ᠰᠢᠨ ᠰᠢᠨ ᠨᠡᠶᠢᠭᠡᠮ ᠲᠣᠭᠤᠷᠢᠭ ᠤᠨ ᠬᠢᠨ ᠢᠮᠠᠭᠲᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ︽ᠦᠨᠳᠦᠰᠦᠲᠡᠨ ᠨᠦᠭᠦᠳ ᠨᠢᠭᠡ ᠭᠡᠷ ᠤᠨ | ᠬᠦᠮᠦᠰ ᠮᠡᠲᠦ ᠪᠦᠯᠬᠦᠮᠳᠡᠵᠦ ᠠᠨᠠᠷ ᠤᠨ ᠴᠡᠴᠡᠭ ᠢ ᠰᠢᠨ ᠰᠢᠨ ᠲᠣᠭᠤᠷᠢᠭ ᠲᠤ ᠳᠡᠯᠭᠡᠷᠡᠭᠦᠯᠬᠦ︾ ᠪᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠣᠯᠭᠠᠨ᠂ ︽ᠳᠥᠷᠪᠡ ᠳᠤ ᠠᠩᠬᠠᠷᠤᠯ ᠢᠶᠠᠨ ᠲᠥᠪᠯᠡᠷᠡᠭᠦᠯᠬᠦ︾ ᠪᠠᠷ | ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠪᠠ᠃ | ᠬᠠᠷᠢᠶ᠎ᠠ ᠭᠠᠵᠠᠷ ᠤᠨ ᠠᠵᠢᠯᠯᠠᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ | ᠪᠦᠯᠬᠦᠮᠳᠡᠯ ᠤᠨ ᠣᠷᠴᠢᠨ ᠠᠬᠤᠢ ᠶᠢ ᠪᠣᠢ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠶᠢᠨ ᠲᠥᠯᠥᠭᠡ᠂ ᠰᠢᠨ ᠰᠢᠨ ᠨᠡᠶᠢᠭᠡᠮ ᠲᠣᠭᠤᠷᠢᠭ ᠤᠨ ᠬᠢᠨ | ᠬᠠᠷᠢᠶ᠎ᠠ ᠣᠷᠣᠨ ᠤ ᠠᠵᠢᠯᠯᠠᠭᠠᠨ ᠤ ᠰᠠᠭᠤᠷᠢᠨ ᠭᠠᠵᠠᠷ ᠤᠨ ᠡᠬᠢ ᠪᠠᠶᠠᠯᠢᠭ ᠢ ᠨᠡᠶᠢᠯᠡᠭᠦᠯᠦᠨ ᠠᠰᠢᠭᠯᠠᠵᠤ᠂ ᠠᠯᠪᠠᠨ ᠵᠢᠷᠤᠮ ᠤᠨ ᠡᠮᠴᠢᠯᠡᠭᠡᠨ ᠤ ᠲᠠᠰᠤᠭ᠂ ᠡᠷᠡᠭᠦᠯ | ᠮᠡᠨᠳᠦ ᠶᠢᠨ ᠹᠢᠽᠢᠺ ᠵᠠᠰᠠᠯ ᠤᠨ ᠲᠠᠰᠤᠭ ᠢ ᠪᠠᠶᠢᠭᠤᠯᠤᠨ᠂ ᠡᠷᠡᠭᠦᠯ ᠮᠡᠨᠳᠦ ᠶᠢᠨ ᠮᠡᠳᠡᠯᠭᠡ ᠶᠢ ᠳᠠᠮᠵᠢᠭᠤᠯᠵᠤ᠂ ᠥᠷᠭᠡᠨ ᠤᠯᠠᠨ ᠰᠠᠭᠤᠭᠠᠯᠢ ᠠᠷᠠᠳ ᠲᠤ ᠭᠡᠷ ᠤᠨ | ᠡᠭᠦᠳᠡᠨ ᠳᠠᠬᠢ ᠰᠢᠯᠢᠳᠡᠭ ᠦᠢᠯᠡᠴᠢᠯᠡᠭᠡ ᠶᠢ ᠬᠠᠩᠭᠠᠪᠠ︔ ᠬᠠᠷᠢᠶ᠎ᠠ ᠣᠷᠣᠨ ᠤ ᠰᠢ ᠶᠤᠸᠠᠨ ᠤ ᠨᠢᠭᠡᠳᠦᠭᠡᠷ ᠬᠤᠭᠤᠴᠠᠭ᠎ᠠ᠂ ᠰᠢ ᠶᠤᠸᠠᠨ ᠤ ᠬᠤᠶᠠᠳᠤᠭᠠᠷ | ᠬᠤᠭᠤᠴᠠᠭᠠᠨ ᠤ ᠰᠠᠭᠤᠭᠠᠯᠢ ᠲᠣᠭᠤᠷᠢᠭ ᠲᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠥᠷᠲᠡᠭᠡ ᠪᠠᠶᠢᠭᠤᠯᠵᠤ᠂ ᠰᠠᠭᠤᠭᠠᠯᠢ ᠠᠷᠠᠳ ᠲᠤ ᠵᠤᠭ᠎ᠠ | ᠴᠡᠩᠭᠡᠯ ᠤᠨ ᠲᠣᠭᠲᠠᠮᠠᠯ ᠲᠠᠯᠠᠪᠤᠷ ᠬᠠᠩᠭᠠᠨ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ︔ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠠᠭᠤᠳᠠᠮ ᠲᠠᠯᠠᠪᠠᠶ ᠶᠢ ᠭᠠᠷᠭᠠᠵᠤ᠂ ᠰᠠᠭᠤᠭᠠᠯᠢ ᠠᠷᠠᠳ ᠲᠤ | ᠰᠡᠯᠡᠭᠦᠴᠡᠯ ᠵᠤᠭ᠎ᠠ ᠴᠡᠩᠭᠡᠯ ᠤᠨ ᠲᠠᠯᠠᠪᠤᠷ ᠬᠠᠩᠭᠠᠨ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠦᠮᠦᠰ ᠮᠡᠲᠦ ᠲᠣᠳᠤᠨᠤᠰᠤᠭ ᠪᠠᠶᠢᠬᠤ ᠭᠦᠨ ᠵᠤᠵᠠᠭᠠᠨ | ᠠᠭᠤᠷ ᠠᠮᠢᠰᠬᠤᠯ ᠢ ᠪᠣᠢ ᠪᠣᠯᠭᠠᠪᠠ᠃ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ | ᠤᠬᠠᠮᠰᠠᠷ ᠢ ᠴᠢᠩᠭᠠᠳᠬᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠣᠶᠣᠯ ᠤᠨ ᠠᠵᠢᠯᠯᠠᠭᠠᠨ ᠤ ᠰᠠᠭᠤᠷᠢᠨ ᠭᠠᠵᠠᠷ ᠲᠤ | ᠲᠦᠰᠢᠭᠯᠡᠨ᠂ ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠷᠭ᠎ᠠ ᠮᠠᠶ᠋ᠢᠭ ᠢ ᠠᠰᠢᠭᠯᠠᠵᠤ᠂ ᠪᠦᠬᠦᠨ ᠢ ᠬᠠᠮᠤᠷᠬᠤ ᠮᠠᠶ᠋ᠢᠭ ᠤᠨ | ᠤᠬᠠᠭᠤᠯᠭ᠎ᠠ ᠶᠢ ᠥᠷᠨᠢᠭᠦᠯᠦᠨ᠂ ᠪᠥᠬᠦ ᠨᠠᠮ ᠤᠨ ᠭᠡᠰᠢᠭᠦᠨ᠂ ᠠᠵᠢᠯᠲᠠᠨ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠡᠭ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠨᠠᠮ ᠤᠨ ᠦᠨᠳᠦᠰᠦᠲᠡᠨ ᠤ ᠠᠵᠢᠯ ᠤᠨ ᠮᠡᠳᠡᠯᠭᠡ ᠶᠢ ᠨᠠᠷᠢᠨ ᠬᠢᠨᠠᠮᠠᠭᠠᠢ | ᠰᠤᠷᠤᠯᠴᠠᠭᠤᠯᠪᠠ︔ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ ᠳᠤ ᠲᠦᠰᠢᠭᠯᠡᠵᠦ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠱᠠᠩᠨᠠᠯ ᠲᠠᠢ ᠠᠰᠠᠭᠤᠯᠲᠠ ᠬᠠᠷᠢᠭᠤᠯᠬᠤ᠂ LED | ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠯᠣᠽᠦ᠋ᠩ ᠨᠡᠪᠲᠡᠷᠡᠭᠦᠯᠬᠦ᠂ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠵᠡᠷᠭᠡ ᠬᠡᠯᠪᠡᠷᠢ ᠪᠠᠷ ᠨᠠᠮ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠭᠦᠨᠵᠡᠭᠡᠢ ᠪᠣᠶ ᠪᠣᠯᠭᠠᠨ᠂ ᠬᠠᠷᠢᠶ᠎ᠠ | ᠣᠷᠣᠨ ᠳᠣᠲᠣᠷ᠎ᠠ ᠦᠨᠳᠦᠰᠦᠲᠡᠨ ᠨᠦᠭᠦᠳ ᠨᠢᠭᠡ ᠭᠡᠷ ᠤᠨ ᠬᠦᠮᠦᠰ ᠮᠡᠲᠦ ᠪᠦᠯᠬᠦᠮᠳᠡᠭᠰᠡᠨ ᠭᠦᠨ ᠵᠤᠵᠠᠭᠠᠨ ᠣᠷᠴᠢᠨ ᠠᠬᠤᠢ ᠶᠢ ᠪᠦᠷᠢᠯᠳᠦᠭᠦᠯᠪᠡ᠃ ᠣᠲᠣ | ᠪᠣᠯᠲᠠᠯ᠎ᠠ᠂ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ 35 ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠭᠠᠷ ᠳᠡᠪᠲᠡᠷ ᠢ 1000 ᠭᠠᠷᠤᠢ ᠬᠤᠪᠢ | ᠲᠠᠷᠬᠠᠭᠠᠵᠠᠢ᠃ | ᠦᠨᠳᠦᠰᠦᠲᠡᠨ ᠤ ᠤᠯᠠᠮᠵᠢᠯᠠᠯᠲᠤ ᠰᠣᠶᠣᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠪᠠᠲᠤ | ᠪᠦᠷᠢᠯᠳᠦᠭᠦᠯᠪᠡ᠃ ᠤᠯᠠᠮᠵᠢᠯᠠᠯᠲᠤ ᠪᠠᠶᠠᠷ ᠤᠨ ᠡᠳᠦᠷ ᠢᠶᠠᠷ ᠲᠣᠬᠢᠶᠠᠯᠳᠤᠭᠤᠯᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠶᠢ | ᠪᠠᠶᠢᠩᠭᠤ ᠥᠷᠨᠢᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠡᠶᠢᠭᠡᠮ ᠲᠣᠭᠤᠷᠢᠭ ᠤᠨ ︽ᠦᠨᠳᠦᠰᠦᠲᠡᠨ ᠨᠦᠭᠦᠳ ᠨᠢᠭᠡ ᠭᠡᠷ ᠤᠨ ᠬᠦᠮᠦᠰ ᠮᠡᠲᠦ | ᠪᠦᠯᠬᠦᠮᠳᠡᠬᠦ︾ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠳᠤ ᠤᠷᠢᠨ ᠣᠷᠣᠯᠴᠠᠭᠤᠯᠵᠤ᠂ ᠨᠠᠰᠤᠲᠠᠶᠢᠴᠤᠳ ᠤᠨ ᠲᠦᠷᠦᠭᠰᠡᠨ ᠡᠳᠦᠷ ᠢ ᠪᠡᠯᠭᠡᠯᠡᠬᠦ᠂ ᠪᠣᠳᠠᠰ ᠤᠨ | ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠯ ᠬᠢᠬᠦ᠂ ᠠᠷᠠᠳ ᠤᠨ ᠵᠠᠩ ᠦᠢᠯᠡ ᠶᠢᠨ ᠣᠨᠢᠰᠤᠭ᠎ᠠ ᠲᠠᠭᠠᠬᠤ᠂ ᠶᠧᠪᠡᠩ ᠬᠢᠬᠦ ᠵᠡᠷᠭᠡ ᠬᠡᠯᠪᠡᠷᠢ ᠪᠠᠷ | ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠠᠳ ᠲᠠᠢ ᠬᠠᠮᠲᠤ ᠪᠠᠷ ᠪᠠᠶᠠᠷ ᠤᠨ ᠡᠳᠦᠷ ᠢᠶᠠᠨ ᠪᠡᠯᠭᠡᠯᠡᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠪᠠᠶᠠᠷ ᠤᠨ ᠡᠳᠦᠷ ᠤᠨ ᠠᠭᠤᠷ ᠠᠮᠢᠰᠬᠤᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠤᠨ ᠬᠦᠮᠦᠰ ᠮᠡᠲᠦ ᠳᠣᠲᠣᠨᠣ ᠪᠠᠶᠢᠯᠴᠠᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠢ | ᠬᠠᠮᠲᠤ ᠪᠠᠷ ᠪᠡᠶᠡᠯᠡᠭᠦᠯᠬᠦ︾ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠡᠭᠦᠨ ᠤ ᠬᠠᠮᠲᠤ᠂ ᠬᠠᠷᠢᠶ᠎ᠠ ᠣᠷᠣᠨ ᠳᠣᠲᠣᠷ᠎ᠠ ᠪᠠᠨ ︽ᠠᠨᠠᠷ ᠤᠨ | ᠦᠷ᠎ᠡ ᠶᠢᠨ ᠭᠡᠷ ᠪᠦᠯᠢ︾᠂ ︽ᠠᠨᠠᠷ ᠤᠨ ᠦᠷ᠎ᠡ ᠶᠢᠨ ᠬᠤᠪᠢ ᠬᠥᠮᠥᠨ︾᠂ ︽ᠠᠨᠠᠷ ᠤᠨ ᠦᠷ᠎ᠡ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ︾ | ᠶᠢ ᠢᠳᠡᠪᠬᠢᠲᠡᠢ ᠰᠢᠯᠭᠠᠷᠠᠭᠤᠯᠵᠤ᠂ ᠵᠢᠱᠢᠶᠡᠴᠢ ᠳᠠᠭᠤᠷᠢᠶᠠᠯ ᠤᠨ ᠬᠦᠴᠦᠨ ᠢᠶᠠᠷ ᠰᠢᠨ᠎ᠡ ᠰᠤᠷᠲᠠᠯ ᠢ ᠪᠣᠶ ᠪᠣᠯᠭᠠᠪᠠ᠃ ᠣᠲᠣ ᠪᠣᠯᠲᠠᠯ᠎ᠠ᠂ ᠡᠯ᠎ᠡ ᠲᠥᠷᠥᠯ ᠤᠨ | ᠰᠣᠶᠣᠯ ᠤᠨ ᠠᠵᠢᠯᠯᠠᠭ᠎ᠠ ᠶᠢ ᠨᠡᠶᠢᠲᠡ 40 ᠤᠳᠠᠭ᠎ᠠ ᠥᠷᠨᠢᠭᠦᠯᠵᠦ᠂ 2000 ᠭᠠᠷᠤᠢ ᠬᠥᠮᠥᠨ ᠣᠷᠣᠯᠴᠠᠵᠠᠢ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤ ᠪᠠᠷ | ᠠᠬᠢᠭᠤᠯᠪᠠ᠃ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠠᠵᠢᠯᠲᠠᠨ᠂ ᠬᠠᠮᠲᠤ ᠪᠠᠷ ᠪᠠᠶᠢᠭᠤᠯᠤᠭᠰᠠᠨ ᠨᠢᠭᠡᠴᠢ ᠶᠢᠨ ᠰᠠᠶᠢᠨ ᠳᠤᠷᠠᠴᠤᠳ᠂ ᠨᠠᠮ ᠤᠨ | ᠭᠡᠰᠢᠭᠦᠨ ᠰᠠᠶᠢᠨ ᠳᠤᠷᠠᠴᠤᠳ᠂ ᠰᠠᠭᠤᠭᠠᠯᠢ ᠠᠷᠠᠳ ᠤᠨ ᠰᠠᠶᠢᠨ ᠳᠤᠷᠠᠴᠤᠳ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ | ᠪᠠᠶᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠭᠠᠷᠠᠭ ᠪᠦᠷᠢ ᠦᠨ᠎ᠡ ᠲᠥᠯᠥᠪᠦᠷᠢ ᠦᠭᠡᠢ ᠪᠠᠷ ᠠᠯᠪᠠᠨ ᠵᠢᠷᠤᠮ ᠤᠨ | ᠡᠮᠴᠢᠯᠡᠭᠡ ᠬᠢᠬᠦ᠂ ᠦᠰᠦ ᠵᠠᠰᠠᠬᠤ ᠵᠡᠷᠭᠡ ᠦᠢᠯᠡᠴᠢᠯᠡᠭᠡ ᠬᠠᠩᠭᠠᠪᠠ︔ ᠡᠷᠦᠬᠡ ᠪᠠᠷ ᠬᠦᠷᠴᠦ ᠪᠠᠶᠢᠳᠠᠯ ᠢ ᠣᠶᠢᠯᠠᠭᠠᠬᠤ ᠳᠠᠭᠠᠨ ᠰᠠᠨᠠᠯ ᠢ ᠨᠢ ᠬᠤᠷᠢᠶᠠᠨ | ᠴᠤᠭᠯᠠᠭᠤᠯᠵᠤ᠂ ᠦᠨᠳᠦᠰᠦᠲᠡᠨ ᠨᠦᠭᠦᠳ ᠤᠨ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠬᠠᠯᠠᠮᠵᠢᠯᠠᠨ᠂ ᠬᠥᠳᠡᠯᠵᠦ ᠪᠠᠷᠢᠬᠤ ᠳᠤ ᠳᠥᠭᠦᠮ | ᠦᠭᠡᠢ ᠬᠦᠴᠢᠷᠳᠡᠯᠲᠡᠢ ᠨᠠᠰᠤᠲᠠᠨ᠂ ᠭᠤᠣᠨᠢ ᠨᠠᠰᠤᠲᠠᠨ ᠳᠤ ᠬᠠᠮᠢᠶ᠎ᠠ ᠪᠦᠬᠦᠢ ᠬᠡᠷᠡᠭ ᠶᠠᠪᠤᠳᠠᠯ ᠢ ᠣᠷᠣᠯᠠᠨ ᠭᠦᠢᠴᠡᠳᠬᠡᠪᠡ︔ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ᠂ ᠠᠵᠢᠯ ᠣᠯᠭᠤᠬᠤ ᠤᠷ᠎ᠠ ᠴᠢᠳᠠᠪᠤᠷᠢ ᠵᠢᠭᠠᠬᠤ ᠵᠡᠷᠭᠡ ᠤᠯᠠᠨ ᠵᠦᠢᠯ ᠤᠨ ᠪᠣᠯᠪᠠᠰᠤᠷᠠᠯ ᠤᠨ ᠦᠢᠯᠡᠴᠢᠯᠡᠭᠡ ᠶᠢ ᠥᠷᠨᠢᠭᠦᠯᠪᠡ︔ ︽ᠠᠨᠠᠷ ᠤᠨ ᠴᠡᠴᠡᠭ ᠢ | ᠰᠢᠨ ᠰᠢᠨ ᠨᠡᠶᠢᠭᠡᠮ ᠲᠣᠭᠤᠷᠢᠭ ᠲᠤ ᠳᠡᠯᠭᠡᠷᠡᠭᠦᠯᠬᠦ︾ ᠨᠡᠶᠢᠲᠡ ᠶᠢᠨ ᠠᠰᠠᠷᠠᠮᠵᠢ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ | ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠣᠲᠣ ᠪᠣᠯᠲᠠᠯ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠨᠡᠶᠢᠲᠡ 50 ᠭᠠᠷᠤᠢ ᠤᠳᠠᠭ᠎ᠠ ᠥᠷᠨᠢᠭᠦᠯᠵᠦ᠂ 1500 ᠭᠠᠷᠤᠢ ᠬᠥᠮᠥᠨ ᠤᠳᠠᠭ᠎ᠠ ᠦᠢᠯᠡᠴᠢᠯᠡᠪᠡ᠃ | ᠰᠢᠨ ᠰᠢᠨ ᠨᠡᠶᠢᠭᠡᠮ ᠲᠣᠭᠤᠷᠢᠭ ᠤᠨ ᠬᠢᠨ ᠢᠮᠠᠭᠲᠠ ᠦᠨᠳᠦᠰᠦᠲᠡᠨ ᠤ ᠪᠦᠯᠬᠦᠮᠳᠡᠯ ᠤᠨ ᠠᠵᠢᠯ ᠢ ᠨᠡᠶᠢᠭᠡᠮ ᠲᠣᠭᠤᠷᠢᠭ ᠤᠨ ᠲᠤᠤᠷᠴᠢᠯᠠᠭᠰᠠᠨ | ᠬᠠᠮᠢᠶᠠᠷᠤᠯᠲᠠ ᠳᠤ ᠠᠭᠤᠰᠤᠯᠴᠠᠭᠤᠯᠵᠤ᠂ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ | ᠨᠢᠭᠲᠠᠷᠠᠭᠤᠯᠤᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠠᠰᠢᠭᠯᠠᠬᠤ᠂ | ᠬᠠᠮᠲᠤᠪᠠᠷ ᠠᠵᠢᠯᠯᠠᠵᠤ ᠬᠠᠮᠲᠤᠪᠠᠷ ᠪᠠᠶᠠᠰᠤᠯᠴᠠᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠢ ᠪᠦᠷᠢᠯᠳᠦᠭᠦᠯᠪᠡ᠃ | | | | |