ᠬᠥᠲᠥᠯᠥᠭᠴᠢ᠄ ᠰᠦᠯᠵᠢᠶᠡᠨ ᠤ ᠨᠠᠶᠢᠵᠠ ᠨᠠᠷ ᠰᠠᠶᠢᠨ ᠪᠠᠶᠢᠨ᠎ᠠ ᠦᠦ︕ ᠥᠨᠥᠳᠥᠷ ᠪᠢᠳᠡ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠᠩ ᡁᠢ ᠵᠢᠶᠦ᠋ᠨ ᠨᠥᠬᠦᠷ ᠢ ᠤᠷᠢᠵᠤ ᠠᠪᠴᠢᠷᠠᠯ᠎ᠠ᠂ ᠲᠠᠨ ᠢ ᠪᠠᠶᠠᠷᠯᠠᠨ ᠤᠭᠲᠤᠵᠤ | ᠪᠠᠶᠢᠨ᠎ᠠ︕ | ᠵᠢᠶᠠᠩ ᡁᠢ ᠵᠢᠶᠦ᠋ᠨ᠄ ᠬᠥᠲᠥᠯᠥᠭᠴᠢ ᠰᠠᠶᠢᠨ ᠦᠦ᠂ ᠳᠠᠶᠠᠭᠠᠷ ᠢᠶᠠᠨ ᠰᠠᠶᠢᠨ ᠦᠦ︕ | ᠬᠥᠲᠥᠯᠥᠭᠴᠢ᠄ ᠡᠩ ᠲᠡᠷᠢᠭᠦᠨ ᠳᠤ ᠵᠢᠶᠠᠩ ᠲᠣᠪᠴᠢᠶᠠᠨ ᠳᠠᠷᠤᠭ᠎ᠠ ᠳᠠᠶᠠᠭᠠᠷ ᠲᠤ 2024 ᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠢ | ᠥᠷᠨᠢᠭᠦᠯᠦᠭᠰᠡᠨ ᠶᠡᠷᠦᠩᠬᠡᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠵᠢᠶᠠᠩ ᡁᠢ ᠵᠢᠶᠦ᠋ᠨ᠄ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠮᠥᠨᠴᠦ ᠬᠠᠳᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠥᠷᠨᠢᠭᠦᠯᠵᠦ᠂ | ᠦᠷ᠎ᠡ ᠪᠦᠲᠦᠮᠵᠢ ᠶᠢ ᠲᠤᠪᠤᠶᠢᠯᠭᠠᠬᠤ ᠴᠢᠬᠤᠯᠠ ᠨᠢᠭᠡ ᠵᠢᠯ ᠪᠣᠯᠣᠨ᠎ᠠ᠃ ᠪᠥᠬᠦ ᠵᠢᠯ ᠳᠤ᠂ ᠮᠠᠨ ᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ | ᠨᠢ ᠣᠶ ᠰᠢᠭᠤᠢ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠣᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠭᠤᠷᠪᠠᠨ ᠭᠤᠣᠯ ᠱᠤᠭᠤᠮ ᠤᠨ ᠲᠣᠭᠤᠷᠢᠨ ᠳᠤ ᠠᠵᠢᠯ ᠢᠶᠠᠨ ᠥᠷᠨᠢᠭᠦᠯᠦᠨ᠂ ᠣᠶ ᠰᠢᠭᠤᠢ | ᠨᠤᠲᠤᠭ ᠪᠡᠯᠴᠢᠭᠡᠷ ᠤᠨ ᠰᠢᠨ᠎ᠡ ᠬᠥᠭᠵᠢᠯᠲᠡ ᠶᠢ ᠪᠡᠶᠡᠯᠡᠭᠦᠯᠪᠡ᠃ | ᠬᠥᠲᠥᠯᠥᠭᠴᠢ᠄ ᠲᠡᠭᠡᠪᠡᠯ᠂ 2024 ᠣᠨ ᠳᠤ ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠠᠮᠠᠷ ᠵᠡᠷᠭᠡ ᠪᠠᠶᠢᠬᠤ ᠪᠣᠶ︖ | ᠵᠢᠶᠠᠩ ᡁᠢ ᠵᠢᠶᠦ᠋ᠨ᠄ 2024 ᠣᠨ ᠳᠤ᠂ ᠮᠠᠨ ᠤ ᠬᠤᠰᠢᠭᠤ ᠬᠠᠲᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠮᠤᠤᠠᠤᠰᠤ ᠡᠯᠡᠰᠦᠨ | ᠴᠦᠯ ᠤᠨ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠲᠥᠷᠥᠯ ᠵᠦᠢᠯ᠂ ᠮᠤᠤᠠᠤᠰᠤ ᠡᠯᠡᠰᠦᠨ ᠴᠦᠯ ᠤᠨ ᠳᠡᠭᠡᠷ᠎ᠡ | ᠳᠣᠣᠷᠠᠬᠢ ᠰᠠᠯᠬᠢᠨ ᠤ ᠠᠮᠠ ᠶᠢ ᠵᠠᠰᠠᠬᠤ ᠪᠠ ᠪᠠᠷᠠᠭᠤᠨ ᠬᠡᠰᠡᠭ ᠤᠨ ᠲᠠᠴᠢᠷᠳᠠᠭᠰᠠᠨ ᠨᠤᠲᠤᠭ ᠪᠡᠯᠴᠢᠭᠡᠷ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠲᠠᠴᠢᠷ | ᠭᠠᠵᠠᠷ ᠢ ᠨᠢᠭᠡ ᠴᠣᠭᠴᠠᠵᠢᠭᠤᠯᠤᠭᠰᠠᠨ ᠬᠠᠮᠠᠭᠠᠯᠠᠵᠤ ᠰᠡᠷᠭᠦᠭᠡᠬᠦ ᠲᠥᠷᠥᠯ ᠵᠦᠢᠯ ᠵᠡᠷᠭᠡ ᠣᠯᠠᠨ ᠵᠦᠢᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠲᠥᠷᠥᠯ ᠵᠦᠢᠯ ᠢ ᠬᠡᠷᠡᠭᠵᠢᠭᠦᠯᠵᠦ᠂ ᠳᠡᠭᠡᠳᠦ ᠱᠠᠲᠤᠨ ᠤ ᠪᠡᠯᠡ ᠣᠷᠣᠭᠤᠯᠤᠯᠲᠠ ᠶᠢ 12.665 ᠳ᠋ᠦᠩᠰᠢᠭᠤᠷ ᠲᠥᠭᠦᠷᠢᠭ ᠣᠯᠵᠤ ᠠᠪᠴᠢᠷᠠᠨ᠂ 2024 ᠣᠨ ᠤ | ᠪᠡᠯᠡ ᠣᠷᠣᠭᠤᠯᠤᠯᠲᠠ ᠶᠢ 7.97 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠣᠨ ᠤ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠨᠡᠶᠢᠲᠡ 382 ᠲᠦᠮᠡᠨ ᠮᠦ ᠪᠡᠶᠡᠯᠡᠭᠦᠯᠪᠡ᠃ | ᠬᠥᠲᠥᠯᠥᠭᠴᠢ᠄ ᠥᠨᠥ ᠵᠢᠯ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠠᠵᠢᠯ ᠢ ᠬᠡᠷᠬᠢᠨ ᠠᠬᠢᠭᠤᠯᠤᠭᠰᠠᠨ ᠪᠣᠶ︖ | ᠵᠢᠶᠠᠩ ᡁᠢ ᠵᠢᠶᠦ᠋ᠨ᠄ ᠨᠢᠭᠡ ᠳᠤ ᠣᠶ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠪᠠ᠃ | ᠪᠥᠬᠦ ᠵᠢᠯ ᠳᠤ᠂ ᠮᠠᠨ ᠤ ᠬᠤᠰᠢᠭᠤᠨ ᠳᠤ48.61 ᠲᠦᠮᠡᠨ ᠮᠦ ᠣᠶ ᠰᠢᠭᠤᠢ᠂ 107 ᠲᠦᠮᠡᠨ ᠮᠦ ᠨᠤᠲᠤᠭ ᠪᠡᠯᠴᠢᠭᠡᠷ ᠲᠤ ᠬᠥᠨᠥᠭᠡᠯᠲᠡᠢ ᠠᠮᠢᠳᠤ ᠪᠣᠳᠠᠰ | ᠡᠭᠦᠰᠦᠭᠰᠡᠨ ᠪᠠ ᠬᠥᠨᠥᠭᠡᠭᠳᠡᠪᠡ᠃ ᠪᠥᠬᠦ ᠵᠢᠯ ᠳᠤ᠂ 12.76 ᠲᠦᠮᠡᠨ ᠮᠦ ᠶᠢᠨ ᠣᠶ ᠰᠢᠭᠤᠢ᠂ 53 ᠲᠦᠮᠡᠨ ᠮᠦ ᠶᠢᠨ ᠨᠤᠲᠤᠭ ᠪᠡᠯᠴᠢᠭᠡᠷ ᠤᠨ ᠬᠥᠨᠥᠭᠡᠯᠲᠡᠢ | ᠠᠮᠢᠳᠤ ᠪᠣᠳᠠᠰ ᠢ ᠪᠣᠬᠢᠷᠲᠤᠯ ᠦᠭᠡᠢ ᠪᠠᠷ ᠰᠡᠷᠭᠡᠶᠢᠯᠡᠨ ᠵᠠᠰᠠᠵᠤ᠂ ᠣᠶ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠤᠨ ᠭᠠᠮᠰᠢᠭ ᠢ ᠴᠥᠮ | 1.5‰ᠪᠠ 10% ᠶᠢᠨ ᠨᠢᠭᠡᠨᠲᠡ ᠲᠣᠭᠲᠠᠭᠠᠭᠰᠠᠨ ᠭᠦᠢᠴᠡᠳᠬᠡᠯ ᠲᠤᠭ᠎ᠠ ᠶᠢᠨ ᠳᠣᠲᠣᠷ᠎ᠠ ᠬᠢᠵᠠᠭᠠᠷᠯᠠᠪᠠ᠃ ᠪᠥᠬᠦ ᠵᠢᠯ ᠳᠤ 522 ᠮᠦ ᠭᠠᠷᠤᠯᠲᠠ ᠶᠢᠨ ᠣᠷᠣᠨ ᠤ | ᠬᠢᠵᠢᠭ ᠤᠨ ᠪᠠᠶᠢᠴᠠᠭᠠᠯᠲᠠ ᠶᠢ ᠪᠡᠶᠡᠯᠡᠭᠦᠯᠵᠦ᠂ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠨᠣᠷᠮ᠎ᠠ ᠪᠠ ᠭᠠᠷᠤᠯᠲᠠ ᠶᠢᠨ ᠪᠠᠶᠢᠴᠠᠭᠠᠯᠲᠠ ᠶᠢᠨ ᠬᠢᠷᠢ | ᠲᠡᠩᠴᠡᠭᠰᠡᠨ ᠨᠤᠷᠮ᠎ᠡ 100% ᠬᠦᠷᠪᠡ︔ ᠬᠢᠵᠢᠭ ᠪᠠᠶᠢᠴᠠᠭᠠᠭᠰᠠᠨ ᠴᠢᠬᠢ ᠮᠣᠳᠣ ᠶᠢ 500.848 ᠲᠦᠮᠡᠨ ᠰᠠᠭᠤᠷᠢ ᠰᠢᠯᠵᠢᠭᠦᠯᠦᠨ ᠲᠡᠭᠡᠭᠡᠪᠦᠷᠢᠯᠡᠵᠦ᠂ | 8510.8 ᠲᠦᠮᠡᠨ ᠰᠠᠭᠤᠷᠢ ᠴᠢᠬᠢ ᠮᠣᠳᠣ᠂ ᠮᠣᠳᠣᠨ ᠮᠠᠲ᠋ᠧᠷᠢᠶᠠᠯ ᠵᠢᠴᠢ 373 ᠪᠣᠰᠤᠭ᠎ᠠ ᠳᠥᠷᠪᠡᠯᠵᠢᠨ ᠮᠧᠲᠷ ᠪᠦᠲᠦᠭᠡᠭᠳᠡᠬᠦᠨ᠂ 2.9 ᠲᠣᠨ ᠦᠷ᠎ᠡ ᠶᠢ | ᠲᠠᠬᠢᠵᠤ ᠪᠠᠶᠢᠴᠠᠭᠠᠨ᠂ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠥᠨᠥᠭᠡᠯᠲᠡᠢ ᠠᠮᠢᠳᠤ ᠪᠣᠳᠠᠰ ᠲᠠᠷᠬᠠᠨ ᠳᠡᠯᠭᠡᠷᠡᠭᠰᠡᠨ ᠬᠡᠷᠡᠭ ᠭᠠᠷᠭᠠᠭᠰᠠᠨ ᠦᠭᠡᠢ᠃ ᠬᠤᠶᠠᠷ ᠲᠤ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠣᠳᠠᠲᠠᠢ ᠠᠳᠬᠤᠪᠠ᠃ ᠥᠨᠥ ᠵᠢᠯ ᠠᠴᠠ ᠨᠠᠰᠢ᠂ ᠮᠠᠨ ᠤ ᠬᠤᠰᠢᠭᠤ ᠤᠷᠢᠳ | ᠬᠤᠵᠢᠳ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠬᠠᠢ ᠠᠵᠢᠯ ᠤᠨ ᠬᠤᠷᠠᠯ ᠢ 12 ᠤᠳᠠᠭ᠎ᠠ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠢᠮᠪᠠᠢ ᠲᠣᠬᠢᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠪᠠ᠃ ᠡᠯ᠎ᠡ ᠲᠥᠷᠥᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠣᠨᠣᠯ ᠤᠨ ᠪᠣᠯᠪᠠᠰᠤᠷᠠᠯ ᠪᠠ ᠪᠣᠳᠠᠲᠤ ᠰᠣᠷᠢᠯᠲᠠ ᠶᠢ 6 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 340 ᠭᠠᠷᠤᠢ ᠣᠶ ᠰᠢᠭᠤᠢ ᠨᠤᠲᠤᠭ | ᠪᠡᠯᠴᠢᠭᠡᠷ ᠢ ᠬᠠᠮᠠᠭᠠᠯᠠᠭᠴᠢ ᠵᠢᠴᠢ ᠭᠠᠴᠠᠭ᠎ᠠ ᠲᠣᠰᠬᠤᠨ ᠤ ᠭᠠᠯ ᠢ ᠰᠡᠷᠭᠡᠶᠢᠯᠡᠨ ᠤᠨᠲᠠᠷᠠᠭᠠᠬᠤ ᠠᠩᠭᠢ ᠶᠢᠨ ᠭᠡᠰᠢᠭᠦᠨ ᠣᠷᠣᠯᠴᠠᠪᠠ᠃ ᠣᠯᠠᠨ ᠰᠠᠯᠠᠭ᠎ᠠ ᠮᠥᠴᠢᠷ | ᠬᠤᠯᠪᠤᠭᠠᠯᠠᠨ ︽ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠦᠨᠳᠦ ᠶᠡᠭᠡ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠬᠤ ᠪᠠ ᠲᠣᠭᠲᠠᠭᠠᠯ | ᠵᠥᠷᠢᠴᠡᠨ ᠭᠠᠯ ᠬᠡᠷᠡᠭᠯᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ︾ ᠶᠢ ᠥᠷᠨᠢᠭᠦᠯᠵᠦ᠂ ᠭᠤᠣᠯᠳᠠᠯᠭ᠎ᠠ ᠲᠠᠢ ᠨᠢᠭᠡᠴᠢ ᠵᠢᠴᠢ ᠣᠷᠣᠨ | ᠪᠦᠰᠡ ᠶᠢ ᠴᠢᠩᠭ᠎ᠠ ᠪᠠᠶᠢᠴᠠᠭᠠᠨ᠂ ᠭᠠᠯ ᠤᠨ ᠠᠶᠤᠯ ᠤᠨ ᠳᠠᠯᠳᠠ ᠬᠡᠮ ᠢ ᠴᠠᠭ ᠲᠤᠬᠠᠢ ᠳᠤᠨᠢ ᠪᠠᠶᠢᠴᠠᠭᠠᠨ ᠴᠡᠭᠴᠡᠯᠡᠵᠦ᠂ ᠬᠡᠭᠡᠷ᠎ᠡ ᠭᠠᠳᠠᠨ᠎ᠠ ᠲᠣᠭᠲᠠᠭᠠᠯ ᠵᠥᠷᠢᠴᠡᠨ | ᠭᠠᠯ ᠬᠡᠷᠡᠭᠯᠡᠭᠰᠡᠨ 5 ᠬᠡᠷᠡᠭ ᠢ ᠪᠠᠶᠢᠴᠠᠭᠠᠨ ᠰᠢᠢᠳᠪᠦᠷᠢᠯᠡᠪᠡ︔ 200 ᠮᠦ ᠭᠠᠵᠠᠷ ᠤᠨ ᠣᠶ ᠮᠤᠳᠤᠨ ᠤ ᠳᠣᠲᠣᠷᠠᠬᠢ ᠨᠣᠴᠣᠮᠠᠲᠠᠭᠠᠢ ᠡᠪᠡᠰᠦᠨ ᠪᠤᠭ ᠢ ᠴᠡᠪᠡᠷᠯᠡᠵᠦ᠂ | 2000 ᠭᠠᠷᠤᠢ ᠮᠦ ᠭᠠᠵᠠᠷ ᠤᠨ ᠨᠣᠴᠣᠮᠠᠲᠠᠭᠠᠢ ᠡᠪᠡᠰᠦᠨ ᠪᠤᠭ ᠢ ᠲᠥᠯᠥᠪᠯᠡᠭᠡ ᠲᠠᠢ ᠪᠠᠷ ᠰᠢᠲᠠᠭᠠᠨ᠂ ᠣᠶ ᠰᠢᠭᠤᠢ ᠡᠪᠡᠰᠦᠲᠦ ᠣᠷᠣᠨ ᠤ ᠦᠢᠯᠡᠳᠪᠦᠷᠢᠯᠡᠯ ᠪᠠ | ᠠᠮᠢᠳᠤᠷᠠᠯ ᠳᠤ ᠬᠡᠷᠡᠭᠯᠡᠬᠦ ᠭᠠᠯ ᠢ ᠪᠦᠲᠦᠮᠵᠢᠲᠡᠶ ᠬᠢᠵᠠᠭᠠᠷᠯᠠᠪᠠ᠃ ᠭᠤᠷᠪᠠ ᠳᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠠᠬᠢᠭᠤᠯᠪᠠ᠃ ᠥᠨᠥ ᠵᠢᠯ᠂ | ᠲᠥᠪ ᠤᠨ ᠡᠳ᠋ ᠤᠨ ᠵᠠᠰᠠᠭ ᠤᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠲᠥᠷᠥᠯ ᠵᠦᠢᠯ ᠤᠨ ᠪᠡᠯᠡ ᠤᠷᠤᠭᠤᠯᠤᠯᠲᠠ ᠶᠢ ᠣᠯᠬᠤ ᠪᠠᠷ ᠴᠢᠷᠮᠠᠶᠢᠵᠤ᠂150 | ᠲᠡᠭᠰᠢ ᠳᠥᠷᠪᠡᠯᠵᠢᠨ ᠮᠧᠲᠷ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠦᠷ ᠴᠠᠭ ᠤᠨ ᠰᠢᠩᠭᠡᠯᠢᠭ ᠢ ᠪᠠᠷᠢᠪᠠ᠃ ᠪᠥᠬᠦ ᠵᠢᠯ ᠳᠤ ᠰᠢᠪᠠᠭᠤᠨ ᠤ ᠲᠥᠷᠥᠯ ᠤᠨ | ᠤᠯᠠᠷᠢᠯ ᠤᠨ ᠴᠢᠨᠠᠷᠲᠠᠢ ᠪᠠᠶᠢᠴᠠᠭᠠᠯᠲᠠ ᠪᠠ ᠬᠢᠨᠠᠨ ᠬᠡᠮᠵᠢᠯᠲᠡ ᠶᠢ 9 ᠤᠳᠠᠭ᠎ᠠ ᠥᠷᠨᠢᠭᠦᠯᠵᠦ᠂ ᠨᠡᠶᠢᠲᠡ 31 ᠰᠢᠷᠬᠠᠲᠤᠭᠰᠠᠨ᠂ ᠡᠪᠡᠳᠴᠢᠯᠡᠭᠰᠡᠨ ᠬᠡᠭᠡᠷ᠎ᠡ ᠶᠢᠨ | ᠠᠮᠢᠲᠠᠨ ᠢ ᠠᠪᠤᠷᠠᠪᠠ᠂ ᠡᠭᠦᠨ ᠳᠤ᠂ ᠤᠯᠤᠰ ᠤᠨ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ 6 ᠪᠣᠶ︔ ᠬᠡᠭᠡᠷ᠎ᠡ ᠶᠢᠨ ᠠᠮᠢᠲᠠᠨ ᠢ | ᠠᠩᠨᠠᠵᠤ ᠬᠤᠣᠷᠯᠠᠭᠰᠠᠨ ᠬᠡᠷᠡᠭ ᠢ 4 ᠢᠯᠡᠷᠡᠭᠦᠯᠵᠦ᠂ 1.13 ᠲᠦᠮᠡᠨ ᠲᠥᠭᠦᠷᠢᠭ ᠤᠨ ᠲᠥᠯᠥᠪᠦᠷᠢ ᠮᠥᠩᠭᠦ ᠬᠤᠷᠢᠶᠠᠪᠠ᠃ ᠣᠲᠤᠭ ᠬᠤᠰᠢᠭᠤᠨ ᠤ ᠬᠡᠭᠡᠷ᠎ᠡ ᠶᠢᠨ | ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠤᠨ ᠬᠠᠮᠲᠤᠷᠠᠭᠰᠠᠨ ᠬᠤᠷᠠᠯ ᠵᠢᠴᠢ ︽ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯᠯᠠᠭ᠎ᠠ 2024︾ | ᠬᠡᠭᠡᠷ᠎ᠡ ᠶᠢᠨ ᠠᠮᠢᠲᠠᠨ ᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯ ᠤᠨ ᠬᠤᠷᠠᠯ ᠢ 1 ᠤᠳᠠᠭ᠎ᠠ᠂ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ 4 ᠤᠳᠠᠭ᠎ᠠ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠵᠥᠷᠢᠴᠡᠨ ᠬᠡᠭᠡᠷ᠎ᠡ ᠶᠢᠨ ᠠᠮᠢᠲᠠᠨ ᠢ ᠠᠩᠨᠠᠭᠰᠠᠨ ᠬᠡᠷᠡᠭ ᠢ 1 ᠪᠠᠶᠢᠴᠠᠭᠠᠨ ᠰᠢᠢᠳᠪᠦᠷᠢᠯᠡᠪᠡ᠃ ᠳᠥᠷᠪᠡ ᠳᠤ | ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠢ ᠥᠷᠨᠢᠭᠦᠯᠪᠡ᠃ ᠨᠤᠲᠤᠭ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠤᠨ ᠡᠮᠬᠢᠯᠡᠭᠰᠡᠨ ᠰᠠᠭᠤᠷᠢᠨ | ᠳᠡᠭᠡᠷ᠎ᠡ᠂ ᠨᠤᠲᠤᠭ ᠤᠨ ᠡᠪᠡᠰᠦᠨ ᠤ ᠦᠷ᠎ᠡ ᠶᠢ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 0.8 ᠲᠦᠮᠡᠨ ᠮᠦ ᠶᠢᠨ | ᠡᠪᠡᠰᠦᠨ ᠤ ᠦᠷ᠎ᠡ ᠶᠢ ᠪᠣᠶᠢᠵᠢᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ 0.84 ᠲᠦᠮᠡᠨ ᠮᠦ ᠶᠢᠨ ᠡᠪᠡᠰᠦᠨ ᠤ ᠦᠷ᠎ᠡ ᠶᠢ ᠪᠣᠶᠢᠵᠢᠭᠤᠯᠬᠤ ᠰᠠᠭᠤᠷᠢᠨ | ᠭᠠᠵᠠᠷ ᠢ ᠪᠠᠬᠢᠵᠢᠭᠦᠯᠵᠦ ᠳᠡᠭᠡᠭᠰᠢᠯᠡᠭᠦᠯᠦᠨ᠂ ᠨᠤᠲᠤᠭ ᠤᠨ ᠡᠪᠡᠰᠦᠨ ᠤ ᠦᠷ᠎ᠡ ᠶᠢᠨ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ | ᠰᠡᠷᠭᠦᠭᠡᠨ ᠵᠠᠰᠠᠬᠤ ᠳᠤ ᠦᠵᠡᠭᠦᠯᠬᠦ ᠲᠤᠯᠭᠠᠭᠤᠷᠢᠯᠠᠯ ᠤᠨ ᠦᠢᠯᠡᠳᠦᠯ ᠢ ᠤᠯᠠᠮ ᠴᠢᠩᠭᠠᠳᠬᠠᠪᠠ︔ 2024 ᠣᠨ ᠤ ᠣᠶ ᠮᠣᠳᠣᠨ ᠤ ᠰᠠᠶᠢᠨ ᠲᠥᠷᠥᠯ ᠵᠦᠢᠯ ᠢ | ᠪᠣᠶᠢᠵᠢᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ 10 ᠲᠦᠮᠡᠨ ᠰᠠᠭᠤᠷᠢ ᠵᠤᠯᠵᠠᠭ᠎ᠠ ᠮᠣᠳᠣ ᠶᠢ ᠪᠣᠶᠢᠵᠢᠭᠤᠯᠪᠠ︔ 2024 ᠣᠨ ᠤ ᠥᠪᠡᠷᠲᠡᠭᠡᠨ ᠵᠠᠰᠠᠬᠤ | ᠣᠷᠣᠨ ᠤ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠰᠣᠶᠤᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ | 287.5 ᠲᠦᠮᠡᠨ ᠰᠠᠭᠤᠷᠢ ᠬᠠᠷᠭᠠᠨ᠎ᠠ ᠶᠢᠨ ᠰᠣᠶᠤᠭ᠎ᠠ ᠶᠢ ᠪᠣᠶᠢᠵᠢᠭᠤᠯᠤᠨ᠂ 250 ᠲᠦᠮᠡᠨ ᠰᠠᠭᠤᠷᠢ ᠲᠣᠷᠯᠤᠭ ᠤᠨ ᠰᠣᠶᠤᠭ᠎ᠠ ᠶᠢ ᠪᠣᠶᠢᠵᠢᠭᠤᠯᠪᠠ᠃ ᠡᠭᠦᠨ ᠤ | ᠬᠠᠮᠲᠤ᠂ ᠣᠶ ᠰᠢᠭᠤᠢ ᠡᠪᠡᠰᠦ ᠤᠷᠭᠤᠮᠠᠯ ᠤᠨ ᠰᠢᠨ᠎ᠡ ᠲᠥᠷᠥᠯ ᠵᠦᠢᠯ ᠤᠨ ᠡᠷᠬᠡ ᠳᠤ ᠬᠠᠯᠳᠠᠭᠰᠠᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠦᠷ᠎ᠡ ᠪᠠ ᠵᠤᠯᠵᠠᠭ᠎ᠠ ᠰᠣᠶᠤᠭ᠎ᠠ ᠮᠣᠳᠣᠨ ᠤ ᠬᠠᠮᠠᠭᠠᠯᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ᠃ | ᠬᠥᠲᠥᠯᠥᠭᠴᠢ᠄ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠢᠨᠠᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | ᠵᠢᠶᠠᠩ ᡁᠢ ᠵᠢᠶᠦ᠋ᠨ᠄ ᠨᠢᠭᠡ ᠳᠤ ᠤᠢ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ 2024 | ᠣᠨ ᠳᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ᠂ ᠪᠡᠯᠴᠢᠭᠡᠷᠯᠡᠭᠦᠯᠬᠦ ᠶᠢ ᠬᠤᠷᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ᠂ ᠬᠠᠤᠯᠢ ᠠᠴᠠ | ᠵᠥᠷᠢᠴᠡᠭᠰᠡᠨ ᠭᠠᠵᠠᠷ ᠤᠨ ᠵᠢᠷᠤᠭ ᠢ ᠴᠡᠭᠴᠡᠯᠡᠨ ᠰᠠᠶᠢᠵᠢᠷᠠᠭᠤᠯᠬᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠵᠡᠷᠭᠡ ᠭᠤᠣᠯᠳᠠᠯᠭ᠎ᠠ ᠲᠠᠢ ᠠᠵᠢᠯ ᠳᠤ ᠢᠮᠠᠭᠲᠠ ᠲᠣᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ | ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠰᠢᠰᠲ᠋ᠧᠮ ᠢ ᠪᠥᠬᠦ ᠲᠠᠯ᠎ᠠ ᠪᠠᠷ ᠡᠬᠢᠯᠡᠵᠦ ᠬᠡᠷᠡᠭᠯᠡᠨ᠂ ᠪᠥᠬᠦ ᠬᠤᠰᠢᠭᠤᠨ ᠤ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠪᠠ ᠬᠠᠮᠠᠭᠠᠯᠠᠯᠲᠠ ᠶᠢᠨ ᠠᠵᠢᠯ ᠳ᠋ᠤ᠋ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠲᠡᠢ ᠲᠤᠯᠭᠠᠭᠤᠷᠢᠯᠠᠯ ᠬᠠᠩᠭᠠᠪᠠ᠃ ᠰᠤᠮᠤ ᠪᠠᠯᠭᠠᠰᠤ᠂ | ᠭᠠᠴᠠᠭ᠎ᠠ ᠲᠣᠰᠬᠤᠨ ᠤ ᠣᠶ ᠰᠢᠭᠤᠢ ᠶᠢᠨ ᠳᠠᠷᠤᠭ᠎ᠠ ᠣᠶ ᠰᠢᠭᠤᠢ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ | ᠭᠠᠵᠠᠷ ᠤᠨ ᠵᠢᠷᠤᠭ ᠢ ᠬᠢᠨᠠᠨ ᠬᠠᠷᠭᠤᠭᠤᠯᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠵᠦ᠂ | ᠳᠦᠷᠢᠮ ᠤᠨ ᠳᠠᠪᠠᠭᠤᠯᠢᠭ ᠢ ᠢᠯᠡᠳᠲᠡ ᠪᠠᠳᠠᠷᠠᠭᠤᠯᠪᠠ᠃ ᠬᠤᠶᠠᠷ ᠲᠤ ᠣᠶ ᠰᠢᠭᠤᠢ ᠨᠤᠲᠤᠭ ᠪᠡᠯᠴᠢᠭᠡᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢ ᠴᠢᠩᠭᠠᠳᠬᠠᠪᠠ᠃ ᠪᠥᠬᠦ ᠵᠢᠯ ᠳᠤ᠂ ᠮᠠᠨ ᠤ ᠲᠣᠪᠴᠢᠶ᠎ᠠ 59 ᠣᠶᠢᠲᠤ ᠭᠠᠵᠠᠷ ᠢ ᠬᠢᠨᠠᠨ ᠬᠠᠷᠭᠤᠭᠤᠯᠤᠨ ᠵᠥᠪᠰᠢᠶᠡᠷᠡᠵᠦ᠂ ᠬᠡᠷᠡᠭᠯᠡᠭᠰᠡᠨ ᠭᠠᠵᠠᠷ | 77.7 ᠾᠧᠺᠲ᠋ᠠᠷ ᠬᠦᠷᠪᠡ᠃ ᠡᠭᠦᠨ ᠳᠤ ᠲᠦᠷ ᠬᠡᠷᠡᠭᠯᠡᠬᠦ ᠭᠠᠵᠠᠷ 36᠂ ᠡᠭᠦᠷᠢᠳᠡ ᠬᠡᠷᠡᠭᠯᠡᠬᠦ ᠭᠠᠵᠠᠷ 23 ᠪᠣᠢ︔ 122 ᠨᠤᠲᠤᠭ ᠪᠡᠯᠴᠢᠭᠡᠷ ᠢ ᠬᠢᠨᠠᠨ | ᠬᠠᠷᠭᠤᠭᠤᠯᠵᠤ ᠵᠥᠪᠰᠢᠶᠡᠷᠡᠨ᠂ ᠬᠡᠷᠡᠭᠯᠡᠭᠰᠡᠨ ᠭᠠᠵᠠᠷ 1470.93 ᠾᠧᠺᠲ᠋ᠠᠷ ᠬᠦᠷᠪᠡ᠃ ᠡᠭᠦᠨ ᠳᠤ 67 ᠲᠦᠷ ᠬᠡᠷᠡᠭᠯᠡᠬᠦ ᠭᠠᠵᠠᠷ᠂ 42 ᠡᠭᠦᠷᠢᠳᠡ ᠬᠡᠷᠡᠭᠯᠡᠬᠦ | ᠭᠠᠵᠠᠷ ᠪᠠᠶᠢᠵᠤ᠂ 13 ᠮᠠᠯ ᠠᠵᠤ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠢ ᠬᠢᠨᠠᠨ ᠬᠠᠷᠭᠤᠭᠤᠯᠵᠤ ᠵᠥᠪᠰᠢᠶᠡᠷᠡᠨ᠂ ᠣᠶ ᠰᠢᠭᠤᠢ ᠪᠡᠯᠴᠢᠭᠡᠷ ᠢ ᠬᠠᠤᠯᠢ | ᠶᠣᠰᠣᠭᠠᠷ ᠵᠣᠬᠢᠰᠲᠠᠢ ᠬᠡᠷᠡᠭᠯᠡᠪᠡ᠃ ᠡᠭᠦᠨ ᠠᠴᠠ ᠭᠠᠳᠠᠨ᠎ᠠ᠂ 7 ᠣᠶ ᠮᠤᠳᠤ ᠡᠪᠡᠰᠦ ᠪᠡᠯᠴᠢᠭᠡᠷ ᠤᠨ ᠦᠷ᠎ᠡ ᠶᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ | ᠦᠨᠡᠮᠯᠡᠯ᠂ 88 ᠣᠶ ᠰᠢᠭᠤᠢ ᠨᠤᠲᠤᠭ ᠪᠡᠯᠴᠢᠭᠡᠷ ᠤᠨ ᠬᠡᠭᠡᠷ᠎ᠡ ᠭᠠᠳᠠᠨ᠎ᠠ ᠦᠢᠯᠡᠳᠪᠦᠷᠢᠯᠡᠬᠦ ᠳᠤ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠡᠢ᠃ | ᠭᠤᠷᠪᠠ ᠳᠤ ᠬᠠᠷᠢᠯᠴᠠᠨ ᠬᠠᠮᠵᠢᠯᠴᠠᠵᠤ᠂ ᠬᠠᠮᠲᠤᠷᠠᠨ ᠬᠥᠲᠥᠯᠥᠯᠴᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠨᠤᠲᠤᠭ ᠪᠡᠯᠴᠢᠭᠡᠷ ᠣᠶᠢᠲᠤ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠬᠤ ᠪᠠᠷ | ᠥᠨᠥ ᠵᠢᠯ ᠬᠤᠰᠢᠭᠤᠨ ᠠᠴᠠ ᠲᠤᠰᠬᠠᠢ ᠠᠵᠢᠯ ᠤᠨ ᠠᠩᠭᠢ ᠪᠠᠶᠢᠭᠤᠯᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠪᠡ︔ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ | ᠠᠩᠭᠢ ᠲᠠᠢ ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢᠶᠠᠨ ᠲᠥᠪᠯᠡᠷᠡᠭᠦᠯᠦᠨ ᠨᠤᠲᠤᠭ ᠪᠡᠯᠴᠢᠭᠡᠷ ᠤᠨ ᠬᠠᠤᠯᠢ | ᠵᠥᠷᠢᠴᠡᠭᠰᠡᠨ ᠭᠠᠵᠠᠷ ᠤᠨ ᠵᠢᠷᠤᠭ ᠢ ᠬᠠᠷᠢᠴᠠᠭᠤᠯᠬᠤ ᠵᠢᠴᠢ ᠪᠠᠶᠢᠴᠠᠭᠠᠵᠤ ᠭᠡᠷᠡᠴᠢ ᠠᠪᠬᠤ ᠵᠡᠷᠭᠡ ᠰᠠᠭᠤᠷᠢ ᠠᠵᠢᠯ ᠢ ᠥᠷᠨᠢᠭᠦᠯᠦᠨ᠂ ᠬᠠᠷᠢᠯᠴᠠᠨ ᠬᠠᠮᠵᠢᠯᠴᠠᠬᠤ᠂ | ᠬᠠᠮᠲᠤᠷᠠᠨ ᠬᠥᠳᠡᠯᠦᠯᠴᠡᠬᠦ ᠪᠠᠷ ᠳᠡᠮᠵᠢᠨ᠂ ᠬᠦᠴᠦ ᠪᠠᠨ ᠬᠠᠮᠲᠤᠳᠬᠠᠨ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠤᠨ ᠠᠮᠢ | ᠠᠬᠤᠢ ᠣᠷᠴᠢᠨ ᠲᠣᠭᠤᠷᠢᠨ ᠢ ᠡᠪᠳᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠬᠢᠴᠠ ᠶᠢ ᠢᠯᠡᠳᠲᠡ ᠳᠡᠭᠡᠭᠰᠢᠯᠡᠭᠦᠯᠪᠡ᠃ ᠳᠥᠷᠪᠡ ᠳᠤ ᠪᠥᠬᠦ ᠬᠤᠰᠢᠭᠤᠨ ᠤ | ᠪᠡᠯᠴᠢᠭᠡᠷᠯᠡᠭᠦᠯᠬᠦ ᠶᠢ ᠬᠤᠷᠢᠬᠤ᠂ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠪᠠ᠃ ᠬᠤᠰᠢᠭᠤᠨ ᠤ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ | ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠲᠠᠯᠠᠪᠠᠶ 688.65 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠲᠠᠯᠠᠪᠠᠢ 2071.51 | ᠲᠦᠮᠡᠨ ᠮᠦ ᠬᠦᠷᠴᠦ᠂ ᠪᠡᠯᠴᠢᠭᠡᠷ ᠨᠣᠭᠤᠭᠠᠷᠠᠬᠤ ᠤᠯᠠᠷᠢᠯ ᠳᠤ 90 ᠡᠳᠦᠷ ᠤᠨ ᠬᠤᠭᠤᠴᠠᠭ᠎ᠠ ᠲᠠᠢ ᠪᠡᠯᠴᠢᠭᠡᠷᠯᠡᠭᠦᠯᠬᠦ ᠶᠢ ᠬᠤᠷᠢᠬᠤ ᠠᠷᠭ᠎ᠠ ᠬᠡᠮᠵᠢᠶ᠎ᠡ ᠠᠪᠤᠨ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠭᠦᠢᠴᠡᠳ ᠰᠡᠷᠭᠦᠭᠡᠬᠦ ᠶᠢ ᠪᠠᠲᠤᠯᠠᠪᠠ᠃ ᠨᠤᠲᠤᠭ ᠪᠡᠯᠴᠢᠭᠡᠷ ᠤᠨ ᠠᠮᠢ ᠠᠬᠤᠢ ᠪᠣᠯᠣᠨ ᠣᠯᠠᠨ ᠲᠦᠮᠡᠨ ᠤ ᠣᠳᠣᠬᠠᠨ ᠤ | ᠦᠢᠯᠡᠳᠪᠦᠷᠢᠯᠡᠯ ᠠᠮᠢᠳᠤᠷᠠᠯ ᠢ ᠨᠢᠭᠡᠳᠦᠯᠲᠡᠢ ᠲᠥᠯᠥᠪᠯᠡᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠨᠠᠶᠢᠳᠠᠪᠤᠷᠢᠵᠢᠭᠤᠯᠬᠤ ᠠᠵᠢᠯ ᠢ ᠲᠣᠭᠲᠠᠭᠤᠨ ᠢᠶᠠᠷ | ᠠᠬᠢᠭᠤᠯᠤᠨ᠂ ᠮᠠᠯᠴᠢᠨ ᠲᠠᠷᠢᠶᠠᠴᠢᠳ ᠢ ᠵᠣᠷᠢᠭᠵᠢᠭᠤᠯᠤᠨ ᠬᠠᠰᠢᠶᠠᠯᠠᠨ ᠲᠡᠵᠢᠭᠡᠯᠭᠡᠬᠦ ᠶᠢᠨ ᠬᠠᠮᠲᠤ ᠪᠡᠯᠴᠢᠭᠡᠷᠯᠡᠭᠦᠯᠬᠦ ᠶᠢ ᠬᠤᠷᠢᠵᠤ ᠬᠠᠰᠢᠶᠠᠯᠠᠨ ᠲᠡᠵᠢᠭᠡᠬᠦ᠂ ᠬᠠᠭᠠᠰ | ᠬᠠᠰᠢᠶᠠᠯᠠᠨ ᠲᠡᠵᠢᠭᠡᠬᠦ᠂ ᠪᠡᠯᠴᠢᠭᠡᠷᠯᠡᠭᠦᠯᠬᠦ + ᠪᠣᠷᠳᠣᠬᠤ ᠪᠠ ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠬᠥᠭᠵᠢᠭᠦᠯᠬᠦ ᠪᠠᠷ ᠳᠠᠮᠵᠢᠭᠤᠯᠤᠨ᠂ ᠭᠡᠷ | ᠪᠦᠯᠢ ᠶᠢᠨ ᠡᠵᠡᠩᠨᠡᠯᠲᠡ ᠪᠠᠷ ᠰᠠᠭᠤᠷᠢ ᠪᠣᠯᠭᠠᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠡᠷᠴᠢᠮᠵᠢᠭᠦᠯᠦᠨ | ᠡᠵᠡᠩᠨᠡᠬᠦ ᠵᠡᠷᠭᠡ ᠠᠷᠭ᠎ᠠ ᠬᠡᠮᠵᠢᠶ᠎ᠡ ᠪᠠᠷ ᠪᠠᠶᠢᠭᠠᠯᠢ ᠶᠢᠨ ᠪᠡᠯᠴᠢᠭᠡᠷ ᠲᠤ ᠪᠡᠯᠴᠢᠭᠡᠷᠯᠡᠭᠦᠯᠬᠦ ᠲᠤᠭ᠎ᠠ ᠬᠡᠮᠵᠢᠶ᠎ᠡ ᠶᠢ ᠬᠢᠵᠠᠭᠠᠷᠯᠠᠪᠠ᠃ ᠲᠠᠪᠤ ᠳᠤ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃ ᠪᠥᠬᠦ | ᠵᠢᠯ ᠳᠤ ᠪᠠᠶᠢᠭᠠᠯᠢ ᠶᠢᠨ ᠬᠠᠮᠠᠭᠠᠯᠠᠯᠲᠠ ᠪᠠᠷ ᠭᠤᠣᠯ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠠᠨ ᠪᠣᠯᠭᠠᠨ᠂ | ᠬᠠᠮᠠᠭᠠᠯᠠᠯᠲᠠ ᠬᠠᠮᠢᠶᠠᠷᠤᠯᠲᠠ ᠶᠢᠨ ᠲᠥᠬᠦᠭᠡᠷᠦᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ᠂ ᠣᠶ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠯᠲᠡ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠳᠤᠰᠤᠲᠤ ᠶᠢᠨ ᠭᠤᠣᠯ ᠤᠨ ᠨᠠᠮᠤᠭ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠰᠢᠬᠢᠷ ᠡᠪᠡᠰᠦᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ | 90 ᠭᠠᠷᠤᠢ ᠤᠳᠠᠭ᠎ᠠ ᠲᠣᠭᠤᠷᠢᠨ ᠬᠠᠮᠠᠭᠠᠯᠠᠪᠠ᠃ ᠳᠤᠰᠤᠲᠤ ᠶᠢᠨ ᠭᠤᠣᠯ ᠤᠨ ᠨᠠᠮᠤᠭ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠰᠢᠬᠢᠷ | ᠡᠪᠡᠰᠦᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠵᠦ᠂ ᠵᠢᠯ ᠤᠨ ᠳᠣᠲᠣᠷ᠎ᠠ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠬᠦ ᠪᠠᠷ ᠴᠢᠷᠮᠠᠶᠢᠵᠤ ᠪᠠᠶᠢᠨ᠎ᠠ᠃ | ᠬᠥᠲᠥᠯᠥᠭᠴᠢ᠄ ᠰᠠᠶ᠋ᠢᠬᠠᠨ ᠵᠢᠶᠠᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠪᠠᠷ᠂ ᠪᠢᠳᠡ 2024 ᠣᠨ ᠤ ᠪᠥᠬᠦ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠢᠨᠠᠨ ᠬᠠᠮᠢᠶᠠᠷᠤᠯᠲᠠ ᠶᠢᠨ ᠠᠵᠢᠯ ᠢ ᠶᠡᠷᠦᠩᠬᠡᠢ ᠳᠤᠨᠢ ᠣᠶᠢᠯᠠᠭᠠᠪᠠ᠃ ᠲᠡᠭᠡᠪᠡᠯ | ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠠᠵᠢᠯ ᠨᠢ ᠪᠤᠰᠤᠳ ᠬᠤᠰᠢᠭᠤ ᠲᠣᠭᠤᠷᠢᠭ ᠲᠠᠢ ᠬᠠᠷᠢᠴᠠᠭᠤᠯᠪᠠᠯ ᠶᠠᠮᠠᠷ ᠭᠢᠯᠠᠰ ᠴᠡᠭ ᠲᠠᠢ ᠪᠣᠶ︖ | ᠵᠢᠶᠠᠩ ᡁᠢ ᠵᠢᠶᠦ᠋ᠨ᠄ 2023 ᠣᠨ ᠤ 7 ᠳ᠋ᠤᠭᠠᠷ ᠰᠠᠷ᠎ᠠ ᠳᠤ᠂ ᠮᠠᠨ ᠤ ᠬᠤᠰᠢᠭᠤ ᠪᠥᠬᠦ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠵᠠᠭᠪᠤᠷ ᠤᠨ ᠲᠤᠷᠰᠢᠯᠲᠠ ᠶᠢᠨ ᠬᠤᠰᠢᠭᠤ ᠰᠢᠶᠠᠨ ᠤ ᠨᠢᠭᠡ ᠪᠠᠷ ᠲᠣᠭᠲᠠᠭᠠᠭᠳᠠᠪᠠ᠃ 2020 ᠣᠨ ᠳᠤ ᠲᠤᠷᠰᠢᠨ | ᠬᠡᠷᠡᠭᠵᠢᠭᠦᠯᠦᠭᠰᠡᠨ ᠠᠴᠠ ᠠᠪᠤᠭᠠᠳ 2024 ᠣᠨ ᠪᠣᠯᠬᠤ ᠳᠤ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠬᠤᠰᠢᠭᠤ ︽ᠤᠷᠢᠳᠠᠪᠠᠷ ᠪᠠᠶᠢᠭᠤᠯᠵᠤ ᠳᠠᠷᠠᠭ᠎ᠠ ᠨᠢ | ᠨᠥᠬᠦᠪᠦᠷᠢᠯᠡᠬᠦ︾ ᠵᠠᠭᠪᠤᠷ ᠢᠶᠠᠷ 100 ᠭᠠᠷᠤᠢ ᠲᠦᠮᠡᠨ ᠮᠦ ᠶᠢᠨ ᠬᠠᠷᠭᠠᠨ᠎ᠠ ᠲᠠᠷᠢᠨ᠂ ᠭᠤᠶᠤᠴᠢᠯᠠᠨ ᠮᠡᠳᠡᠭᠦᠯᠦᠭᠰᠡᠨ ᠬᠥᠮᠥᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ᠂ | ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠨ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠦᠮᠡᠨ ᠳᠤ ᠠᠰᠢᠭ ᠬᠦᠷᠲᠡᠭᠡᠵᠦ᠂ ᠠᠷᠠᠳ | ᠲᠦᠮᠡᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠶᠡᠬᠡᠪᠡᠷ ᠳᠠᠶᠢᠴᠢᠯᠠᠭᠰᠠᠨ ᠪᠠᠶᠢᠨ᠎ᠠ᠃ ᠥᠨᠥ ᠵᠢᠯ ᠤᠨ 6 ᠳ᠋ᠤᠭᠠᠷ | ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠵᠤ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠠᠨᠠᠯ︾ ᠢ ᠳᠣᠷᠣᠭᠰᠢ ᠪᠠᠭᠤᠯᠭᠠᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠦᠷᠦᠯ | ᠵᠦᠢᠯ ᠤᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠰᠦᠪᠡᠭᠴᠢᠯᠡᠬᠦ ᠶᠢ ᠲᠣᠳᠣᠷᠬᠠᠢ ᠳᠤᠷᠠᠳᠤᠨ᠂ ᠤᠲᠤᠭ ᠬᠤᠰᠢᠭᠤ ᠵᠡᠷᠭᠡ | ᠭᠠᠵᠠᠷ ᠤᠨ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠲᠡᠭᠦᠯᠳᠡᠷᠵᠢᠭᠦᠯᠬᠦ ᠶᠢ ᠳᠡᠮᠵᠢᠵᠦ᠂ ᠪᠢᠳᠡᠨ ᠤ ︽ᠤᠷᠢᠳᠠᠪᠠᠷ ᠪᠠᠶᠢᠭᠤᠯᠵᠤ ᠳᠠᠷᠠᠭ᠎ᠠ | ᠨᠢ ᠨᠥᠬᠦᠪᠦᠷᠢᠯᠡᠬᠦ︾ ᠵᠠᠭᠪᠤᠷ ᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠳᠤ ᠲᠦᠷᠦ ᠶᠢᠨ ᠪᠣᠳᠣᠯᠭ᠎ᠠ ᠶᠢᠨ ᠬᠦᠴᠦᠲᠡᠢ ᠪᠠᠲᠤᠯᠠᠭ᠎ᠠ ᠬᠠᠩᠭᠠᠵᠠᠢ᠃ | ᠬᠥᠲᠥᠯᠥᠭᠴᠢ᠄ ᠬᠠᠮᠤᠭ ᠤᠨ ᠰᠡᠭᠦᠯ ᠳᠤ᠂ ᠵᠢᠶᠠᠩ ᠲᠣᠪᠴᠢᠶᠠᠨ ᠳᠠᠷᠤᠭ᠎ᠠ ᠰᠦᠯᠵᠢᠶᠡᠨ ᠤ ᠨᠠᠶᠢᠵᠠ ᠨᠠᠷ ᠲᠤ ᠪᠠᠨ ᠨᠥᠬᠦᠵᠦ ᠬᠡᠯᠡᠬᠦ ᠵᠦᠢᠯ ᠪᠠᠶᠢᠨ᠎ᠠ ᠦᠦ︖ | ᠵᠢᠶᠠᠩ ᡁᠢ ᠵᠢᠶᠦ᠋ᠨ᠄ ᠲᠣᠰ ᠤᠳᠠᠭᠠᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠤᠩ ᠢ ᠠᠰᠢᠭᠯᠠᠨ᠂ ᠪᠢ ᠪᠥᠬᠦ ᠬᠤᠰᠢᠭᠤᠨ ᠤ ᠣᠶ ᠰᠢᠭᠤᠢ | ᠨᠤᠲᠤᠭ ᠪᠡᠯᠴᠢᠭᠡᠷ ᠤᠨ ᠰᠢᠰᠲ᠋ᠧᠮ ᠤᠨ ᠡᠮᠦᠨ᠎ᠡ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠶ ᠰᠢᠭᠤᠢ ᠨᠤᠲᠤᠭ ᠪᠡᠯᠴᠢᠭᠡᠷ ᠤᠨ ᠠᠵᠢᠯ ᠢ ᠬᠠᠯᠠᠮᠵᠢᠯᠠᠨ | ᠳᠡᠮᠵᠢᠭᠰᠡᠨ ᠳᠤ ᠲᠠᠯᠠᠷᠬᠠᠬᠤ ᠶᠢᠨ ᠬᠠᠮᠲᠤ ᠲᠠ ᠨᠠᠷ ᠤᠨ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ | ᠪᠠᠶᠠᠷᠯᠠᠨ ᠤᠭᠲᠤᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ | ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠪᠢᠳᠡ ᠦᠷᠭᠦᠯᠵᠢᠯᠡᠨ ᠬᠦᠴᠦᠯᠡᠵᠦ᠂ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠬᠠᠲᠤᠨ ᠭᠤᠤᠯ ᠤᠨ ᠳᠤᠬᠤᠢ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠲᠥᠯᠥᠪᠵᠢᠭᠦᠯᠵᠦ᠂ | ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ | | | |