ᠵᠣᠭᠰᠣᠭᠠᠭᠰᠠᠨ 5 ᠠᠵᠢᠯᠯᠠᠬᠤ ᠡᠳᠦᠷ ᠤᠨ ᠳᠣᠲᠣᠷ᠎ᠠ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ ᠦᠨᠡᠯᠡᠨ ᠵᠢᠱᠢᠭᠰᠡᠨ | ᠮᠡᠳᠡᠭᠦᠯᠦᠯᠲᠡ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠳᠡᠰ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ ᠶᠢᠨ ᠬᠠᠮᠲᠤ ᠲᠣᠪᠣᠶᠢᠮ᠎ᠠ ᠠᠰᠠᠭᠤᠳᠠᠯ ᠳᠤ | ᠴᠢᠭᠯᠡᠭᠦᠯᠦᠨ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠠᠷᠤᠳᠠᠯ ᠤᠨ ᠪᠠᠲᠤᠯᠠᠭ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠣᠭᠲᠠᠭᠠᠯ ᠶᠣᠰᠣᠭᠠᠷ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠰᠡᠬᠦ ᠪᠡᠯᠡ ᠮᠥᠩᠭᠦ ᠶᠢ ᠲᠥᠰᠥᠪ ᠲᠤ ᠣᠷᠣᠭᠤᠯᠤᠨ᠂ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠ ᠶᠢ ᠵᠠᠰᠠᠨ ᠨᠠᠶᠢᠷᠠᠭᠤᠯᠬᠤ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠠᠮᠵᠢᠯᠲᠠ ᠪᠦᠲᠦᠮᠵᠢ ᠶᠢ ᠲᠠᠰ | ᠬᠤᠪᠢᠶᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠬᠢᠨᠠᠯᠲᠠ ᠲᠠᠯᠪᠢᠵᠤ | ᠪᠠᠶᠢᠴᠠᠭᠠᠬᠤ ᠵᠢᠴᠢ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ᠂ ᠠᠵᠢᠯᠯᠠᠭᠤᠯᠬᠤ ᠪᠠ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠮᠡᠷᠭᠡᠵᠢᠯ ᠤᠨ | ᠳᠡᠮᠵᠢᠯᠭᠡ ᠦᠵᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠬᠦ ᠵᠡᠷᠭᠡ ᠡᠯ᠎ᠡ ᠵᠦᠢᠯ ᠤᠨ ᠠᠵᠢᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ | ︵ᠬᠤᠶᠠᠷ︶ ᠡᠳ᠋ ᠪᠣᠳᠠᠰ ᠤᠨ ᠪᠠᠲᠤᠯᠠᠭ᠎ᠠ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠪᠠᠴᠢᠮ ᠪᠠᠶᠢᠳᠠᠯ ᠢ ᠠᠷᠭᠠᠴᠠᠭᠠᠬᠤ ᠬᠤᠭᠤᠴᠠᠭᠠᠨ ᠤ | ᠬᠡᠮᠵᠢᠬᠦ ᠪᠠᠭᠠᠵᠢ᠂ ᠲᠡᠷᠭᠡ ᠬᠥᠰᠬᠡ᠂ ᠬᠥᠮᠥᠨ ᠤ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠲᠥᠯᠥᠪᠯᠡᠭᠡ ᠲᠣᠭᠲᠠᠭᠠᠵᠤ᠂ ᠡᠯ᠎ᠡ ᠵᠦᠢᠯ ᠤᠨ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠵᠦ ᠬᠠᠮᠠᠭᠠᠯᠠᠬᠤ ᠭᠤᠣᠯ ᠴᠣᠭᠴᠠ᠂ ᠲᠥᠷᠥᠯ ᠵᠦᠢᠯ ᠪᠣᠯᠣᠨ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ | ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠤᠭᠤᠳ ᠲᠣᠰ ᠲᠣᠰ ᠤᠨ ᠡᠭᠦᠷᠭᠡ ᠲᠤᠰᠢᠶᠠᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠥᠷᠥᠯ ᠵᠦᠢᠯ ᠢᠶᠠᠷ ᠪᠦᠷᠢᠨ᠂ | ᠲᠤᠭ᠎ᠠ ᠬᠡᠮᠵᠢᠶ᠎ᠡ ᠪᠠᠷ ᠭᠦᠢᠴᠡᠳ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠂ ᠲᠡᠷᠭᠡ ᠬᠥᠰᠬᠡ ᠪᠣᠯᠣᠨ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ | ᠵᠡᠷᠭᠡ ᠶᠢ ᠲᠣᠬᠢᠷᠠᠭᠤᠯᠬᠤ ᠶᠢᠨ ᠬᠠᠮᠲᠤ᠂ ᠡᠳᠦᠷ ᠲᠤᠲᠤᠮ ᠤᠨ ᠬᠠᠮᠢᠶᠠᠷᠤᠯᠲᠠ ᠪᠠ ᠠᠷᠠᠴᠢᠯᠠᠨ ᠬᠠᠮᠠᠭᠠᠯᠠᠯᠲᠠ ᠬᠢᠵᠦ᠂ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ︵ᠭᠤᠷᠪᠠ︶ ᠠᠮᠤᠷ ᠲᠦᠪᠰᠢᠨ ᠤ ᠪᠠᠲᠤᠯᠠᠭ᠎ᠠ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ | ᠶᠢ ᠡᠬᠢᠯᠡᠬᠦᠯᠦᠨ ᠬᠡᠷᠡᠭᠵᠢᠬᠦᠯᠵᠦ ᠦᠢᠯᠡᠳᠪᠦᠷᠢᠯᠡᠯ ᠢ ᠵᠣᠭᠰᠤᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠠᠪᠬᠤ ᠠᠴᠠ ᠡᠮᠦᠨ᠎ᠡ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠤ ᠪᠠᠶᠢᠭᠤᠯᠭ᠎ᠠ ᠬᠠᠷᠢᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠵᠤ᠂ ᠦᠢᠯᠡᠳᠪᠦᠷᠢᠯᠡᠯ ᠢ ᠵᠣᠭᠰᠤᠭᠠᠬᠤ ︵ᠬᠢᠵᠠᠭᠠᠷᠯᠠᠬᠤ︶ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠲᠡᠰ ᠢ | ᠬᠠᠤᠯᠢ ᠶᠣᠰᠣᠭᠠᠷ ᠲᠣᠭᠲᠠᠭᠠᠨ᠂ ᠲᠦᠭᠰᠢᠭᠦᠷᠢ ᠪᠠᠷ ᠨᠡᠯᠢᠶᠡᠳ ᠶᠡᠭᠡ ᠠᠵᠤ ᠠᠬᠤᠶᠢᠯᠠᠯ ᠳᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠤ ᠪᠠᠶᠢᠭᠤᠯᠭ᠎ᠠ ᠠᠴᠠ ᠬᠢᠨᠠᠨ ᠬᠠᠮᠢᠶᠠᠷᠬᠤ ᠠᠵᠢᠯᠲᠠᠨ ᠲᠣᠮᠢᠯᠠᠨ ᠲᠤᠬᠠᠢ ᠶᠢᠨ | ᠲᠠᠯᠠᠪᠠᠢ ᠳᠤ ᠣᠴᠢᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠦᠭᠰᠢᠭᠦᠷᠢ ᠶᠢ ᠢᠯᠭᠠᠵᠤ ᠲᠠᠨᠢᠨ᠂ ᠲᠠᠯᠳᠠ ᠭᠡᠮ ᠢ ᠪᠥᠬᠦ ᠲᠠᠯ᠎ᠠ ᠪᠠᠷ ᠨᠠᠷᠢᠨ | ᠪᠠᠶᠢᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠢ ᠵᠣᠭᠰᠤᠭᠠᠬᠤ ︵ᠬᠢᠵᠠᠭᠠᠷᠯᠠᠬᠤ︶ ᠬᠤᠭᠤᠴᠠᠭᠠᠨ ᠳᠤ ᠠᠮᠤᠷ ᠲᠣᠭᠲᠠᠭᠤᠨ | ᠪᠠᠶᠢᠬᠤ ᠶᠢ ᠪᠠᠲᠤᠯᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠪᠠ ᠣᠷᠴᠢᠨ ᠲᠣᠭᠤᠷᠢᠨ ᠢ ᠪᠣᠬᠢᠷᠲᠤᠭᠤᠯᠬᠤ ᠬᠡᠷᠡᠭ ᠭᠠᠷᠬᠤ ᠠᠴᠠ ᠬᠢᠴᠢᠶᠡᠨ᠎ᠡ᠃ | ︵ᠳᠥᠷᠪᠡ︶ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢᠨ ᠪᠠᠲᠤᠯᠠᠭ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠣᠷᠴᠢᠨ ᠲᠣᠭᠤᠷᠢᠨ ᠤ ᠠᠭᠠᠷ ᠤᠨ ᠴᠢᠨᠠᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠮᠡᠳᠡᠭᠡᠯᠡᠬᠦ ᠡᠩᠨᠡᠭᠡ ᠶᠢ ᠪᠠᠶᠢᠭᠤᠯᠵᠤ ᠪᠤᠵᠠᠭᠠᠶᠢᠷᠠᠭᠤᠯᠤᠨ᠂ ᠣᠷᠴᠢᠨ ᠲᠣᠭᠤᠷᠢᠨ ᠤ ᠠᠭᠠᠷ ᠤᠨ | ᠴᠢᠨᠠᠷ ᠴᠢᠨᠰᠠᠭ᠎ᠠ ᠶᠢ ᠬᠢᠨᠠᠨ ᠬᠡᠮᠵᠢᠬᠦ ᠪᠠᠭᠠᠵᠢ ᠲᠥᠬᠦᠭᠡᠷᠦᠮᠵᠢ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠠᠭᠪᠤᠷ ᠵᠡᠷᠭᠡ ᠵᠥᠭᠡᠯᠡᠨ ᠬᠠᠲᠠᠭᠤ ᠲᠣᠨᠤᠭ ᠢ | ᠪᠦᠷᠢᠳᠦᠬᠦᠯᠵᠦ᠂ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ᠂ ᠴᠠᠭ ᠠᠭᠤᠷ ᠤᠨ ᠨᠥᠬᠦᠴᠡᠯ ᠢ ᠲᠥᠰᠥᠭᠡᠯᠡᠬᠦ ᠵᠡᠷᠭᠡ ᠬᠠᠮᠢᠶ᠎ᠠ ᠪᠦᠬᠦᠢ ᠬᠦᠷᠢᠶᠡᠨ ᠤ | ᠰᠤᠳᠤᠯᠭᠠᠨ ᠢ ᠴᠢᠩᠭᠠᠳᠬᠠᠨ᠎ᠠ᠃ | ︵ᠲᠠᠪᠤ︶ ᠬᠠᠷᠢᠯᠴᠠᠭᠠᠨ ᠤ ᠪᠠᠲᠤᠯᠠᠭ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠪᠠᠶᠢᠭᠤᠯᠭ᠎ᠠ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠬᠤ ᠵᠢᠵᠢᠬᠦᠷᠯᠡᠬᠦ ᠳᠦᠷᠢᠮ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠦᠨ᠂ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭᠠᠲᠠᠨ ᠪᠠ ᠬᠤᠯᠪᠣᠭᠠᠴᠢᠨ ᠢ ᠲᠣᠳᠣᠷᠬᠠᠶᠢᠯᠠᠵᠤ᠂ ᠴᠢᠮᠡᠭᠡ ᠬᠤᠯᠪᠣᠭ᠎ᠠ | 24 ᠴᠠᠭ ᠢᠶᠠᠷ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠪᠠ ᠵᠠᠷᠯᠢᠭ ᠢ ᠴᠠᠭ ᠲᠤᠬᠠᠢ ᠳᠤᠨᠢ ᠪᠦᠲᠦᠮᠵᠢᠲᠡᠶ | ᠳᠠᠮᠵᠢᠭᠤᠯᠬᠤ ᠶᠢ ᠪᠠᠲᠤᠯᠠᠨ᠎ᠠ᠃ | ᠵᠢᠷᠭᠤᠭ᠎ᠠ᠂ ᠪᠡᠯᠡᠳᠬᠡᠯ ᠲᠥᠰᠥᠯ ᠤᠨ ᠬᠠᠮᠢᠶᠠᠷᠤᠯᠲᠠ | ︵ᠨᠢᠭᠡ︶ ᠪᠡᠯᠡᠳᠬᠡᠯ ᠲᠥᠰᠥᠯ ᠤᠨ ᠤᠬᠠᠭᠤᠯᠭ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠨᠢᠭᠡᠴᠢ ᠢᠨᠲ᠋ᠧᠷ ᠰᠦᠯᠵᠢᠶ᠎ᠡ᠂ ᠲᠧᠯᠸᠢᠰ᠂ ᠷᠠᠳᠢᠣ᠋᠂ ᠰᠣᠨᠢᠨ ᠰᠡᠳᠬᠦᠯ | ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ ᠰᠦᠯᠵᠢᠶ᠎ᠡ ᠶᠢ ᠭᠦᠢᠴᠡᠳ ᠠᠰᠢᠭᠯᠠᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠶᠢ ᠥᠷᠭᠡᠨ ᠢᠶᠠᠷ ᠤᠬᠠᠭᠤᠯᠵᠤ᠂ | ᠬᠦᠨᠳᠦ ᠪᠣᠬᠢᠷᠲᠤᠯ ᠲᠠᠢ ᠴᠠᠭ ᠠᠭᠤᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠨᠡᠶᠢᠲᠡᠯᠡᠨ᠂ ᠶᠠᠷᠢᠶ᠎ᠠ ᠬᠡᠯᠡᠯᠴᠡᠭᠡ ᠶᠢ ᠵᠥᠪ ᠢᠶᠠᠷ | ᠬᠥᠲᠥᠯᠥᠨ ᠵᠢᠯᠤᠭᠤᠳᠤᠨ᠎ᠠ᠃ | ︵ᠬᠤᠶᠠᠷ︶ ᠪᠡᠯᠡᠳᠬᠡᠯ ᠲᠥᠰᠥᠯ ᠤᠨ ᠪᠣᠯᠪᠠᠰᠤᠷᠠᠯ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠪᠣᠯᠪᠠᠰᠤᠷᠠᠯ ᠤᠨ ᠳᠦᠷᠢᠮ ᠢ ᠲᠣᠭᠲᠠᠭᠠᠨ | ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠯ ᠤᠨ | ᠲᠥᠯᠥᠪᠯᠡᠭᠡ ᠲᠣᠭᠲᠠᠭᠠᠵᠤ᠂ ᠪᠣᠯᠪᠠᠰᠤᠷᠠᠯ ᠤᠨ ᠠᠭᠤᠯᠭ᠎ᠠ ᠪᠠ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠪᠣᠯᠪᠠᠰᠤᠷᠠᠯ ᠤᠨ ᠵᠢᠷᠤᠮᠵᠢᠯ ᠲᠠᠢ ᠡᠮᠬᠢ ᠳᠢᠭᠯᠢᠮ ᠲᠠᠢ | ᠶᠠᠪᠤᠭᠳᠠᠬᠤ ᠶᠢ ᠪᠠᠲᠤᠯᠠᠨ᠎ᠠ᠃ 3 ᠵᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠦ᠂ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠭᠠᠬᠤ ᠠᠵᠢᠯ ᠤᠨ ᠴᠢᠭᠯᠡᠯᠲᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ | ︵ᠭᠤᠷᠪᠠ︶ ᠪᠡᠯᠡᠳᠬᠡᠯ ᠲᠥᠰᠥᠯ ᠤᠨ ᠳᠠᠩᠰᠠᠯᠠᠯ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ | ᠪᠦᠷᠢᠯᠳᠦᠭᠦᠨ ᠨᠢᠭᠡᠴᠢ ᠤᠯᠤᠰ ᠤᠨ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠪᠠ ᠲᠣᠰ ᠪᠡᠯᠡᠳᠬᠡᠯ ᠲᠥᠰᠥᠯ ᠤᠨ ᠱᠠᠭᠠᠷᠳᠠᠯᠭ᠎ᠠ ᠶᠢ | ᠦᠨᠳᠦᠰᠦᠯᠡᠨ᠂ ᠲᠣᠰ ᠭᠠᠵᠠᠷ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠠ ᠲᠣᠰ | ᠪᠠᠶᠢᠭᠤᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠰᠬᠠᠢ ᠲᠥᠰᠥᠯ ᠢ ᠵᠠᠰᠠᠨ ᠨᠠᠶᠢᠷᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠠ ᠲᠤᠰᠬᠠᠢ ᠬᠡᠷᠡᠭᠵᠢᠭᠦᠯᠬᠦ ᠲᠥᠰᠥᠯ ᠢ ᠴᠠᠭ ᠲᠤᠬᠠᠢ ᠳᠤᠨᠢ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠳᠠᠩᠰᠠᠯᠠᠭᠤᠯᠤᠨ᠎ᠠ᠃ ᠬᠤᠰᠢᠭᠤᠨ ᠤ ᠡᠯ᠎ᠡ ᠬᠠᠮᠢᠶ᠎ᠠ | ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠨᠤᠭᠤᠳ ᠲᠣᠰ ᠪᠠᠶᠢᠭᠤᠯᠭ᠎ᠠ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠤᠰᠬᠠᠢ ᠲᠥᠰᠥᠯ ᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠲᠤᠰᠬᠠᠢ ᠬᠡᠷᠡᠭᠵᠢᠭᠦᠯᠬᠦ ᠲᠥᠰᠥᠯ ᠳᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠦᠨᠡᠨ ᠬᠦ ᠬᠡᠷᠡᠭᠵᠢᠭᠦᠯᠦᠰᠢᠲᠡᠢ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃ | ᠳᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠬᠠᠮᠢᠶ᠎ᠠ | ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠵᠦ᠂ | ᠪᠡᠯᠡᠳᠬᠡᠯ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠱᠠᠭᠠᠷᠳᠠᠨ ᠵᠢᠯᠤᠭᠤᠳᠴᠤ᠂ ᠪᠡᠯᠡᠳᠬᠡᠯ ᠲᠥᠰᠥᠯ ᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠨ᠎ᠡ᠃ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠤᠭᠰᠠᠨ᠂ ᠣᠯᠠᠨᠲᠠ | ᠪᠠᠶᠢᠴᠠᠭᠠᠵᠤ ᠢᠳᠬᠠᠭᠰᠠᠨ ᠴᠤ ᠣᠯᠠᠨᠲᠠ ᠵᠥᠷᠢᠴᠡᠭᠰᠡᠨ ᠠᠵᠤ ᠠᠬᠤᠶᠢᠯᠠᠯ ᠢ ᠬᠠᠤᠯᠢ ᠶᠣᠰᠣᠭᠠᠷ ᠵᠠᠷᠯᠢᠭᠳᠠᠵᠤ ᠦᠢᠯᠡᠳᠪᠦᠷᠢᠯᠡᠯ ᠢ ᠨᠢ ᠵᠣᠭᠰᠣᠭᠠᠨ ᠰᠢᠢᠳᠬᠡᠬᠦ ᠠᠴᠠ | ᠭᠠᠳᠠᠨ᠎ᠠ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠲᠠᠢ᠂ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠰᠠᠶᠢᠲᠤᠷ ᠬᠡᠷᠡᠭᠵᠢᠭᠦᠯᠦᠭᠰᠡᠨ ᠦᠭᠡᠢ ︵ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠬᠠᠷᠢᠭᠤᠴᠠᠯᠭ᠎ᠠ ᠠᠴᠠ ᠵᠠᠶᠢᠯᠠᠬᠤ ᠶᠢ ᠪᠠᠭᠲᠠᠭᠠᠨ᠎ᠠ︶ ᠪᠤᠶᠤ ᠬᠠᠷᠠᠭᠠᠯᠵᠠᠭᠰᠠᠨ ᠠᠵᠢᠯ ᠤᠨ ᠠᠮᠵᠢᠯᠲᠠ ᠪᠦᠲᠦᠮᠵᠢ ᠪᠠᠷ ᠲᠠᠰ ᠬᠤᠪᠢᠶᠠᠬᠤ ᠱᠠᠭᠠᠷᠳᠠᠯᠭ᠎ᠠ ᠳᠤ ᠥᠯᠥ | ᠬᠦᠷᠦᠭᠰᠡᠨ ᠠᠵᠢᠯ ᠤᠨ ᠠᠮᠵᠢᠯᠲᠠ ᠪᠦᠲᠦᠮᠵᠢ ᠶᠢᠨ ᠲᠠᠰ ᠬᠤᠪᠢᠶᠠᠬᠤ ᠠᠵᠤ ᠠᠬᠤᠶᠢᠯᠠᠯ ᠢ ᠬᠠᠮᠢᠶ᠎ᠠ ᠪᠦᠬᠦᠢ ᠲᠠᠰ ᠳᠠᠷᠠᠭᠠᠯᠠᠯ ᠢᠶᠠᠷ ᠲᠠᠰ ᠪᠠᠭᠤᠷᠠᠭᠤᠯᠤᠨ | ᠰᠢᠢᠳᠪᠦᠷᠢᠯᠡᠨ᠎ᠡ᠃ | ᠨᠠᠢᠮᠠ᠂ ᠳᠠᠭᠠᠯᠳᠤᠭᠤᠯᠤᠯ ᠳᠦᠷᠢᠮ | ᠲᠣᠰ ᠪᠡᠯᠡᠳᠬᠡᠯ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ︵2020 ᠣᠨ ᠤ ᠬᠡᠪᠯᠡᠯ︶︾ ︵ᠣᠲᠤᠭ ᠵᠠᠰᠠᠭ ᠠᠯᠪᠠᠨ ᠲᠠᠷᠬᠠᠭᠠᠭᠰᠠᠨ ﹇2020﹈ 84 ᠳ᠋ᠦ᠋ᠭᠡᠷ | ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | | ᠳᠠᠭᠠᠯᠳᠤᠭᠤᠯᠤᠯ᠄ ⒈ ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ | ᠭᠠᠵᠠᠷ ᠤᠨ ᠪᠦᠷᠢᠯᠳᠦᠭᠦᠨ ᠤ ᠨᠡᠷᠡᠰ | ⒉ ᠪᠠᠴᠢᠮ ᠪᠠᠶᠢᠳᠠᠯ ᠢ ᠠᠷᠭᠠᠴᠭᠠᠭᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ | ⒊ ᠣᠲᠤᠭ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠠᠪᠤᠴᠠ ᠶᠢᠨ | ᠵᠢᠷᠤᠭ | ⒋ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠡᠶᠢᠲᠡᠯᠡᠯ ᠤᠨ ᠬᠢᠨᠠᠨ ᠵᠥᠪᠰᠢᠶᠡᠷᠡᠯ ︵ᠥᠯᠢᠭᠡᠷ ᠬᠦᠰᠦᠨᠦᠭᠲᠦ︶ | | | | | |