ᠣᠲᠤᠭ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/11/18
ᠣᠲᠤᠭ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠳᠤ᠄       ︽ᠣᠲᠤᠭ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                        ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2024 ᠣᠨ ᠤ 9 ᠳ᠋ᠦ᠋ᠭᠡᠷ ᠰᠠᠷ᠎ᠠ ᠶᠢᠨ 30 ᠤ ᠡᠳᠦᠷᠣᠲᠤᠭ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ      ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ︾᠂ ︽ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 ︱ 2025︶ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 30 ᠳ᠋ᠤᠭᠠᠷ ᠲᠣᠭᠠᠲᠤ︶᠂ ︽ᠣᠷᠳᠣᠰ ᠬᠤᠲᠠ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 ︱ 2025︶ ᠶᠢᠨ ᠬᠡᠷᠡᠭᠵᠢᠭᠦᠯᠬᠦ ᠲᠥᠰᠥᠯ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2023﹈ 72 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠤᠨ᠂ ᠣᠲᠤᠭ ᠬᠤᠰᠢᠭᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃       ᠨᠢᠭᠡ᠂ ᠵᠢᠯᠤᠭᠤᠳᠬᠤ ᠦᠵᠡᠯ ᠰᠠᠨᠠᠭ᠎ᠠ       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ︽ᠬᠤᠶᠠᠷ ᠬᠤᠷᠠᠯ︾ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠠᠶᠢᠯᠭᠠᠬᠤ ᠲᠤᠬᠠᠢ ᠬᠠᠮᠢᠶ᠎ᠠ ᠪᠦᠬᠦᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠪᠣᠯᠣᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠰ ᠪᠦᠲᠦᠭᠡᠵᠦ ᠰᠢᠨ᠎ᠡ ᠶᠢ ᠡᠭᠦᠳᠬᠦ ᠶᠢ ᠠᠬᠢᠭᠤᠯᠬᠤ᠂ ᠬᠡᠷᠡᠭᠯᠡᠭᠡᠨ ᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠪᠠ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠪᠠᠲᠤᠯᠠᠬᠤ ᠵᠡᠷᠭᠡ ᠲᠠᠯ᠎ᠠ ᠪᠠᠷ ᠬᠢ ᠳᠠᠯᠳᠠ ᠬᠦᠴᠦᠨ ᠬᠢᠭᠡᠳ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ ᠬᠥᠭᠵᠢᠭᠡᠵᠦ᠂ ᠲᠡᠳᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠨᠠᠩ ᠬᠦᠴᠦᠷᠬᠡᠭ ᠬᠦᠴᠦᠨ ᠴᠢᠳᠠᠯ ᠨᠡᠮᠡᠷᠢᠯᠡᠨ᠎ᠡ᠃        ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ       ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ︾ ᠠᠵᠢᠯ ᠤᠨ ᠤᠳᠤᠷᠢᠳᠤᠯᠭ᠎ᠠ᠂ ᠵᠣᠬᠢᠴᠠᠭᠤᠯᠤᠨ ᠲᠣᠬᠢᠷᠠᠭᠤᠯᠬᠤ ᠠᠵᠢᠯ ᠢ ᠴᠢᠩᠭᠠᠳᠬᠠᠵᠤ᠂ ᠡᠭᠦᠷᠭᠡ ᠶᠢᠨ ᠬᠠᠷᠠᠯᠲᠠ ᠶᠢ ᠥᠨᠳᠥᠷ ᠪᠦᠲᠦᠮᠵᠢᠲᠡᠶ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠤᠰᠠᠳᠠ᠂ ᠣᠲᠤᠭ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠠᠵᠢᠯᠲᠠᠨ ᠤ ᠪᠦᠷᠢᠯᠳᠦᠭᠦᠨ ᠨᠢ ᠳᠣᠣᠷᠠᠬᠢ ᠮᠡᠲᠦ᠄       ᠳᠤᠭᠤᠶᠢᠯᠠᠩ ᠤᠨ ᠳᠠᠷᠤᠭ᠎ᠠ᠄  ᠤᠳᠤ    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ       ᠳᠤᠭᠤᠶᠢᠯᠠᠩ ᠤᠨ ᠳᠡᠳ᠋ ᠳᠠᠷᠤᠭ᠎ᠠ᠄ ᠼᠦᠢ ᠰᠢᠶᠠᠩ ᠵᠢᠶᠦ᠋ᠨ     ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ       ᠪᠦᠷᠢᠯᠳᠦᠭᠦᠨ᠄ ᠱᠠᠨ · ᠤᠯᠠᠭᠠᠨᠴᠡᠴᠡᠭ    ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ              ᠦ᠋ ᠸᠧᠨ ᠬᠤᠢ     ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ              ᠶᠢᠦ ᠶᠢᠨ          ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ              ᠫᠧᠩ ᡁᠢ ᠬᠤᠩ    ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠳᠡᠳ᠋ ᠳᠠᠷᠤᠭ᠎ᠠ              ᠮᠠ ᠴᠢᠶᠠᠩ        ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠡᠳ᠋ ᠳᠠᠷᠤᠭ᠎ᠠ              ᠮᠥᠷᠡᠨ           ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠡᠳ᠋ ᠳᠠᠷᠤᠭ᠎ᠠ              ᠭᠤᠸ ᠶᠠᠨ ᠴᠢᠨ     ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠡᠳ᠋ ᠳᠠᠷᠤᠭ᠎ᠠ              ᠯᠢ ᠰᠾᠢ ᠴᠢᠶᠠᠨ     ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠡᠳ᠋ ᠳᠠᠷᠤᠭ᠎ᠠ              ᠴᠡᠭᠡᠯ             ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠡᠳ᠋ ᠳᠠᠷᠤᠭ᠎ᠠ              ᠠᠯᠲᠠᠨᠳᠦ᠋ᠰᠢ       ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠡᠳ᠋ ᠳᠠᠷᠤᠭ᠎ᠠ              ᠼᠦᠢ ᠯᠢᠶᠠᠩ      ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠡᠳ᠋ ᠳᠠᠷᠤᠭ᠎ᠠ              ᠫᠧᠢ ᠸᠧᠨ ᠮᠢᠩ    ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ              ᠳᠡᠭᠵᠢᠷᠡᠬᠦ        ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠤᠨ ᠳᠡᠳ᠋ ᠡᠷᠬᠢᠯᠡᠭᠴᠢ              ᠷᠧᠨ ᠵᠢᠶᠡᠨ ᠱᠧ   ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠳᠡᠳ᠋ ᠳᠠᠷᠤᠭ᠎ᠠ              ᠾᠧ ᠱᠤ᠋ ᠲᠢᠩ    ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠳᠡᠳ᠋ ᠳᠠᠷᠤᠭ᠎ᠠ              ᠰᠤ᠋ ᠵᠧᠨ ᠬᠤᠸᠠ   ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠ              ᠬᠤᠨᠭ᠌ ᠵᠢᠶᠠᠩ     ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ              ᠭᠤᠸ ᠸᠧᠢ        ᠬᠤᠰᠢᠭᠤᠨ ᠤ ᠭᠠᠶᠢᠯᠢ ᠶᠢᠨ ᠲᠣᠪᠴᠢᠶᠠᠨ ᠳᠡᠳ᠋ ᠳᠠᠷᠤᠭ᠎ᠠ              ᠯᠢᠦ ᠱᠤᠤ ᠵᠦᠩ   ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠳᠡᠳ᠋ ᠳᠠᠷᠤᠭ᠎ᠠ              ᠶᠠᠩ ᠵᠧᠩ ᠢᠦᠢ    ᠤᠯᠠᠭᠠᠨᠪᠠᠯᠭᠠᠰᠣᠨ ᠤ ᠪᠠᠯᠭᠠᠰᠤᠨ ᠳᠡᠳ᠋ ᠳᠠᠷᠤᠭ᠎ᠠ              ᠸᠠᠩ ᠴᠢ ᠺᠠᠢ       ᠴᠢ ᠫᠠᠨ ᠵᠢᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠲᠤᠰᠢᠶᠠᠯᠲᠤ ᠳᠡᠳ᠋ ᠲᠡᠷᠢᠭᠦᠯᠡᠭᠴᠢ              ᠸᠠᠩ ᠶᠠ ᠵᠢᠩ       ᠮᠧᠩ ᠰᠢ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ              ᠵᠤᠤ ᠯᠢ ᠾᠧᠩ      ᠦᠮᠡᠬᠡᠶᠢᠨᠠᠭᠤᠷ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ              ᠵᠢᠷᠠᠨᠨᠠᠢᠮᠠ           ᠠᠷᠪᠠᠰ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ              ᠴᠢᠶᠣᠤ ᠬᠠᠢ ᠶᠤᠸᠠᠨ   ᠰᠦᠮᠡᠲᠤ ᠰᠤᠮᠤᠨ ᠤ ᠰᠤᠮᠤᠨ ᠳᠡᠳ᠋ ᠳᠠᠷᠤᠭ᠎ᠠ       ᠣᠲᠤᠭ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠵᠤ᠂ ᠪᠥᠬᠦ ᠬᠤᠰᠢᠭᠤᠨ ᠤ ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ︾ ᠠᠵᠢᠯ ᠤᠨ ᠬᠠᠷᠠᠯᠲᠠ ᠶᠢ ᠵᠠᠳᠠᠯᠬᠤ᠂ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠬᠤ᠂ ᠡᠭᠦᠷᠭᠡ ᠶᠢ ᠠᠬᠢᠭᠤᠯᠬᠤ᠂ ᠪᠦᠷᠢᠳᠬᠡᠵᠦ ᠮᠡᠳᠡᠭᠦᠯᠦᠨ ᠬᠦᠷᠭᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠱᠠᠭᠠᠷᠳᠠᠨ ᠠᠬᠢᠭᠤᠯᠬᠤ ᠶᠢ ᠬᠠᠷᠢᠭᠤᠴᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠼᠦᠢ ᠰᠢᠶᠠᠩ ᠵᠢᠶᠦ᠋ᠨ ᠡᠭᠦᠷᠭᠡᠯᠡᠨ᠎ᠡ᠃       ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠤᠶᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠨᠢ ᠬᠤᠪᠢᠷᠠᠯᠲᠠ ᠭᠠᠷᠪᠠᠯ᠂ ᠬᠠᠷᠠᠭᠠᠯᠵᠠᠭᠰᠠᠨ ᠡᠭᠦᠷᠭᠡ ᠲᠤᠰᠢᠶᠠᠯ ᠢ ᠡᠭᠦᠷᠭᠡᠯᠡᠭᠰᠡᠨ ᠬᠥᠮᠥᠰ ᠪᠤᠶᠤ ᠵᠣᠬᠢᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠶᠢᠭᠤᠯᠭ᠎ᠠ ᠠᠴᠠ ᠥᠪᠡᠰᠦᠪᠡᠨ ᠨᠥᠬᠦᠪᠦᠷᠢᠯᠡᠵᠦ᠂ ᠳᠠᠭᠢᠵᠤ ᠠᠰᠳᠠᠭᠠᠨ ᠪᠢᠴᠢᠭ ᠮᠠᠲ᠋ᠧᠷᠢᠶᠠᠯ ᠲᠠᠷᠬᠠᠭᠠᠬᠤ ᠦᠭᠡᠢ᠃       ᠭᠤᠷᠪᠠ᠂ ᠬᠠᠷᠠᠯᠲᠠ ᠡᠭᠦᠷᠭᠡ       ᠪᠥᠬᠦ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠪᠣᠶᠢᠵᠢᠭᠤᠯᠬᠤ᠂ ᠲᠠᠰ ᠳᠡᠪᠰᠢᠭᠦᠯᠬᠦ ᠱᠠᠲᠤᠯᠢᠭ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠪᠥᠬᠦ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ ᠲᠠᠰ ᠳᠡᠪᠰᠢᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠦᠬᠦᠯᠢ ᠴᠣᠭᠴᠠ ᠶᠢᠨ ᠬᠥᠭᠵᠢᠯᠲᠡ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠳᠤ ᠦᠵᠡᠭᠦᠯᠬᠦ ᠬᠤᠪᠢ ᠨᠡᠮᠡᠷᠢ ᠶᠢ ᠨᠠᠩ ᠲᠣᠪᠣᠶᠢᠮ᠎ᠠ ᠪᠣᠯᠭᠠᠨ᠎ᠠ᠃        ︵ᠨᠢᠭᠡ︶ ᠬᠡᠮᠵᠢᠶ᠎ᠡ ᠬᠡᠪᠴᠢᠶ᠎ᠡ ᠶᠢ ᠲᠣᠭᠲᠠᠭᠤᠨ ᠢᠶᠠᠷ ᠦᠷᠭᠡᠳᠬᠡᠨ᠎ᠡ      2025 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠳᠤ ᠵᠢᠵᠢᠭ ᠪᠢᠴᠢᠯ ᠠᠵᠤ ᠠᠬᠤᠶᠢᠯᠠᠯ ᠢ 1000 ᠠᠴᠠ ᠳᠡᠭᠡᠭᠰᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ 5000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠰᠡᠭᠦᠯᠴᠢ ᠶᠢᠨ ᠬᠤᠭᠤᠴᠠᠭᠠᠨ ᠤ ᠵᠢᠵᠢᠭ ᠪᠢᠴᠢᠯ ᠠᠵᠤ ᠠᠬᠤᠶᠢᠯᠠᠯ ᠤᠨ ᠲᠤᠭ᠎ᠠ ᠶᠢ 6000 ᠠᠴᠠ ᠳᠠᠪᠠᠭᠤᠯᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠭ᠎ᠠ ᠶᠢ 2 ᠲᠦᠮᠡ ᠠᠴᠠ ᠳᠡᠭᠡᠭᠰᠢ ᠪᠣᠯᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠭᠵᠢᠶᠡᠨᠲᠡᠢ ᠪᠠᠶᠢᠳᠠᠯ ᠢ 70% ᠠᠴᠠ ᠳᠠᠪᠠᠭᠤᠯᠤᠨ᠂ ᠮᠢᠩᠭᠠᠨ ᠬᠥᠮᠥᠨ ᠪᠦᠷᠢ ᠳᠤ ᠨᠣᠭᠳᠠᠬᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠭ᠎ᠠ ᠬᠡᠮᠵᠢᠶ᠎ᠡ ᠶᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠭᠡᠨ᠎ᠡ᠃       ︵ᠬᠤᠶᠠᠷ︶ ᠭᠤᠣᠯ ᠴᠣᠭᠴᠠ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠎ᠡ       ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠦᠷᠭᠦᠯᠵᠢᠯᠡᠨ ᠠᠬᠢᠭᠤᠯᠵᠤ᠂ ︽ᠵᠢᠵᠢᠭ ᠪᠢᠴᠢᠯ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠶᠡᠬᠡᠪᠡᠷ ᠲᠡᠮᠵᠢᠨ᠎ᠠ᠃ 2025 ᠣᠨ ᠤ ᠰᠡᠭᠦᠯᠴᠢ ᠪᠣᠯᠬᠤ ᠳᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠤ ᠠᠬᠤᠶᠢᠯᠠᠯ ᠢ 55 ᠠᠴᠠ ᠳᠡᠭᠡᠭᠰᠢ᠂ ︽ᠵᠢᠵᠢᠭ ᠪᠢᠴᠢᠯ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠪᠣᠯᠭᠠᠨ ᠬᠤᠪᠢᠷᠠᠭᠤᠯᠬᠤ︾ ᠠᠵᠤ ᠠᠬᠤᠶᠢᠯᠠᠯ ᠢ 8 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠠᠴᠠ ᠳᠡᠭᠡᠭᠰᠢ᠂ ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠴᠢᠯᠠᠭᠰᠠᠨ ᠰᠢᠨ᠎ᠡ ᠶᠢ ᠡᠭᠦᠳᠦᠭᠰᠡᠨ︾ ᠳᠤᠮᠳᠠ ᠵᠢᠵᠢᠭ ᠠᠵᠤ ᠠᠬᠤᠶᠢᠯᠠᠯ ᠢ 3 ᠠᠴᠠ ᠳᠡᠭᠡᠭᠰᠢ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 8 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠤᠰᠢᠭᠤᠨ ᠤ ᠲᠠᠰ ᠠᠴᠠ ᠳᠡᠭᠡᠭᠰᠢᠬᠢ ᠮᠠᠯᠴᠢᠳ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ 30 ᠠᠴᠠ ᠳᠡᠭᠡᠭᠰᠢ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 40 ᠠᠴᠠ ᠳᠡᠭᠡᠭᠰᠢ ᠰᠢᠨ᠎ᠡ ᠪᠠᠷ ᠡᠭᠦᠳᠦᠨ ᠪᠠᠶᠢᠭᠤᠯᠵᠤ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠭᠰᠡᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃       ᠳᠥᠷᠪᠡ᠂ ᠠᠵᠢᠯ ᠤᠨ ᠠᠷᠭ᠎ᠠ ᠬᠡᠮᠵᠢᠶ᠎ᠡ       ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ︾ ᠪᠠ ᠥᠪᠡᠷᠲᠡᠭᠡᠨ ᠵᠠᠰᠠᠬᠤ ᠣᠷᠣᠨ ᠤ ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 ︱ 2025 ᠣᠨ︶︾ ᠶᠢᠨ ᠲᠣᠭᠤᠷᠢᠨ ᠳᠤ᠂ ︽ᠳᠥᠷᠪᠡᠨ  ᠲᠣᠭᠲᠠᠯᠴᠠᠭ᠎ᠠ︾ ᠶᠢ ᠪᠠᠶᠢᠭᠤᠯᠵᠤ᠂ ︽ᠲᠠᠪᠤᠨ ᠶᠡᠭᠡ ᠠᠵᠢᠯᠯᠠᠭ᠎ᠠ︾ ᠶᠢ ᠠᠬᠢᠭᠤᠯᠤᠨ᠂ ︽ᠵᠢᠷᠭᠤᠭᠠᠨ ᠵᠦᠢᠯ ᠤᠨ ᠢᠨᠵᠧᠨᠧᠷᠢᠩ︾ ᠢ ᠬᠡᠷᠡᠭᠵᠢᠭᠦᠯᠬᠦ ᠶᠢᠨ ᠲᠥᠯᠥᠭᠡ᠂ ᠳᠣᠣᠷᠠᠬᠢ ᠮᠡᠲᠦ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠪᠠ᠃       ︵ᠨᠢᠭᠡ︶ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ       1. ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠴᠢᠨᠠᠷ ᠰᠠᠶᠢᠲᠠᠢ ᠬᠥᠭᠵᠢᠯᠲᠡ ᠶᠢ ᠲᠡᠳᠬᠦᠬᠦ ᠲᠤᠰᠬᠠᠢ ᠪᠡᠯᠡ ᠮᠥᠩᠭᠦ ᠭᠠᠷᠭᠠᠵᠤ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠤᠬᠠᠭᠤᠯᠬᠤ ᠬᠥᠲᠥᠯᠥᠨ ᠵᠢᠯᠤᠭᠤᠳᠬᠤ᠂ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢᠨ ᠬᠠᠷᠠᠭᠠᠯᠵᠠᠯ ᠦᠵᠡᠭᠦᠯᠬᠦ᠂ ᠱᠠᠩᠨᠠᠵᠤ ᠤᠷᠮᠠᠰᠢᠭᠤᠯᠬᠤ ᠵᠡᠷᠭᠡ ᠲᠠᠯ᠎ᠠ ᠳᠤ ᠬᠡᠷᠡᠭᠯᠡᠨ᠎ᠡ᠃ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠬᠦ ᠲᠤᠰᠬᠠᠢ ᠪᠡᠯᠡ ᠮᠥᠩᠭᠦ ᠭᠠᠷᠭᠠᠵᠤ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠢᠯᠡᠰ ᠪᠦᠲᠦᠭᠡᠬᠦ ᠰᠢᠨ᠎ᠡ ᠶᠢ ᠡᠭᠦᠳᠬᠦ᠂ ᠵᠢᠭᠡᠯᠡᠯᠭᠡ ᠲᠠᠯᠪᠢᠵᠤ ᠪᠡᠯᠡ ᠲᠣᠬᠢᠷᠠᠭᠤᠯᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ᠂ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢᠨ ᠬᠠᠷᠠᠭᠠᠯᠵᠠᠯ ᠦᠵᠡᠭᠦᠯᠬᠦ᠂ ᠱᠠᠩᠨᠠᠵᠤ ᠤᠷᠮᠠᠰᠢᠭᠤᠯᠬᠤ ᠵᠡᠷᠭᠡ ᠲᠠᠯ᠎ᠠ ᠶᠢᠨ ᠪᠡᠯᠡ ᠮᠥᠩᠭᠦᠨ ᠤ ᠳᠡᠮᠵᠢᠯᠭᠡ ᠶᠢᠨ ᠪᠠᠲᠤᠯᠠᠭ᠎ᠠ ᠬᠠᠩᠭᠠᠨ᠎ᠠ᠃ ᠦᠢᠯᠡᠰ ᠪᠦᠲᠦᠭᠡᠬᠦ ᠪᠡᠯᠡ ᠣᠷᠣᠭᠤᠯᠬᠤ ᠪᠠᠶᠢᠭᠤᠯᠤᠮᠵᠢ ᠪᠣᠯᠣᠨ ᠨᠡᠶᠢᠭᠡᠮ ᠤᠨ ᠪᠡᠯᠡ ᠮᠥᠩᠭᠦ ᠪᠠᠷ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶       2. ᠨᠡᠮᠡᠭᠳᠡᠯ ᠦᠷᠳᠡᠭ ᠤᠨ ᠭᠠᠶᠢᠯᠢ ᠲᠤᠰᠢᠶᠠᠬᠤ ᠪᠠᠭ᠎ᠠ ᠬᠡᠪᠴᠢᠶᠡᠵᠢᠯ ᠲᠠᠢ ᠭᠠᠶᠢᠯᠢ ᠲᠤᠰᠢᠶᠠᠭᠴᠢ᠂ ᠵᠢᠵᠢᠭ ᠬᠡᠯᠪᠡᠷᠢ ᠶᠢᠨ ᠥᠴᠥᠬᠡᠨ ᠠᠰᠢᠭ ᠣᠷᠣᠯᠭ᠎ᠠ  ᠲᠠᠢ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠵᠢᠷᠭᠤᠭᠠᠨ ᠭᠠᠶᠢᠯᠢ ᠬᠤᠶᠠᠷ ᠵᠠᠷᠤᠳᠠᠯ︾ ᠢ 50% ᠪᠠᠷ ᠪᠠᠭᠤᠷᠠᠭᠤᠯᠤᠨ ᠲᠠᠲᠠᠪᠤᠷᠢᠯᠠᠨ᠎ᠠ᠃ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢᠬᠢ ᠨᠡᠮᠡᠭᠳᠡᠯ ᠥᠷᠲᠡᠭ ᠤᠨ ᠭᠠᠶᠢᠯᠢ ᠲᠤᠰᠢᠶᠠᠬᠤ ᠪᠠᠭ᠎ᠠ ᠬᠡᠪᠴᠢᠶᠡᠵᠢᠯ ᠲᠠᠢ ᠭᠠᠶᠢᠯᠢ ᠲᠤᠰᠢᠶᠠᠭᠴᠢ ᠶᠢᠨ ᠨᠡᠮᠡᠭᠳᠡᠯ ᠥᠷᠲᠡᠭ ᠤᠨ ᠭᠠᠶᠢᠯᠢ ᠶᠢ ᠬᠡᠯᠲᠦᠷᠢᠭᠦᠯᠦᠨ᠎ᠡ᠃ ᠨᠡᠮᠡᠭᠳᠡᠯ ᠥᠷᠲᠡᠭ ᠤᠨ ᠭᠠᠶᠢᠯᠢ ᠲᠤᠰᠢᠶᠠᠬᠤ ᠪᠠᠭ᠎ᠠ ᠬᠡᠪᠴᠢᠶᠡᠵᠢᠯ ᠲᠠᠢ ᠭᠠᠶᠢᠯᠢ ᠲᠤᠰᠢᠶᠠᠭᠴᠢ ᠳᠤ 3% ᠶᠢᠨ ᠭᠠᠶᠢᠯᠢ ᠲᠠᠲᠠᠪᠤᠷᠢᠯᠠᠬᠤ ᠨᠣᠷᠮ᠎ᠠ ᠶᠢ ᠬᠡᠷᠡᠭᠯᠡᠵᠦ ᠪᠣᠯᠬᠤ ᠭᠠᠶᠢᠯᠢ ᠲᠤᠰᠢᠶᠠᠬᠤ ᠶᠣᠰᠣᠲᠠᠢ ᠪᠣᠷᠣᠯᠠᠭᠤᠯᠤᠯᠲᠠ ᠶᠢᠨ ᠣᠷᠣᠯᠭ᠎ᠠ ᠠᠴᠠ 1% ᠶᠢᠨ ᠭᠠᠶᠢᠯᠢ ᠲᠠᠲᠠᠪᠤᠷᠢᠯᠠᠬᠤ ᠨᠣᠷᠮ᠎ᠠ ᠪᠠᠷ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠵᠤ᠂ ᠳᠡᠭᠡᠷᠡᠬᠢ ᠲᠥᠷᠥ ᠶᠢᠨ ᠪᠣᠳᠣᠯᠭ᠎ᠠ ᠶᠢ 2027 ᠣᠨ ᠤ ᠡᠴᠦᠰ ᠪᠣᠯᠲᠠᠯ᠎ᠠ ᠬᠡᠷᠡᠭᠵᠢᠭᠦᠯᠦᠨ᠎ᠡ᠃ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠲᠡᠵᠢᠭᠡᠨ ᠠᠷᠠᠴᠢᠯᠠᠬᠤ ᠦᠢᠯᠡᠰ᠂ ᠠᠩᠨᠠᠬᠤ ᠦᠢᠯᠡᠰ ᠢ ᠡᠷᠬᠢᠯᠡᠵᠦ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠠᠴᠠ ᠬᠤᠪᠢ ᠶᠢᠨ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠦᠭᠡᠢ᠂ ᠲᠤᠰ ᠲᠥᠷᠥ ᠶᠢᠨ ᠪᠣᠳᠣᠯᠭ᠎ᠠ ᠶᠢ ᠤᠷᠲᠤ ᠬᠤᠭᠤᠴᠠᠭ᠎ᠠ ᠪᠠᠷ ᠬᠡᠷᠡᠭᠵᠢᠭᠦᠯᠦᠨ᠎ᠡ᠃ ᠡᠭᠦᠨ ᠠᠴᠠ ᠭᠠᠳᠠᠨ᠎ᠠ᠂ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠪᠠᠭᠲᠠᠨ᠎ᠠ︶᠂ ︽ᠠᠵᠢᠯ ᠣᠯᠬᠤ ᠦᠢᠯᠡᠰ ᠪᠦᠲᠦᠭᠡᠬᠦ ᠦᠨᠡᠮᠯᠡᠯ︾ ︵︽ᠪᠡᠶ᠎ᠡ ᠪᠠᠨ ᠳᠠᠭᠠᠭᠠᠵᠤ ᠦᠢᠯᠡᠰ ᠪᠦᠲᠦᠭᠡᠬᠦ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠪᠤᠶᠤ ︽ᠰᠤᠷᠭᠠᠭᠤᠯᠢ ᠲᠡᠭᠦᠰᠦᠭᠰᠡᠨ ᠵᠢᠯ ᠳᠡᠭᠡᠨ ᠪᠡᠶ᠎ᠡ ᠪᠠᠨ ᠳᠠᠭᠠᠭᠠᠵᠤ ᠦᠢᠯᠡᠰ ᠪᠦᠲᠦᠭᠡᠬᠦ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾︶ ᠪᠤᠶᠤ ︽ᠠᠵᠢᠯ ᠣᠯᠬᠤ ᠠᠵᠢᠯ ᠠᠯᠳᠠᠬᠤ ᠳᠠᠩᠰᠠᠯᠠᠯᠲᠠ ᠶᠢᠨ ᠦᠨᠡᠮᠯᠡᠯ︾ ︵ᠪᠡᠶ᠎ᠡ ᠪᠠᠨ ᠳᠠᠭᠠᠭᠠᠵᠤ ᠦᠢᠯᠡᠰ ᠪᠦᠲᠦᠭᠡᠬᠦ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾︶ ᠲᠠᠢ ᠬᠥᠮᠥᠰ ᠬᠤᠪᠢ ᠶᠢᠨ ᠡᠵᠡᠩᠨᠡᠯᠲᠡ ᠬᠢᠵᠦ ᠪᠠᠶᠢᠪᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠭᠤᠯᠤᠭᠰᠠᠨ ᠲᠣᠰ ᠰᠠᠷ᠎ᠠ ᠠᠴᠠ ᠡᠬᠢᠯᠡᠨ 3 ᠵᠢᠯ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 24000 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠨᠡᠮᠡᠭᠳᠡᠯ ᠥᠷᠲᠡᠭ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠵᠠᠷᠤᠳᠠᠯ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠨ ᠴᠡᠷᠢᠭ ᠪᠠᠶᠢᠯᠳᠤᠭᠴᠢᠳ ᠬᠤᠪᠢ ᠶᠢᠨ ᠡᠵᠡᠩᠨᠡᠯᠲᠡ ᠬᠢᠵᠤ ᠪᠠᠶᠢᠪᠠᠯ᠂ ᠲᠣᠰ ᠰᠠᠷ᠎ᠠ ᠠᠴᠠ ᠡᠬᠢᠯᠡᠨ 3 ᠵᠢᠯ ᠤᠨ ᠳᠣᠲᠣᠷ᠎ᠠ  ᠬᠥᠮᠥᠨ ᠪᠦᠷᠢ ᠳᠤ ᠵᠢᠯ ᠪᠦᠷᠢ 24000 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠨᠡᠮᠡᠭᠳᠡᠯ ᠥᠷᠲᠡᠭ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠵᠠᠷᠤᠳᠠᠯ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠬᠠᠯᠠᠭᠳᠠᠭᠰᠠᠨ ᠺᠠᠳ᠋ᠷ ᠪᠠ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠬᠤᠪᠢ ᠶᠢᠨ ᠡᠵᠡᠩᠨᠡᠯᠲᠡ ᠬᠢᠭᠰᠡᠨ ᠪᠠᠶᠢᠪᠠᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠣᠯᠣᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠨᠡᠮᠡᠭᠳᠡᠯ ᠥᠷᠲᠡᠭ ᠤᠨ ᠭᠠᠶᠢᠯᠢ ᠪᠠ ᠬᠤᠪᠢ ᠶᠢᠨ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠵᠦ᠂ ᠲᠤᠰ ᠲᠥᠷᠥ ᠶᠢᠨ ᠪᠣᠳᠣᠯᠭ᠎ᠠ ᠶᠢ ᠤᠷᠲᠤ ᠬᠤᠭᠤᠴᠠᠭ᠎ᠠ ᠪᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶       ︵ᠬᠤᠶᠠᠷ︶ ᠮᠥᠩᠭᠦᠨ ᠭᠦᠢᠯᠭᠡᠭᠡᠨ ᠤ ᠲᠡᠮᠵᠢᠯᠭᠡ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ       3. ᠦᠢᠯᠡᠰ ᠪᠦᠲᠦᠭᠡᠬᠦ ᠳᠠᠭᠠᠭᠠᠯᠲᠠ ᠶᠢᠨ ᠵᠢᠭᠡᠯᠡᠯᠭᠡ ᠶᠢᠨ ᠬᠦᠦ ᠮᠥᠩᠭᠦ ᠶᠢ ᠣᠷᠣᠯᠠᠨ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠭᠡᠯᠡᠯᠭᠡ ᠲᠠᠯᠪᠢᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠦᠢᠯᠡᠰ ᠪᠦᠲᠦᠭᠡᠬᠦ ᠳᠠᠭᠠᠭᠠᠯᠲᠠ ᠶᠢᠨ ᠵᠢᠭᠡᠯᠡᠯᠭᠡ ᠪᠠ ᠬᠦᠦ ᠮᠥᠩᠭᠦ ᠥᠭᠬᠦ ᠲᠤᠭ᠎ᠠ ᠬᠡᠮᠵᠢᠶ᠎ᠡ ᠶᠢ ᠳᠡᠭᠡᠭᠰᠢᠯᠡᠭᠦᠯᠵᠦ᠂ ᠡᠭᠦᠨ ᠠᠴᠠ ᠪᠣᠯᠤᠭᠰᠠᠨ ᠬᠦᠦ ᠮᠥᠩᠭᠦ ᠣᠷᠣᠯᠠᠨ ᠥᠭᠬᠦ ᠪᠡᠯᠡ ᠮᠥᠩᠭᠦ ᠶᠢᠨ ᠵᠠᠷᠤᠯᠭ᠎ᠠ ᠳᠤ ᠬᠤᠲᠠ ᠶᠢᠨ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶       4. ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ᠂ ᠨᠡᠶᠢᠳᠡᠮ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠠᠭᠠᠵᠢ ᠶᠢ ᠭᠦᠢᠴᠡᠳ ᠠᠰᠢᠭᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠮᠡᠳᠡᠭᠦᠯᠦᠨ ᠬᠦᠷᠭᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠱᠠᠯᠠᠪᠳᠠᠭᠤᠯᠵᠤ ᠪᠠᠶᠢᠭᠠᠳ ᠪᠡᠯᠡ ᠬᠤᠷᠠᠮᠳᠤᠭᠤᠯᠭ᠎ᠠ ᠶᠢ ᠵᠣᠯᠭᠠᠭᠤᠯᠬᠤ ᠡᠷᠴᠢᠮ ᠢ ᠴᠢᠩᠭᠠᠷᠠᠭᠤᠯᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠭᠡᠯᠡᠯᠭᠡ ᠶᠢᠨ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠬᠦ ᠶᠢᠨ ᠳᠠᠭᠠᠤ ᠪᠤᠴᠠᠭᠠᠬᠤ ᠵᠡᠷᠭᠡ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢᠨ ᠬᠠᠮᠲᠤ ᠦᠷᠭᠦᠯᠵᠢᠯᠡᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠵᠣᠬᠢᠰᠲᠠᠢ ᠪᠠᠭᠤᠷᠠᠭᠤᠯᠬᠤ᠂ ᠲᠤᠬᠠᠶᠢᠯᠠᠭᠰᠠᠨ ᠠᠵᠢᠯ ᠤᠨ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠶᠡᠷᠦᠩᠬᠡᠶᠢᠯᠡᠭᠰᠡᠨ ᠪᠡᠯᠡ ᠬᠤᠷᠠᠮᠳᠤᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡᠪᠡᠷ ᠪᠠᠭᠤᠷᠠᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠠᠷᠢᠯᠢᠭ ᠣᠨᠣᠪᠴᠢᠲᠤ ᠴᠢᠨᠠᠷ ᠪᠠ ᠲᠥᠬᠦᠮ ᠲᠦᠳᠡ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡᠨᠲᠡ ᠵᠢᠭᠡᠯᠡᠯᠭᠡ ᠲᠠᠯᠪᠢᠭᠰᠠᠨ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠷᠭᠦᠯᠵᠢᠯᠡᠨ ᠵᠢᠭᠡᠯᠡᠯᠭᠡ ᠲᠠᠯᠪᠢᠬᠤ ᠶᠢ ᠢᠳᠡᠪᠬᠢᠲᠡᠢ ᠳᠡᠮᠵᠢᠵᠦ᠂ ᠡᠬᠡ ᠬᠦᠦ ᠮᠥᠩᠭᠦ ᠶᠢ ᠨᠢ ᠬᠤᠶᠢᠰᠢᠯᠠᠭᠤᠯᠤᠨ ᠪᠤᠴᠠᠭᠠᠵᠤ ᠲᠥᠯᠥᠬᠦ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠰᠣᠬᠤᠷ ᠪᠠᠯᠠᠢ ᠪᠠᠷ ᠵᠢᠭᠡᠯᠡᠯᠭᠡ ᠶᠢ ᠤᠷᠢᠳᠴᠢᠯᠠᠨ ᠲᠦᠯᠦᠭᠦᠯᠬᠦ᠂ ᠵᠢᠭᠡᠯᠡᠯᠭᠡ ᠶᠢ ᠵᠣᠭᠰᠤᠭᠠᠬᠤ᠂ ᠵᠢᠭᠡᠯᠡᠯᠭᠡ ᠶᠢ ᠳᠠᠷᠤᠬᠤ ᠦᠵᠡᠭᠳᠡᠯ ᠢ ᠲᠠᠰᠤ ᠵᠣᠭᠰᠣᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶        5. ᠡᠳ᠋ ᠤᠨ ᠵᠠᠰᠠᠭ ᠤᠨ ᠪᠠᠶᠢᠭᠤᠯᠭ᠎ᠠ ᠨᠤᠭᠤᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠵᠣᠬᠢᠶᠠᠨ ᠪᠠᠶᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠪᠡᠯᠡ ᠬᠤᠷᠠᠮᠳᠤᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠲᠦᠭᠰᠢᠭᠦᠷᠢ ᠶᠢ ᠨᠥᠬᠦᠪᠦᠷᠢᠯᠡᠬᠦ ᠪᠡᠯᠡ ᠮᠥᠩᠭᠦ ᠶᠢ ᠭᠤᠶᠤᠴᠢᠯᠠᠨ ᠮᠡᠳᠡᠭᠦᠯᠦᠨ᠎ᠡ᠃ ᠪᠡᠯᠡ ᠬᠤᠷᠠᠮᠳᠤᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠯᠡ ᠬᠤᠷᠠᠮᠳᠤᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠳᠠᠭᠠᠭᠠᠯᠲᠠ ᠶᠢᠨ ᠪᠦᠲᠦᠭᠡᠭᠳᠡᠬᠦᠨ ᠪᠠ ᠵᠠᠭᠪᠤᠷ ᠤᠨ ᠰᠢᠨ᠎ᠡ ᠶᠢ ᠡᠭᠦᠳᠴᠦ᠂ ᠢᠵᠢ ᠪᠦᠷᠢᠳᠦᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠲᠤᠷ ᠬᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶       6. ᠬᠥᠭᠵᠢᠭᠦᠯᠦᠯᠲᠡ ᠪᠠ ᠥᠭᠡᠷᠡᠴᠢᠯᠡᠯᠲᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠪᠠᠶᠢᠭᠤᠯᠭ᠎ᠠ ᠨᠤᠭᠤᠳ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠣᠲᠤᠭ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠶᠢᠨ ᠰᠠᠯᠪᠤᠷᠢ ᠪᠠᠶᠢᠭᠤᠯᠤᠮᠵᠢ ᠶᠢᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠯ ᠬᠢᠯᠭᠡᠬᠦ᠂ ᠢᠲᠡᠭᠡᠮᠵᠢ ᠶᠢᠨ ᠲᠡᠮᠳᠡᠭᠯᠡᠯ ᠭᠠᠷᠭᠠᠬᠤ᠂ ᠭᠠᠶᠢᠯᠢ ᠲᠤᠰᠢᠶᠠᠵᠤ ᠵᠠᠷᠤᠳᠠᠯ ᠲᠤᠰᠢᠶᠠᠬᠤ᠂ ᠠᠵᠢᠯᠴᠢᠨ ᠬᠡᠷᠡᠭᠯᠡᠬᠦ ᠳᠠᠭᠠᠳᠬᠠᠯ ᠳᠤ ᠣᠷᠣᠯᠴᠠᠬᠤ ᠵᠡᠷᠭᠡ ᠮᠡᠳᠡᠭᠡ ᠵᠠᠩᠭᠢ ᠶᠢ ᠡᠵᠡᠮᠰᠢᠬᠦ ᠳᠤ ᠳᠡᠮᠵᠢᠯᠭᠡ ᠦᠵᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠳᠤ ᠲᠥᠬᠦᠮ ᠦᠵᠡᠭᠦᠯᠦᠨ᠎ᠡ᠃ ᠢᠲᠡᠭᠡᠮᠵᠢ ᠰᠠᠶᠢᠲᠠᠢ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠢᠲᠡᠭᠡᠮᠵᠢ ᠰᠠᠶᠢᠨ ᠨᠡᠷᠡᠰ︾ ᠢ ᠭᠠᠷᠭᠠᠵᠤ᠂ ᠨᠠᠷᠢᠯᠢᠭ ᠣᠨᠣᠪᠴᠢᠲᠠᠢ ᠪᠠᠷ ᠲᠠᠨᠢᠯᠴᠠᠭᠤᠯᠤᠨ᠂ ᠢᠲᠡᠭᠡᠮᠵᠢ ᠪᠠᠷ ᠨᠢ ᠵᠢᠭᠡᠯᠡᠯᠭᠡ ᠣᠯᠭᠤᠨ᠎ᠠ᠃ ᠪᠠᠩᠬᠢ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠠᠨᠠᠭᠠᠴᠢᠯᠠᠭ᠎ᠠ ᠠᠴᠠ ᠪᠠᠨ ᠬᠤᠳᠠᠯᠳᠤᠭ᠎ᠠ ᠲᠥᠪᠯᠡᠷᠡᠭᠰᠡᠨ ᠲᠣᠭᠤᠷᠢᠭ᠂ ᠲᠤᠰᠬᠠᠶᠢᠵᠢᠭᠰᠠᠨ ᠵᠠᠬ᠎ᠠ ᠳᠡᠯᠭᠡᠭᠦᠷ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠵᠡᠷᠭᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠲᠥᠪᠯᠡᠷᠡᠭᠰᠡᠨ ᠭᠠᠵᠠᠷ ᠬᠦᠷᠴᠦ᠂ ᠦᠨᠡᠨᠴᠢ ᠢᠲᠡᠭᠡᠮᠵᠢᠲᠡᠢ ᠪᠠᠷ ᠡᠵᠡᠩᠨᠡᠯᠲᠡ ᠬᠢᠭᠰᠡᠨ ᠬᠤᠳᠠᠯᠳᠤᠭᠠᠨ ᠤ ᠡᠷᠦᠬᠡ ᠶᠢ ᠰᠣᠩᠭᠤᠵᠤ ᠪᠠᠭ᠎ᠠ ᠲᠣᠭᠠᠨ ᠤ ᠢᠲᠡᠭᠡᠮᠵᠢ ᠶᠢᠨ ᠵᠢᠭᠡᠯᠡᠯᠭᠡ᠂ ᠪᠥᠭᠡᠮ ᠢᠶᠠᠷ ᠵᠥᠪᠰᠢᠶᠡᠷᠡᠨ ᠣᠷᠣᠭᠤᠯᠬᠤ ᠢᠲᠡᠭᠡᠮᠵᠢ ᠶᠢᠨ ᠵᠠᠭᠪᠤᠷ ᠢ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶       7. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠬᠤᠷᠠᠮᠳᠤᠭᠤᠯᠤᠨ ᠬᠦᠷᠢᠶᠡᠯᠡᠩ ᠳᠤ ᠣᠷᠣᠬᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠠᠵᠢᠯᠯᠠᠭ᠎ᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠬᠤᠷᠠᠮᠳᠤᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠩᠬᠢ ᠠᠵᠤ ᠠᠬᠤᠶᠢᠯᠠᠯ ᠯᠤᠭ᠎ᠠ ᠵᠣᠯᠭᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠵᠢᠭᠡᠯᠡᠯᠭᠡ ᠠᠪᠬᠤ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠬᠤᠷᠠᠮᠳᠤᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶       ︵ᠭᠤᠷᠪᠠ︶ ᠠᠵᠢᠯᠴᠢᠨ ᠬᠡᠷᠡᠭᠯᠡᠬᠦ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ       8. ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠰᠢᠭᠤᠨ ᠤ ᠳᠣᠲᠣᠷᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠨᠢ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠪᠠᠴᠢᠮ ᠬᠡᠷᠡᠭᠴᠡᠭᠡ ᠲᠠᠢ᠂ ᠪᠠᠴᠢᠮ ᠳᠤᠲᠠᠭᠳᠠᠵᠤ ᠪᠠᠶᠢᠭ᠎ᠠ ᠠᠵᠢᠯ ᠮᠡᠷᠭᠡᠵᠢᠯ ︵ᠠᠵᠢᠯ ᠲᠥᠷᠥᠯ︶ ᠳᠤ ᠴᠢᠭᠯᠡᠭᠦᠯᠦᠨ ᠵᠠᠬᠢᠶᠠᠯᠠᠭ᠎ᠠ ᠶᠢᠨ ᠮᠠᠶ᠋ᠢᠭ ᠤᠨ᠂ ᠬᠠᠨᠳᠤᠯᠭᠠᠲᠤ ᠮᠠᠶ᠋ᠢᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ᠂ ᠢᠳᠡᠭᠡᠨ ᠤᠮᠳᠠᠭᠠᠨ᠂ ᠰᠡᠯᠪᠢᠨ ᠵᠠᠰᠠᠬᠤ᠂ ᠵᠢᠰᠦ ᠭᠤᠶᠣᠯᠠᠵᠤ ᠦᠰᠦ ᠵᠠᠰᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠪᠠᠷ ᠶᠡᠭᠡ ᠬᠦᠷᠢᠶ᠎ᠡ ᠬᠡᠪᠴᠢᠶᠡᠨ ᠳᠤ ᠴᠢᠭᠯᠡᠭᠦᠯᠦᠨ ᠪᠠᠶᠢᠩᠭᠤᠵᠢᠭᠰᠠᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠥᠷᠨᠢᠭᠦᠯᠦᠨ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠳᠤ ᠴᠢᠭᠯᠡᠭᠦᠯᠦᠨ ᠰᠢᠨ᠎ᠡ ᠠᠵᠢᠯ ᠮᠡᠷᠭᠡᠵᠢᠯ ᠤᠨ ᠪᠣᠯᠪᠠᠰᠤᠷᠠᠯ ᠬᠢᠵᠤ᠂ ᠨᠥᠬᠦᠴᠡᠯ ᠳᠤ ᠨᠡᠶᠢᠴᠡᠭᠰᠡᠨ  ᠳᠤᠨᠢ ᠲᠣᠭᠲᠠᠭᠠᠯ ᠶᠣᠰᠣᠭᠠᠷ ᠪᠣᠯᠪᠠᠰᠤᠷᠠᠯ ᠤᠨ ᠨᠥᠬᠦᠪᠦᠷᠢ ᠣᠯᠭᠤᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ︶       9. ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠬᠠᠢ ᠶᠢᠨ ᠭᠠᠵᠠᠷ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠭ᠎ᠠ ᠳᠤ ᠬᠦᠷᠴᠦ ᠠᠵᠢᠯᠴᠢᠨ ᠬᠡᠷᠡᠭᠯᠡᠬᠦ ᠳᠠᠩᠰᠠᠯᠠᠯ ᠬᠢᠯᠭᠡᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠭ᠎ᠠ ᠨᠤᠭᠤᠳ ᠦᠨ᠎ᠡ ᠲᠦᠯᠦᠪᠦᠷᠢ ᠦᠭᠡᠢ ᠪᠠᠷ  ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ᠰᠦᠯᠵᠢᠶᠡᠨ ᠠᠴᠠ ᠭᠠᠳᠠᠭᠤᠷᠬᠢ ᠪᠠ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠶᠢ ᠴᠠᠭ ᠲᠤᠨᠢ ᠲᠣᠬᠢᠷᠠᠭᠤᠯᠤᠨ ᠥᠷᠨᠢᠭᠦᠯᠦᠨ᠎ᠡ᠃ ᠡᠯ᠎ᠡ ᠭᠠᠵᠠᠷ ᠣᠷᠣᠨ ᠤ ᠬᠢᠨ ᠤ ᠦᠨ᠎ᠡ ᠲᠥᠯᠥᠪᠦᠷᠢ ᠦᠭᠡᠢ ᠪᠠᠷ ᠠᠵᠢᠯ ᠮᠡᠷᠭᠡᠵᠢᠯ ᠢ ᠲᠠᠨᠢᠯᠴᠠᠭᠤᠯᠬᠤ ᠪᠠ ᠠᠮᠵᠢᠯᠲᠠ ᠲᠠᠢ ᠪᠠᠷ ᠠᠵᠢᠯ ᠣᠯᠣᠭᠰᠠᠨ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠣᠯᠭᠤᠬᠤ ᠦᠢᠯᠡᠴᠢᠯᠡᠭᠡ ᠶᠢᠨ ᠨᠥᠬᠦᠪᠦᠷᠢ ᠣᠯᠭᠤᠬᠤ ᠶᠢ ᠵᠣᠷᠢᠭᠵᠢᠭᠤᠯᠤᠨ᠎ᠠ᠃ ᠬᠥᠳᠡᠯᠮᠦᠷᠢ ᠦᠢᠯᠡᠴᠢᠯᠡᠭᠡ ᠭᠠᠷᠭᠠᠬᠤ ᠭᠠᠵᠠᠷ ᠯᠤᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠠᠵᠢᠯᠴᠢᠨ ᠡᠯᠰᠡᠬᠦ ᠪᠠ ᠠᠵᠢᠯᠴᠢᠨ ᠬᠡᠷᠡᠭᠯᠡᠬᠦ ᠠᠰᠠᠭᠤᠳᠠᠯ ᠢ ᠬᠠᠨᠳᠤᠯᠭ᠎ᠠ ᠲᠠᠢ ᠪᠠᠷ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ︶       ︵ᠳᠥᠷᠪᠡ︶ ︽ᠦᠢᠯᠡᠰ ᠪᠦᠲᠦᠭᠡᠬᠦ ᠰᠢᠨ᠎ᠡ ᠶᠢ ᠡᠭᠦᠳᠬᠦ︾ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ       10. ︽ᠦᠢᠯᠡᠰ ᠪᠦᠲᠦᠭᠡᠬᠦ ᠰᠢᠨ᠎ᠡ ᠶᠢ ᠡᠭᠦᠳᠬᠦ︾ ᠶᠢᠨ ᠭᠤᠣᠯ ᠠᠵᠢᠯᠯᠠᠭᠠᠨ ᠤ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠷᠢᠶᠡᠯᠡᠩ ᠲᠣᠭᠤᠷᠢᠭ ᠲᠤ ᠣᠷᠣᠵᠤ ᠬᠥᠭᠵᠢᠬᠦ ᠶᠢ ᠳᠡᠮᠵᠢᠨ᠎ᠡ᠃ ᠬᠤᠳᠠ ᠶᠢᠨ ᠲᠥᠯᠦᠪᠵᠢᠭᠦᠯᠭᠡ ᠪᠠ ᠬᠠᠮᠢᠶᠠᠷᠤᠯᠲᠠ ᠶᠢᠨ ᠳᠤᠮᠳᠠ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢᠨ ᠬᠡᠷᠡᠭᠴᠡᠭᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠠᠯᠠᠪᠤᠷ ᠭᠠᠵᠠᠷ ᠤᠨ ᠡᠬᠢ ᠪᠠᠶᠠᠯᠢᠭ ᠢ ᠵᠣᠬᠢᠰᠲᠠᠢ ᠠᠰᠢᠭᠯᠠᠨ᠂ ᠰᠠᠭᠤᠭᠠᠯᠢ ᠠᠷᠠᠳ ᠲᠤ ᠦᠢᠯᠡᠴᠢᠯᠡᠭᠡ ᠬᠠᠩᠭᠠᠬᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠬᠢᠮᠳᠠ ᠲᠣᠬᠢᠷᠠᠮᠵᠢᠲᠠᠢ ᠲᠦᠷᠢᠶᠡᠰᠦᠨ ᠮᠥᠩᠭᠦ ᠲᠠᠢ ᠡᠵᠡᠩᠨᠡᠯᠲᠡ ᠶᠢᠨ ᠲᠠᠯᠠᠪᠤᠷ ᠭᠠᠵᠠᠷ ᠢ ᠬᠠᠩᠭᠠᠨ᠎ᠠ᠃ ᠣᠷᠣᠨ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠣᠭᠲᠠᠭᠰᠠᠨ ᠴᠠᠭ ᠤᠨ ᠳᠣᠲᠣᠷ᠎ᠠ ᠡᠵᠡᠩᠨᠡᠯᠲᠡ ᠪᠠᠨ ᠡᠬᠢᠯᠡᠭᠦᠯᠬᠦ ᠶᠢ ᠵᠥᠪᠰᠢᠶᠡᠷᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ︶       11. ︽ᠦᠢᠯᠡᠰ ᠪᠦᠲᠦᠭᠡᠬᠦ ᠰᠢᠨ᠎ᠡ ᠶᠢ ᠡᠭᠦᠳᠬᠦ︾ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠬᠦᠷᠢᠶᠡᠯᠡᠩ ᠲᠣᠭᠤᠷᠢᠭ ᠤᠨ ᠬᠠᠮᠲᠤᠪᠠᠷ ᠠᠰᠢᠭ ᠭᠥᠷᠳᠡᠬᠦ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠲᠣᠰ ᠭᠠᠵᠠᠷ ᠣᠷᠣᠨ ᠤ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠪᠡᠯᠡ ᠬᠤᠷᠠᠮᠳᠤᠭᠤᠯᠭ᠎ᠠ ᠶᠢ ᠬᠠᠪᠰᠤᠷᠤᠨ ᠭᠦᠢᠴᠡᠳᠬᠡᠬᠦ᠂ ᠡᠳ᠋ ᠤᠨ ᠶᠠᠪᠤᠳᠠᠯ ᠢ ᠬᠠᠮᠢᠶᠠᠷᠬᠤ᠂ ᠬᠠᠤᠯᠢ ᠴᠠᠭᠠᠵᠠ ᠶᠢᠨ ᠯᠠᠪᠯᠠᠯᠭ᠎ᠠ ᠬᠠᠩᠭᠠᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠨ᠎ᠠ᠃ ᠣᠲᠤᠭ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ ᠲᠦᠰᠢᠭᠯᠡᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠨᠡᠪᠴᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠰ ᠪᠦᠲᠦᠭᠡᠵᠦ ᠰᠢᠨ᠎ᠡ ᠶᠢ ᠡᠭᠦᠳᠬᠦ ᠬᠠᠮᠲᠤᠯᠢᠭ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠡᠯ᠎ᠡ ᠲᠥᠷᠥᠯ ᠤᠨ ᠣᠶᠤᠲᠠᠳ ᠤᠨ ︽ᠦᠢᠯᠡᠰ ᠪᠦᠲᠦᠭᠡᠵᠦ ᠰᠢᠨ᠎ᠡ ᠶᠢ ᠡᠭᠦᠳᠬᠦ︾ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠣᠶᠤᠲᠠᠳ ᠤᠨ ᠦᠢᠯᠡᠰ ᠪᠦᠲᠦᠭᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︶      12. ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠡᠷᠳᠡᠮ ᠰᠢᠨᠵᠢᠯᠡᠭᠡᠨ ᠬᠢᠬᠦ ᠨᠥᠬᠦᠴᠡᠯ ᠲᠠᠢ ᠵᠢᠵᠢᠭ ᠪᠢᠴᠢᠯ ᠠᠵᠤ ᠠᠬᠤᠶᠢᠯᠠᠯ ᠢ ᠳᠡᠮᠵᠢᠵᠦ᠂ ᠭᠤᠣᠯᠳᠠᠯᠭ᠎ᠠ ᠲᠠᠢ ᠰᠤᠳᠤᠯᠤᠨ ᠨᠡᠭᠡᠭᠡᠯᠲᠡ ᠬᠢᠭᠡᠳ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠷᠥᠯ ᠵᠦᠢᠯ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠵᠢᠵᠢᠭ ᠪᠢᠴᠢᠯ ᠠᠵᠤ ᠠᠬᠤᠶᠢᠯᠠᠯ ᠳᠤ ᠰᠢᠯᠵᠢᠭᠦᠯᠦᠨ ᠬᠤᠪᠢᠷᠠᠭᠤᠯᠤᠨ᠎ᠠ᠃ ᠠᠵᠦ ᠠᠬᠤᠶᠢᠯᠠᠯ ᠢ ᠬᠥᠲᠥᠯᠥᠨ ᠵᠢᠯᠣᠭᠤᠳᠴᠤ ᠰᠤᠳᠤᠯᠤᠨ ᠨᠡᠭᠡᠭᠡᠯᠲᠡ ᠶᠢᠨ ᠪᠡᠯᠡ ᠣᠷᠤᠭᠤᠯᠤᠯᠲᠠ ᠶᠢ ᠶᠡᠬᠡᠰᠬᠡᠵᠦ᠂ ᠰᠤᠳᠤᠯᠤᠨ ᠨᠡᠭᠡᠭᠡᠯᠲᠡ ᠶᠢᠨ ᠪᠡᠯᠡ ᠣᠷᠤᠭᠤᠯᠤᠯᠲᠠ ᠶᠢᠨ ᠪᠡᠯᠡ ᠮᠥᠩᠭᠦᠨ ᠤ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ︵ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶           ︵ᠲᠠᠪᠤ︶ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠪᠠᠷ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ       13. ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠰᠠᠶᠢᠨ ᠳᠤᠷ᠎ᠠ ᠠᠴᠠ ᠪᠠᠨ ᠪᠠᠶᠢᠬᠤ ᠰᠠᠭᠤᠷᠢᠨ ᠳᠡᠭᠡᠷ᠎ᠡ ᠬᠡᠯᠪᠡᠷᠢ ᠪᠠᠨ ᠬᠤᠪᠢᠷᠠᠭᠤᠯᠤᠨ ᠠᠵᠤ ᠠᠬᠤᠶᠢᠯᠠᠯ ᠪᠣᠯᠬᠤ ᠶᠢ ᠳᠡᠮᠵᠢᠨ᠎ᠡ᠃ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠪᠠᠷ ᠪᠣᠶᠢᠵᠢᠭᠤᠯᠬᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠮᠥᠷᠭᠡ ᠳᠤ ᠣᠷᠣᠭᠤᠯᠤᠨ ᠪᠣᠶᠢᠵᠢᠭᠤᠯᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠳᠠᠩᠰᠠᠯᠠᠭᠤᠯᠤᠭᠠᠳ ᠨᠢᠭᠡ ᠵᠢᠯ ᠠᠴᠠ ᠢᠯᠡᠭᠦᠦ ᠪᠣᠯᠣᠭᠰᠠᠨ ᠪᠥᠭᠡᠳ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠡᠩ ᠤᠨ ᠭᠠᠶᠢᠯᠢ ᠲᠤᠰᠢᠶᠠᠭᠴᠢ ᠪᠠᠷ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠦᠢᠯᠡᠳᠬᠦᠨ ᠤ ᠥᠷᠲᠡᠭ ᠪᠠ ᠪᠣᠷᠤᠯᠠᠭᠤᠯᠭ᠎ᠠ ᠶᠢᠨ ᠬᠡᠪᠴᠢᠶ᠎ᠡ ᠪᠠᠷ ᠨᠡᠯᠢᠶᠡᠳ ᠶᠡᠭᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠥᠷᠥᠯ ᠵᠡᠷᠭᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠭᠤᠣᠯᠳᠠᠯᠭ᠎ᠠ ᠲᠠᠢ ᠳᠡᠮᠵᠢᠬᠦ ᠡᠲᠡᠭᠡᠳ ᠲᠤ ᠣᠷᠣᠭᠤᠯᠤᠨ᠎ᠠ᠃ ᠬᠥᠮᠥᠷᠭᠡ ᠳᠤ ᠣᠷᠣᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠨᠠᠷᠢᠯᠢᠭ ᠣᠨᠣᠪᠴᠢᠲᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢᠯᠣᠭᠤᠳᠤᠯᠭ᠎ᠠ ᠪᠠ ᠮᠥᠷᠳᠡᠯᠲᠡ ᠶᠢᠨ ᠦᠢᠯᠡᠴᠢᠯᠡᠭᠡ ᠬᠠᠩᠭᠠᠵᠤ᠂ ᠬᠥᠮᠥᠷᠭᠡ ᠳᠤ ᠣᠷᠣᠭᠤᠯᠤᠭᠰᠠᠨ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠰᠠᠶᠢᠨ ᠳᠤᠷ᠎ᠠ ᠠᠴᠠ ᠪᠠᠨ ᠬᠡᠯᠪᠡᠷᠢ ᠪᠠᠨ ᠬᠤᠪᠢᠷᠠᠭᠤᠯᠤᠨ ᠠᠵᠤ ᠠᠬᠤᠶᠢᠯᠠᠯ ᠪᠣᠯᠭᠠᠨ ᠬᠤᠪᠢᠷᠠᠭᠤᠯᠪᠠᠯ᠂ ᠠᠳᠠᠯᠢᠬᠠᠨ ᠬᠠᠷᠠᠭᠠᠯᠵᠠᠯ ᠢ ᠬᠦᠷᠲᠡᠭᠡᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠡᠯᠪᠡᠷᠢ ᠪᠠ ᠲᠥᠷᠥᠯ ᠬᠤᠪᠢᠶᠠᠨ ᠪᠣᠶᠢᠵᠢᠭᠤᠯᠬᠤ ᠶᠢ ᠴᠢᠩᠭᠠᠳᠬᠠᠵᠤ᠂ ᠭᠠᠵᠠᠷ ᠣᠷᠣᠨ ᠤ ᠪᠣᠳᠠᠲᠠᠢ ᠳᠤ ᠨᠡᠶᠢᠴᠡᠭᠰᠡᠨ ︽ᠣᠷᠣᠰᠢᠨ ᠠᠮᠢᠳᠤᠷᠠᠬᠤ ᠬᠡᠯᠪᠡᠷᠢ︾᠂ ︽ᠦᠰᠦᠨ ᠪᠣᠶᠢᠵᠢᠬᠤ ᠬᠡᠯᠪᠡᠷᠢ︾᠂ ︽ᠬᠥᠭᠵᠢᠯᠲᠡ ᠶᠢᠨ ᠬᠡᠯᠪᠡᠷᠢ︾ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠤᠪᠢᠶᠠᠷᠢᠯᠠᠬᠤ ᠪᠠᠷᠢᠮᠵᠢᠶ᠎ᠠ ᠪᠠ ︽ᠨᠡᠷᠡᠲᠦ ᠲᠡᠮᠳᠡᠭᠴᠢᠯᠡᠭᠰᠡᠨ ᠣᠨᠴᠠᠯᠢᠭᠴᠢᠯᠠᠭᠰᠠᠨ ᠰᠢᠯᠢᠳᠡᠭᠴᠢᠯᠡᠭᠰᠡᠨ ᠰᠢᠨ᠎ᠡ ᠶᠢ ᠡᠭᠦᠳᠦᠭᠰᠡᠨ︾ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠬᠥᠮᠥᠷᠭᠡ ᠶᠢ ᠰᠦᠪᠡᠭᠴᠢᠯᠡᠨ ᠪᠠᠶᠢᠭᠤᠯᠵᠤ᠂ ᠵᠥᠷᠢᠶ᠎ᠡ ᠲᠠᠢ᠂ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠵᠦ᠂ ᠲᠡᠳᠡᠨ ᠤ ᠦᠷᠭᠦᠯᠵᠢᠯᠡᠨ ᠡᠵᠡᠩᠨᠡᠯᠲᠡ ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶       14. ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠠᠵᠤ ᠠᠬᠤᠶᠢᠯᠠᠯ ᠪᠣᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠤᠯ ᠤᠨ ᠨᠡᠷᠡᠶᠢᠳᠦᠯ᠂ ᠠᠵᠢᠯ ᠲᠥᠷᠥᠯ ᠤᠨ ᠣᠨᠴᠠᠯᠢᠭ ᠢᠶᠠᠨ ᠬᠠᠤᠯᠢ ᠶᠣᠰᠣᠭᠠᠷ ᠦᠯᠡᠳᠡᠭᠡᠬᠦ ᠶᠢ ᠵᠥᠪᠰᠢᠶᠡᠷᠡᠨ᠎ᠡ᠃ ᠨᠡᠷᠡᠶᠢᠳᠦᠯ᠂ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢ ᠨᠢᠭᠡᠳᠬᠡᠬᠦ ᠠᠴᠠ ᠪᠤᠰᠤᠳ ᠵᠥᠪᠰᠢᠶᠡᠷᠡᠯ ᠤᠨ ᠦᠨᠡᠮᠯᠡᠯ ᠤᠨ ᠵᠠᠩᠭᠢᠯᠠᠭ᠎ᠠ ᠶᠢᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠦᠭᠡᠢ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠤ ᠠᠬᠤᠶᠢᠯᠠᠯ ᠤᠨ ᠤᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠦᠨ ᠲᠠᠢ ᠬᠤᠭᠤᠴᠠᠭᠠᠨ ᠳᠣᠲᠣᠷᠠᠬᠢ ᠬᠤᠶᠢᠨᠠᠬᠢ ᠵᠥᠪᠰᠢᠶᠡᠷᠡᠯ ᠢ ᠦᠷᠭᠦᠯᠵᠢᠯᠡᠨ ᠬᠡᠷᠡᠭᠯᠡᠬᠦ ᠶᠢ ᠳᠡᠮᠵᠢᠵᠦ᠂ ᠭᠤᠶᠤᠴᠢᠯᠠᠭᠴᠢ ᠨᠢ ᠳᠠᠩᠰᠠᠯᠠᠬᠤ ᠪᠠᠶᠢᠭᠤᠯᠭ᠎ᠠ ᠶᠢᠨ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠭᠡᠷᠡᠴᠢ ᠶᠢ ᠠᠪᠴᠤ᠂ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠪᠠᠶᠢᠭᠤᠯᠭ᠎ᠠ 7 ᠠᠵᠢᠯᠯᠠᠬᠤ ᠡᠳᠦᠷ ᠤᠨ ᠳᠣᠲᠣᠷ᠎ᠠ ᠵᠥᠪᠰᠢᠶᠡᠷᠡᠯ ᠤᠨ ᠦᠨᠡᠮᠯᠡᠯ ᠢ ᠬᠤᠪᠢᠷᠠᠭᠤᠯᠬᠤ ᠭᠠᠷᠳᠠᠮ ᠢ ᠭᠦᠢᠴᠡᠳᠬᠡᠵᠦ ᠥᠭᠭᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠰᠬᠠᠢ ᠠᠰᠢᠭ ᠤᠨ ᠡᠷᠬᠡ᠂ ᠲᠠᠸᠠᠷ ᠤᠨ ᠲᠡᠮᠳᠡᠭ ᠤᠨ ᠡᠷᠬᠡ᠂ ᠢᠷᠠᠭᠤ ᠠᠯᠳᠠᠷ ᠤᠨ ᠴᠣᠯᠠ ᠵᠡᠷᠭᠡ ᠡᠷᠬᠡ ᠠᠰᠢᠭ ᠢ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠤ ᠠᠬᠤᠶᠢᠯᠠᠯ ᠤᠨ ᠨᠡᠷ᠎ᠡ ᠳᠡᠭᠡᠷ᠎ᠡ ᠰᠢᠯᠵᠢᠭᠦᠯᠵᠦ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠣᠮᠣ ᠳ᠋ᠠᠶᠢᠲ᠋ᠠ ᠶᠢᠨ ᠲᠣᠪᠴᠢᠶ᠎ᠠ ᠵᠢᠴᠢ ᠪᠤᠰᠤᠳ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠪᠠᠶᠢᠭᠤᠯᠭ᠎ᠠ︶       15. ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠱᠠᠩᠨᠠᠯ ᠨᠥᠬᠦᠪᠦᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠥᠮᠥᠷᠭᠡ ᠳᠤ ᠣᠷᠣᠭᠤᠯᠤᠨ ᠪᠣᠶᠢᠵᠢᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠢᠵᠢᠭ ᠪᠢᠴᠢᠯ ᠠᠵᠤ ᠠᠬᠤᠶᠢᠯᠠᠯ ᠲᠠᠢ ᠠᠳᠠᠯᠢᠬᠠᠨ ᠲᠠᠰ ᠤᠨ ᠬᠠᠷᠠᠭᠠᠯᠵᠠᠯ ᠢ ᠬᠦᠷᠲᠡᠭᠡᠵᠦ᠂ ᠠᠩᠬ᠎ᠠ ᠤᠳᠠᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠵᠤ ᠬᠤᠪᠢᠷᠠᠭᠤᠯᠤᠭᠠᠳ 2 ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠯᠲᠡ ᠬᠢᠭᠰᠡᠨ ᠪᠥᠭᠡᠳ ᠢᠲᠡᠭᠡᠮᠵᠢ ᠮᠠᠭᠤᠲᠠᠢ ᠲᠡᠮᠳᠡᠭᠯᠡᠯ ᠦᠭᠡᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠨ᠂ ᠨᠥᠬᠦᠪᠦᠷᠢ ᠶᠢᠨ ᠪᠡᠯᠡ ᠮᠥᠩᠭᠦ ᠶᠢ ᠬᠤᠲᠠ ᠶᠢᠨ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ ᠲᠣᠭᠲᠠᠭᠠᠨ᠎ᠠ᠃ ᠱᠠᠩᠨᠠᠯ ᠭᠥᠷᠳᠡᠭᠰᠡᠨ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠮᠡᠬᠡᠯᠡᠨ ᠠᠪᠬᠤ ᠦᠵᠡᠭᠳᠡᠯ ᠭᠠᠷᠬᠤ ᠠᠴᠠ ᠵᠠᠶᠢᠯᠠᠰᠬᠢᠬᠤ ᠶᠢᠨ ᠲᠤᠰᠠᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠭ᠎ᠠ ᠪᠣᠳᠠᠲᠠᠢ ᠲᠠᠢ ᠪᠠᠨ ᠤᠶᠠᠯᠳᠤᠭᠤᠯᠤᠨ ᠱᠠᠩᠨᠠᠯ ᠨᠥᠬᠦᠪᠦᠷᠢ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠬᠥᠭᠵᠢᠯᠲᠡ ᠶᠢᠨ ᠬᠠᠨᠳᠤᠰᠢ ᠪᠠᠷ ᠰᠠᠶᠢᠨ᠂ ᠦᠷ᠎ᠡ ᠠᠰᠢᠭ ᠢᠶᠠᠷ ᠥᠨᠳᠥᠷ ᠦᠨᠡᠨᠴᠢ ᠢᠲᠡᠭᠡᠮᠵᠢ ᠶᠢᠨ ᠭᠤᠣᠯ ᠴᠣᠭᠴᠠ ᠳᠤ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      16. ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠭᠰᠠᠨ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠶᠢ ᠴᠢᠩᠭᠠᠳᠬᠠᠨ᠎ᠠ᠃ ᠵᠢᠯ ᠪᠦᠷᠢ ᠶᠢᠨ ᠵᠢᠯ ᠤᠨ ᠡᠴᠦᠰ ᠲᠤ ᠭᠠᠵᠠᠷ ᠣᠷᠣᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠢᠨ᠎ᠡ ᠪᠠᠷ ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ ᠲᠤᠭ᠎ᠠ ᠪᠠᠷᠢᠮᠲᠠ ᠶᠢ ᠪᠦᠷᠢᠳᠬᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠲᠥᠷᠥᠯ ᠤᠨ ᠲᠥᠷᠥᠯ ᠬᠡᠯᠪᠡᠷᠢ᠂ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠣᠨᠴᠠᠯᠢᠭ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠡᠮᠬᠢᠯᠡᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠳᠡᠪᠬᠢᠵᠢᠯ ᠢ ᠵᠠᠳᠠᠯᠬᠤ᠂ ᠬᠡᠯᠪᠡᠷᠢ ᠪᠠ ᠲᠥᠷᠥᠯ ᠬᠤᠪᠢᠶᠠᠨ ᠪᠣᠶᠢᠵᠢᠭᠤᠯᠬᠤ ᠵᠡᠷᠭᠡ ᠠᠵᠢᠯ ᠢ ᠥᠷᠨᠢᠭᠦᠯᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       ︵ᠵᠢᠷᠭᠤᠭ᠎ᠠ︶ ︽ᠪᠢᠴᠢᠯ ᠵᠢᠵᠢᠭ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠪᠣᠯᠭᠠᠨ ᠬᠤᠪᠢᠷᠠᠭᠤᠯᠬᠤ︾ ᠪᠠᠷ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ       17. ︽ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠬᠡᠮ ᠵᠡᠷᠭᠡ ᠲᠠᠰ ᠤᠨ ᠦᠨᠡᠮᠯᠡᠯ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠲᠤ ᠲᠤᠭ᠎ᠠ ᠠᠴᠠ ᠳᠡᠭᠡᠭᠰᠢᠬᠢ ᠪᠥᠭᠡᠮ ᠢᠶᠠᠷ ᠪᠣᠷᠣᠯᠠᠭᠤᠯᠬᠤ ᠵᠢᠵᠢᠭᠯᠡᠨ ᠪᠣᠷᠣᠯᠠᠭᠤᠯᠬᠤ ᠪᠠ ᠬᠤᠨᠤᠭ ᠢᠳᠡᠭᠡᠨ ᠤᠮᠳᠠᠭᠠᠨ ᠤ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ︾ ᠢ ᠠᠳᠠᠯᠢ ᠪᠤᠰᠤ ᠠᠷᠭ᠎ᠠ ᠬᠡᠮᠵᠢᠶ᠎ᠡ ᠠᠪᠴᠦ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ︽ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ︾᠂ ︽ᠬᠢᠷᠢ ᠬᠡᠮ ᠵᠡᠷᠭᠡ ᠲᠠᠰ ᠤᠨ ᠦᠨᠡᠮᠯᠡᠯ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ︾᠂ ︽ᠬᠢᠵᠠᠭᠠᠷᠲᠤ ᠲᠤᠭ᠎ᠠ ᠠᠴᠠ ᠳᠡᠭᠡᠭᠰᠢᠬᠢ ᠪᠥᠭᠡᠮ ᠢᠶᠠᠷ ᠪᠣᠷᠣᠯᠠᠭᠤᠯᠬᠤ ᠵᠢᠵᠢᠭᠯᠡᠨ ᠪᠣᠷᠣᠯᠠᠭᠤᠯᠬᠤ ᠪᠠ ᠬᠤᠨᠤᠭ ᠢᠳᠡᠭᠡᠨ ᠤᠮᠳᠠᠭᠠᠨ ᠤ ᠠᠵᠤ ᠠᠬᠤᠶᠢᠯᠠᠯ︾᠂ ︽ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ︾ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠤᠨ᠂ ᠵᠣᠬᠢᠬᠤ ᠬᠡᠪᠴᠢᠶᠡᠵᠢᠯ ᠲᠠᠢ᠂ ᠬᠥᠭᠵᠢᠯᠲᠡ ᠶᠢᠨ ᠢᠷᠡᠭᠡᠳᠦᠢ ᠲᠠᠢ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠳᠤ ᠣᠷᠣᠭᠤᠯᠤᠨ ᠭᠤᠣᠯᠳᠠᠯᠭ᠎ᠠ ᠲᠠᠢ ᠲᠡᠳᠬᠦᠬᠦ ᠶᠢᠨ ᠬᠠᠮᠲᠤ ᠬᠥᠳᠡᠯᠦᠩᠭᠦᠢ ᠪᠠᠷ ᠬᠢᠨᠠᠨ ᠬᠡᠮᠵᠢᠨ᠎ᠡ᠃ ᠣᠷᠣᠨ ᠨᠤᠲᠤᠭ ᠤᠨ ᠪᠣᠳᠠᠲᠤ ᠪᠠᠶᠢᠳᠠᠯ ᠪᠠ ᠡᠳ᠋ ᠤᠨ ᠬᠦᠴᠦᠨ ᠲᠠᠢ ᠤᠶᠠᠯᠳᠤᠭᠤᠯᠤᠨ᠂ ︽ᠪᠢᠴᠢᠯ ᠵᠢᠵᠢᠭ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠪᠣᠯᠭᠠᠨ ᠬᠤᠪᠢᠷᠠᠭᠤᠯᠬᠤ︾ ᠱᠠᠩᠨᠠᠯ ᠤᠨ ᠲᠣᠭᠲᠠᠴᠠ ᠶᠢ ᠪᠠᠶᠢᠭᠤᠯᠵᠤ᠂ ᠠᠩᠬ᠎ᠠ ᠤᠳᠠᠭ᠎ᠠ ︽ᠪᠢᠴᠢᠯ ᠵᠢᠵᠢᠭ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠪᠣᠯᠭᠠᠨ ᠬᠤᠪᠢᠷᠠᠭᠤᠯᠤᠭᠰᠠᠨ︾ ᠠᠵᠤ ᠠᠬᠤᠶᠢᠯᠠᠯ ᠳᠤ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶       ︵ᠳᠣᠯᠤᠭ᠎ᠠ︶ ︽ᠰᠢᠨ᠎ᠡ ᠮᠡᠷᠭᠡᠵᠢᠯ᠂ ᠰᠢᠨ᠎ᠡ ᠠᠵᠦ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ︾ ᠤᠨ ᠭᠤᠣᠯ ᠴᠣᠭᠴᠠ ᠶᠢ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ       18. ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠥᠭᠡᠮ ᠢᠶᠠᠷ ᠪᠣᠷᠣᠯᠠᠭᠤᠯᠬᠤ ᠪᠠ ᠵᠢᠵᠢᠭᠯᠡᠨ ᠪᠣᠷᠣᠯᠠᠭᠤᠯᠬᠤ ᠦᠢᠯᠡᠰ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠣᠳᠠᠲᠤ ᠴᠣᠭᠴᠠ ᠶᠢᠨ ᠠᠵᠤ ᠠᠬᠤᠢ ᠶᠢᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠶᠢ ᠠᠬᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠦᠯᠵᠢᠶᠡᠨ ᠳᠡᠭᠡᠷᠡᠬᠢ ᠡᠵᠡᠩᠨᠡᠭᠴᠢ ᠳᠤ ᠳᠡᠮᠵᠢᠯᠭᠡ ᠬᠠᠩᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠴᠢᠭᠯᠡᠭᠦᠯᠦᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠦᠢᠯᠡᠴᠢᠯᠡᠭᠡᠨ ᠤ ᠪᠣᠯᠪᠠᠰᠤᠷᠠᠯ ᠬᠢᠵᠦ᠂ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠳᠡᠮᠵᠢᠵᠦ᠂ ᠰᠦᠯᠵᠢᠶ᠎ᠡ ᠪᠠᠷ ᠬᠤᠳᠠᠯᠳᠤᠨ ᠠᠪᠬᠤ ᠪᠠᠶᠠᠷ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ︶       19. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠠᠳᠠᠯᠢ ᠪᠤᠰᠤ ᠠᠷᠭ᠎ᠠ ᠬᠡᠮᠵᠢᠶ᠎ᠡ ᠠᠪᠴᠤ ᠪᠣᠶᠢᠵᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠦᠷᠢᠮ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠶᠢᠵᠢᠭᠰᠠᠨ ᠨᠠᠷᠢᠯᠢᠭᠴᠢᠯᠠᠭᠰᠠᠨ ᠣᠨᠴᠠᠯᠢᠭᠴᠢᠯᠠᠭᠰᠠᠨ ᠰᠢᠨ᠎ᠡ ᠶᠢ ᠡᠭᠦᠳᠦᠭᠰᠡᠨ︾ ᠳᠤᠮᠳᠠ ᠵᠢᠵᠢᠭ ᠠᠵᠤ ᠠᠬᠤᠶᠢᠯᠠᠯ ᠪᠠ ︽ᠲᠤᠰᠬᠠᠶᠢᠵᠢᠭᠰᠠᠨ ᠨᠠᠷᠢᠯᠢᠭᠴᠢᠯᠠᠭᠰᠠᠨ ᠣᠨᠴᠠᠯᠢᠭᠴᠢᠯᠠᠭᠰᠠᠨ ᠰᠢᠨ᠎ᠡ ᠶᠢ ᠡᠭᠦᠳᠦᠭᠰᠡᠨ︾ ᠵᠢᠵᠢᠭ ᠠᠪᠤᠷᠭᠤ ᠠᠵᠤ ᠠᠬᠤᠶᠢᠯᠠᠯ ᠢ ᠠᠳᠠᠯᠢ ᠪᠤᠰᠤ ᠠᠷᠭ᠎ᠠ ᠬᠡᠮᠵᠢᠶ᠎ᠡ ᠠᠪᠴᠦ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶       ︵ᠨᠠᠢᠮᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ       20. ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠵᠢᠵᠢᠭ ᠪᠢᠴᠢᠯ ᠠᠵᠤ ᠠᠬᠤᠶᠢᠯᠠᠯ ᠢ ᠬᠥᠭᠵᠢᠭᠦᠯᠦᠨ ᠪᠣᠶᠢᠵᠢᠭᠤᠯᠤᠨ᠎ᠠ᠃ ᠬᠤᠰᠢᠭᠤ ᠱᠠᠲᠤᠨ ᠠᠴᠠ ᠳᠡᠭᠡᠭᠰᠢᠬᠢ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠵᠢᠴᠢ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠪᠠᠶᠢᠭᠤᠯᠬᠤ ᠠᠵᠢᠯ ᠢ ᠥᠷᠨᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠤᠣᠯ ᠴᠣᠭᠴᠠ ᠶᠢ ᠪᠣᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ︶       21. ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠵᠤ ᠠᠬᠤᠶᠢᠯᠠᠯ ᠢ ᠳᠠᠶᠢᠴᠢᠯᠠᠨ ᠠᠵᠤ ᠠᠬᠤᠶᠢᠯᠠᠯ ᠤᠨ ᠨᠠᠷᠠᠲᠤ ᠲᠡᠮᠳᠡᠭ ᠪᠠ ᠪᠦᠲᠦᠭᠡᠭᠳᠡᠬᠦᠨ ᠤ ᠨᠠᠷᠠᠲᠤ ᠲᠡᠮᠳᠡᠭ ᠢ ᠡᠭᠦᠳᠦᠨ᠎ᠡ᠃ ︽ᠮᠸᠡᠭ︾ ᠦᠰᠦᠭᠲᠦ ᠲᠡᠮᠳᠡᠭ ᠤᠨ ᠭᠡᠷᠡᠴᠢᠯᠡᠯ ᠢᠶᠠᠷ ᠬᠥᠲᠥᠯᠥᠭᠦᠯᠵᠦ ᠣᠷᠳᠣᠰ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠡᠭᠦᠳᠦᠨ᠎ᠡ᠃ 2025 ᠣᠨ ᠤ ᠵᠢᠯ ᠤᠨ ᠡᠴᠦᠰ ᠪᠣᠯᠬᠤ ᠳᠤ᠂ ᠪᠥᠬᠦ ᠬᠤᠰᠢᠭᠤᠨ ᠤ ︽ᠮᠸᠡᠭ︾ ᠦᠰᠦᠭᠲᠦ ᠲᠡᠮᠳᠡᠭ ᠤᠨ ᠭᠡᠷᠡᠴᠢᠯᠡᠯ ᠲᠠᠢ ᠠᠵᠤ ᠠᠬᠤᠶᠢᠯᠠᠯ ᠢ 3 ᠠᠴᠠ ᠳᠡᠭᠡᠭᠰᠢ ᠪᠣᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       ︵ᠶᠢᠰᠦ︶ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠤᠣᠯ ᠴᠣᠭᠴᠠ ᠶᠢ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ       22. ᠪᠣᠳᠠᠰ ᠤᠨ ᠪᠤᠰᠤ ᠰᠣᠶᠣᠯ ᠤᠨ ᠥᠪ ᠤᠨ ᠮᠡᠷᠭᠡᠵᠢᠯ ᠴᠢᠳᠠᠪᠤᠷᠢ ᠳᠤ ᠲᠦᠰᠢᠭᠯᠡᠨ ᠤᠯᠠᠮᠵᠢᠯᠠᠯᠲᠤ ᠭᠠᠷ ᠤᠷᠠᠯᠠᠯ ᠤᠨ ᠦᠢᠯᠡᠳᠪᠦᠷᠢᠯᠡᠯ᠂ ᠪᠣᠯᠪᠠᠰᠤᠷᠠᠯ᠂ ᠰᠣᠯᠢᠯᠴᠠᠭ᠎ᠠ᠂ ᠦᠵᠡᠭᠦᠯᠭᠡ ᠪᠠ  ᠪᠣᠷᠣᠯᠠᠭᠤᠯᠭ᠎ᠠ ᠬᠢᠵᠦ᠂ ᠭᠦᠨ ᠵᠤᠵᠠᠭᠠᠨ ᠣᠷᠣᠨ ᠨᠤᠲᠤᠭ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠬᠦ ᠶᠢ ᠳᠡᠮᠵᠢᠵᠦ᠂ ᠰᠢᠨ᠎ᠡ ᠬᠡᠯᠪᠡᠷᠢ ᠶᠢᠨ ᠰᠣᠶᠣᠯ ᠤᠨ ᠠᠵᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ︶       23. ᠠᠷᠠᠳ ᠠᠴᠠ ᠡᠷᠬᠢᠯᠡᠭᠰᠡᠨ ᠬᠤᠨᠤᠭ ᠤᠨ ᠭᠠᠵᠠᠷ ᠤᠨ ᠠᠵᠤ ᠦᠢᠯᠡᠰ ᠢ ᠢᠳᠡᠪᠬᠢᠲᠡᠢ ᠠᠬᠢᠭᠤᠯᠵᠤ᠂ ᠵᠡᠷᠭᠡ ᠳᠡᠰ ᠤᠨ ᠵᠢᠭᠤᠯᠴᠢᠯᠠᠯ ᠤᠨ ᠠᠷᠠᠳ ᠠᠴᠠ ᠡᠷᠬᠢᠯᠡᠭᠰᠡᠨ ᠬᠤᠨᠤᠭ ᠤᠨ ᠭᠠᠵᠠᠷ ᠢ ᠭᠤᠶᠤᠴᠢᠯᠠᠨ ᠮᠡᠳᠡᠭᠦᠯᠦᠨ᠎ᠡ᠃ ᠵᠢᠭᠤᠯᠴᠢᠯᠠᠯ ᠤᠨ ᠠᠷᠠᠳ ᠠᠴᠠ ᠡᠷᠬᠢᠯᠡᠭᠰᠡᠨ ᠬᠤᠨᠤᠭ ᠤᠨ ᠭᠠᠵᠠᠷ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠶᠠᠰᠤ ᠴᠢᠨᠠᠷ᠂ ᠬᠥᠭᠵᠢᠯᠲᠡ ᠶᠢᠨ ᠦᠷ᠎ᠡ ᠠᠰᠢᠭ᠂ ᠳᠠᠶᠢᠴᠢᠯᠠᠬᠤ ᠦᠢᠯᠡᠳᠦᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠂ ᠣᠷᠣᠨ ᠪᠦᠰᠡ ᠶᠢᠨ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠲᠠᠢ ᠵᠢᠭᠤᠯᠴᠢᠯᠠᠯ ᠤᠨ ᠠᠷᠠᠳ ᠠᠴᠠ ᠡᠷᠬᠢᠯᠡᠭᠰᠡᠨ ᠬᠤᠨᠤᠭ ᠤᠨ ᠭᠠᠵᠠᠷ ᠤᠨ ᠨᠠᠷᠠᠲᠤ ᠲᠡᠮᠳᠡᠭ ᠢ ᠡᠭᠦᠳᠴᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ︶       ︵ᠠᠷᠪᠠ︶ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ       24. ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠥᠪᠰᠢᠶᠡᠷᠡᠨ ᠣᠷᠣᠭᠤᠯᠬᠤ᠂ ᠪᠤᠴᠠᠭᠠᠨ ᠭᠠᠷᠭᠠᠬᠤ᠂ ᠬᠢᠨᠠᠨ ᠵᠥᠪᠰᠢᠶᠡᠷᠡᠭᠦᠯᠬᠦ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠬᠤ ᠪᠠᠶᠢᠭᠤᠯᠭ᠎ᠠ ᠨᠢ ᠨᠡᠷᠡᠶᠢᠳᠦᠯ ᠢᠶᠠᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠤᠨ ᠳᠠᠩᠰᠠᠯᠠᠬᠤ ᠨᠥᠬᠦᠴᠡᠯ ᠤᠨ ᠪᠠᠷᠢᠮᠵᠢᠶ᠎ᠠ ᠶᠢ ᠪᠠᠭᠤᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠭᠴᠢ ᠶᠢᠨ ᠳᠠᠩᠰᠠᠯᠠᠯ ᠢᠶᠠᠨ ᠬᠤᠪᠢᠷᠠᠭᠤᠯᠬᠤ ᠶᠢ ᠠᠬᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠵᠣᠭᠰᠣᠬᠤ ᠳᠦᠷᠢᠮ ᠢ ᠪᠦᠷᠢᠨᠰᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠦᠨ ᠦᠭᠡᠢ ᠪᠣᠯᠭᠠᠬᠤ ᠶᠢ ᠳᠥᠭᠦᠮᠴᠢᠯᠡᠬᠦ ᠵᠡᠷᠭᠡ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠳᠥᠭᠦᠮ ᠳᠥᠲᠡ ᠥᠨᠳᠥᠷ ᠪᠦᠲᠦᠮᠵᠢᠲᠡᠶ ᠳᠠᠩᠰᠠᠯᠠᠬᠤ ᠦᠢᠯᠡᠴᠢᠯᠡᠭᠡ ᠬᠠᠩᠭᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠭ᠎ᠠ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠠᠬᠢᠭᠤᠯᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠨ ᠪᠤᠵᠠᠭᠠᠶᠢᠷᠠᠬᠤ ᠶᠢ ᠪᠦᠲᠦᠮᠵᠢᠲᠡᠶ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠣᠮᠣ ᠳ᠋ᠠᠶᠢᠲ᠋ᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ︶       25. ︽ᠢᠲᠡᠭᠡᠮᠵᠢ ᠶᠢ ᠰᠡᠷᠭᠦᠭᠡᠬᠦ︾ ᠦᠢᠯᠡᠴᠢᠯᠡᠭᠡ ᠶᠢ ᠰᠢᠯᠢᠳᠡᠭᠵᠢᠭᠦᠯᠵᠦ᠂ ︽ᠠᠮᠠᠯᠠᠯᠲᠠ ᠬᠢᠭᠰᠡᠨ ᠪᠣᠯ ᠳᠤᠲᠠᠭᠳᠠᠯ ᠢ ᠠᠭᠤᠴᠢᠯᠠᠬᠤ︾᠂ ︽ᠠᠮᠠᠯᠠᠯᠲᠠ ᠬᠢᠭᠰᠡᠨ ᠪᠣᠯ ᠥᠯᠥ ᠪᠠᠶᠢᠴᠠᠭᠠᠬᠤ︾ ᠵᠡᠷᠭᠡ ᠢᠲᠡᠭᠡᠮᠵᠢ ᠶᠢ ᠰᠡᠷᠭᠦᠭᠡᠬᠦ ᠠᠷᠭ᠎ᠠ ᠮᠠᠶ᠋ᠢᠭ ᠢ ᠰᠦᠪᠡᠭᠴᠢᠯᠡᠨ᠂ ᠢᠲᠡᠭᠡᠯ ᠠᠯᠳᠠᠭᠰᠠᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢ ᠳᠠᠬᠢᠨ ᠴᠣᠭᠴᠠᠯᠠᠬᠤ ᠳᠤ ᠬᠦᠴᠦᠨ ᠨᠡᠮᠡᠷᠢᠯᠡᠨ᠎ᠡ᠃ ᠢᠲᠡᠭᠡᠮᠵᠢ ᠪᠠᠷ ᠰᠠᠶᠢᠨ᠂ ᠲᠦᠭᠰᠢᠭᠦᠷᠢ ᠶᠢᠨ ᠲᠠᠰ ᠢᠶᠠᠷ ᠨᠡᠯᠢᠶᠡᠳ ᠳᠣᠣᠷ᠎ᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠤᠭᠤᠴᠢᠨ ᠪᠠᠶᠢᠴᠠᠭᠠᠬᠤ ᠬᠠᠷᠢᠴᠠᠯ᠂ ᠲᠤᠭ᠎ᠠ ᠤᠳᠠᠭ᠎ᠠ ᠶᠢ ᠵᠣᠬᠢᠰᠲᠠᠢ ᠲᠣᠭᠲᠠᠭᠠᠨ᠎ᠠ᠃ ︽ᠬᠤᠶᠠᠷ ᠢ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ᠂ ᠣᠯᠠᠨ ᠲᠠᠯ᠎ᠠ ᠠᠴᠠ ᠪᠠᠶᠢᠴᠠᠭᠠᠬᠤ᠂ ᠳᠠᠪᠬᠤᠷᠳᠠᠭᠤᠯᠤᠨ ᠪᠠᠶᠢᠴᠠᠭᠠᠬᠤ ᠠᠴᠠ ᠵᠠᠶᠢᠯᠠᠰᠬᠢᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠪ ᠤᠨ ᠡᠵᠡᠩᠨᠡᠯᠲᠡ ᠳᠤ ᠭᠠᠷ ᠲᠦᠷᠦᠭᠦ ᠶᠢ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       26. ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠤᠯᠢ ᠵᠥᠷᠢᠴᠡᠭᠰᠡᠨ ᠬᠥᠩᠭᠡᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠤᠨ᠎ᠠ᠃ ᠬᠦᠨᠳᠦ ᠨᠣᠴᠢᠲᠠᠢ ᠤᠷᠰᠢᠭ ᠲᠠᠲᠠᠭᠰᠠᠨ ᠦᠭᠡᠢ ᠪᠠ ᠨᠡᠶᠢᠭᠡᠮ ᠤᠨ ᠮᠠᠭᠤ ᠲᠤᠰᠬᠠᠯ ᠭᠠᠷᠭᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠬᠥᠩᠭᠡᠨ ᠢᠶᠠᠷ ᠰᠢᠢᠳᠬᠡᠬᠦ᠂ ᠬᠥᠩᠭᠡᠷᠡᠭᠦᠯᠦᠨ ᠰᠢᠢᠳᠬᠡᠬᠦ ᠪᠤᠶᠤ ᠰᠢᠢᠳᠬᠡᠯ ᠠᠴᠠ ᠬᠡᠯᠲᠦᠷᠢᠭᠦᠯᠵᠦ᠂ ᠬᠠᠤᠯᠢ ᠵᠥᠷᠢᠴᠡᠭᠰᠡᠨ ᠬᠥᠩᠭᠡᠨ ᠦᠢᠯᠡ ᠠᠵᠢᠯᠯᠠᠭ᠎ᠠ ᠶᠢᠨ ︽ᠠᠩᠬ᠎ᠠ ᠵᠥᠷᠢᠴᠡᠭᠰᠡᠨ ᠢ ᠦᠯᠦ ᠰᠢᠢᠳᠬᠡᠬᠦ︾ ᠳᠦᠷᠢᠮ ᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ︶       27. ᠠᠵᠤ ᠠᠬᠤᠶᠢᠯᠠᠯ ᠳᠤ ᠬᠤᠯᠪᠣᠭᠳᠠᠭᠰᠠᠨ ᠵᠠᠷᠤᠳᠠᠯ ᠬᠤᠷᠢᠶᠠᠯᠲᠠ ᠶᠢᠨ ᠵᠠᠰᠠᠯᠲᠠ ᠶᠢ ᠴᠢᠩᠭᠠᠳᠬᠠᠨ᠂ ᠠᠵᠦ ᠠᠬᠤᠶᠢᠯᠠᠯ ᠳᠤ ᠬᠤᠯᠪᠣᠭᠳᠠᠭᠰᠠᠨ ᠵᠠᠷᠤᠳᠠᠯ ᠬᠤᠷᠢᠶᠠᠯᠲᠠ ᠶᠢᠨ ᠭᠠᠷᠴᠠᠭ ᠤᠨ ᠨᠠᠷᠢᠨ ᠳᠠᠩᠰᠠ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠵᠠᠷᠤᠳᠠᠯ ᠬᠤᠷᠢᠶᠠᠯᠲᠠ ᠶᠢᠨ ᠭᠠᠷᠴᠠᠭ ᠤᠨ ᠨᠠᠷᠢᠨ ᠳᠠᠩᠰᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ᠂ ᠤᠰᠤ ᠴᠠᠬᠢᠯᠭᠠᠨ ᠬᠡᠢ ᠳᠤᠯᠠᠭᠠᠯᠠᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠵᠡᠷᠭᠡ ᠬᠦᠷᠢᠶ᠎ᠡ ᠶᠢᠨ ᠬᠢᠨ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ᠂ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠬᠠᠩᠰᠢ ᠶᠢ ᠬᠡᠷᠡᠭᠵᠢᠭᠦᠯᠬᠦ ᠦᠭᠡᠢ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠯᠡ ᠬᠤᠷᠠᠮᠳᠤᠭᠤᠯᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠥᠪᠡᠷ ᠤᠨ ᠥᠷᠲᠡᠭ ᠢ ᠰᠢᠯᠵᠢᠭᠦᠯᠬᠦ ᠵᠢᠴᠢ ᠤᠯᠤᠰ ᠤᠨ ᠳᠠᠷᠤᠭᠠᠰᠤ ᠶᠢ ᠬᠥᠩᠭᠡᠯᠡᠵᠦ ᠵᠠᠷᠤᠳᠠᠯ ᠢ ᠪᠠᠭᠤᠷᠠᠭᠤᠯᠬᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠵᠠᠷᠤᠳᠠᠯ ᠬᠤᠷᠢᠶᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠦᠶᠯᠡ ᠠᠵᠢᠯᠯᠠᠭ᠎ᠠ ᠶᠢ ᠪᠦᠲᠦᠮᠵᠢᠲᠡᠢ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ︶       28. ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠤᠳᠠᠯ ᠬᠠᠭᠤᠷᠮᠠᠭ ᠢᠶᠠᠷ ᠤᠬᠠᠭᠤᠯᠬᠤ᠂ ᠬᠠᠭᠤᠷᠮᠠᠭ ᠢᠶᠠᠷ ᠳᠠᠭᠤᠷᠢᠶᠠᠨ ᠬᠤᠳᠬᠤᠯᠳᠤᠭᠤᠯᠬᠤ ᠵᠡᠷᠭᠡ ᠵᠦᠢ ᠪᠤᠰᠤ ᠥᠷᠢᠰᠦᠯᠳᠦᠭᠡᠨ ᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠡᠮᠬᠢ ᠳᠢᠭᠯᠢᠮ ᠢ ᠬᠦᠴᠦᠲᠡᠢ ᠬᠠᠮᠠᠭᠠᠯᠠᠨ᠎ᠠ᠃ ᠲᠠᠪᠴᠠᠩ ᠤᠨ ᠠᠵᠤ ᠠᠬᠤᠢ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠣᠯᠴᠠᠬᠤ ᠶᠢ ᠪᠠᠲᠤᠯᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠷᠢ ᠬᠡᠮ ᠤᠨ ᠨᠥᠬᠦᠴᠡᠯ ᠤᠨ ᠲᠣᠬᠢᠷᠠᠭᠤᠯᠭ᠎ᠠ ᠶᠢ ᠵᠢᠷᠤᠮᠵᠢᠭᠤᠯᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠣᠷᠣᠯᠴᠠᠬᠤ ᠪᠠᠷᠢᠮᠵᠢᠶ᠎ᠠ ᠶᠢ ᠳᠣᠷᠣᠭᠰᠢᠯᠠᠭᠤᠯᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠩᠭᠠᠯᠭ᠎ᠠ ᠶᠢᠨ ᠬᠤᠳᠠᠯᠳᠤᠭᠠᠴᠢᠨ ᠤ ᠬᠤᠪᠢ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠡᠷᠬᠡ ᠶᠢ ᠪᠠᠲᠤᠯᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠳᠤᠮᠳᠠ ᠵᠢᠵᠢᠭ ᠠᠵᠤ ᠠᠬᠤᠶᠢᠯᠠᠯ ︵ᠳᠤᠮᠳᠠ ᠵᠢᠵᠢᠭ ᠠᠵᠤ ᠠᠬᠤᠶᠢᠯᠠᠯ ᠢ ᠬᠤᠪᠢᠶᠠᠷᠢᠯᠠᠬᠤ ᠪᠠᠷᠢᠮᠵᠢᠶ᠎ᠠ ᠳᠤ ᠨᠡᠶᠢᠴᠡᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠪᠠᠭᠲᠠᠭᠠᠨ᠎ᠠ︶ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠪᠠᠶᠢᠭᠤᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠵᠢᠵᠢᠭ ᠪᠢᠴᠢᠯ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠰᠢᠷᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠥᠷᠢᠲᠦᠭᠰᠡᠨ ᠮᠠᠷᠭᠤᠯᠳᠤᠭᠠᠨ ᠦᠭᠡᠢ ᠥᠷᠢ ᠪᠠᠨ ᠬᠥᠳᠡᠯᠦᠩᠭᠦᠢ ᠪᠠᠷ ᠦᠭᠡᠶᠢᠰᠬᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠢᠴᠢ ᠬᠠᠮᠢᠶ᠎ᠠ ᠪᠦᠬᠦᠢ ᠪᠠᠶᠢᠭᠤᠯᠭ᠎ᠠ︶       ︵ᠠᠷᠪᠠᠨ ᠨᠢᠭᠡ︶ ᠡᠵᠡᠩᠨᠡᠯᠲᠡ ᠶᠢᠨ ᠥᠪᠡᠷ ᠤᠨ ᠥᠷᠳᠡᠭ ᠤᠨ ᠳᠠᠷᠤᠭᠠᠰᠤ ᠶᠢ ᠬᠥᠩᠭᠡᠷᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ       29. ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠶᠢᠨ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠢᠵᠢᠭ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠡᠳᠬᠦᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠣᠬᠢᠬᠤ ᠬᠡᠮᠵᠢᠶᠡᠨ ᠤ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠣᠯᠭᠤᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠲᠥᠪ᠂ ᠴᠠᠬᠢᠯᠭᠠᠨ ᠬᠠᠩᠭᠠᠬᠤ ᠺᠣᠮᠫᠠᠨᠢ︶       30. ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠢᠭᠤᠳ ᠬᠠᠷᠢᠶ᠎ᠠ ᠰᠢᠯᠭᠠᠨ ᠪᠠᠶᠢᠴᠠᠭᠠᠬᠤ᠂ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠵᠡᠷᠭᠡ ᠵᠠᠷᠤᠳᠠᠯ ᠢ ᠬᠠᠭᠠᠰ ᠢᠶᠠᠷ ᠪᠠᠭᠤᠷᠠᠭᠤᠯᠵᠤ ᠬᠤᠷᠢᠶᠠᠨ᠎ᠠ᠃ ᠲᠣᠮᠣ ᠬᠡᠯᠪᠡᠷᠢ ᠶᠢᠨ ᠬᠤᠳᠠᠯᠳᠤᠭᠠᠨ ᠤ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠳᠤ ᠡᠵᠡᠩᠨᠡᠯᠲᠡ ᠬᠢᠵᠦ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠡᠷᠡᠭᠯᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠭᠡᠷ ᠲᠤᠨᠢ ᠬᠦᠷᠴᠦ ᠰᠢᠯᠭᠠᠨ ᠲᠣᠭᠲᠠᠭᠠᠬᠤ ᠦᠢᠯᠡᠴᠢᠯᠡᠭᠡ ᠬᠠᠩᠭᠠᠨ᠎ᠠ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠶᠢᠭᠡᠮᠯᠢᠭ ᠤᠨ ᠵᠠᠷᠤᠳᠠᠯ ᠢ ᠬᠡᠯᠲᠦᠷᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶       ︵ᠠᠷᠪᠠᠨ ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠴᠢᠨᠠᠷ ᠢ ᠳᠡᠭᠡᠭᠰᠢᠯᠡᠭᠦᠯᠬᠦ ᠢᠵᠧᠨᠧᠷᠢᠩ ᠢ ᠬᠡᠷᠡᠭᠵᠢᠭᠦᠯᠦᠨ᠎ᠡ       31. ︽ᠶᠠᠰᠤ ᠴᠢᠨᠠᠷ ᠤᠨ ᠰᠠᠭᠤᠷᠢ ᠶᠢᠨ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ︾ ᠤ ᠲᠠᠪᠴᠠᠩ ᠢ ᠪᠠᠶᠢᠭᠤᠯᠤᠨ᠂ ᠬᠡᠮᠵᠢᠬᠦ᠂ ᠭᠡᠷᠡᠴᠢᠯᠡᠵᠦ ᠵᠥᠪᠰᠢᠶᠡᠷᠡᠬᠦ᠂ ᠰᠢᠯᠭᠠᠨ ᠪᠠᠶᠢᠴᠠᠭᠠᠬᠤ ᠵᠡᠷᠭᠡ ᠶᠢ ᠶᠡᠷᠦᠩᠬᠡᠶᠢᠯᠡᠨ ᠬᠡᠷᠡᠭᠯᠡᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠮᠡᠷᠭᠡᠵᠢᠯ ᠤᠨ ᠦᠢᠯᠡᠴᠢᠯᠡᠭᠡ ᠬᠢᠭᠡᠳ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠢᠯᠣᠭᠤᠳᠤᠯᠭ᠎ᠠ ᠬᠠᠩᠭᠠᠨ᠎ᠠ᠃ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠸ ᠲᠤᠰᠢᠶᠠᠯᠲᠠᠨ ᠤ ᠳᠦᠷᠢᠮ ᠢ ᠶᠡᠬᠡᠪᠡᠷ ᠬᠡᠷᠡᠭᠵᠢᠭᠦᠯᠵᠦ᠂ 2025 ᠣᠨ ᠪᠣᠯᠬᠤ ᠳᠤ ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠸ ᠲᠤᠰᠢᠶᠠᠯᠲᠠᠨ ᠢ ᠰᠢᠨ᠎ᠡ ᠪᠠᠷ 5 ᠨᠡᠮᠡᠵᠦ ᠪᠣᠶᠢᠵᠢᠭᠤᠯᠤᠨ᠎ᠠ᠃ ︽ᠵᠠᠭᠤᠨ ᠬᠤᠲᠠ ᠮᠢᠩᠭᠠᠨ ᠦᠢᠯᠡᠰ ᠲᠦᠮᠡᠨ ᠠᠵᠤ ᠠᠬᠤᠶᠢᠯᠠᠯ ᠤᠨ ᠪᠠᠷᠢᠮᠵᠢᠶ᠎ᠠ ᠲᠠᠢ ᠬᠠᠷᠢᠴᠠᠭᠤᠯᠵᠤ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ︾᠂ ︽ᠳᠤᠮᠳᠠ ᠵᠢᠵᠢᠭ ᠠᠵᠤ ᠠᠬᠤᠶᠢᠯᠠᠯ ᠤᠨ ᠬᠡᠮᠵᠢᠯᠲᠡ ᠳᠤ ᠦᠢᠯᠡᠴᠢᠯᠡᠬᠦ ᠠᠶᠠᠯᠠᠯ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠳᠡᠭᠡᠨ ᠤᠮᠳᠠᠭᠠᠨ᠂ ᠵᠢᠵᠢᠭᠯᠡᠨ ᠪᠣᠷᠣᠯᠠᠭᠤᠯᠬᠤ ᠵᠡᠷᠭᠡ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       32. ᠤᠯᠠᠮᠵᠢᠯᠠᠨ ᠵᠠᠯᠭᠠᠮᠵᠢᠯᠠᠬᠤ᠂ ᠦᠢᠯᠡᠰ ᠪᠦᠲᠦᠭᠡᠬᠦ᠂ ᠬᠠᠮᠢᠶᠠᠷᠬᠤ ᠵᠡᠷᠭᠡ ᠠᠳᠠᠯᠢ ᠪᠤᠰᠤ ᠬᠠᠷᠠᠭᠠᠨ ᠠᠴᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ ᠳᠤ ᠪᠣᠯᠪᠠᠰᠤᠷᠠᠯ ᠬᠦᠷᠲᠡᠭᠡᠬᠦ ᠡᠷᠴᠢᠮ ᠢ ᠴᠢᠩᠭᠠᠷᠠᠭᠤᠯᠤᠨ᠎ᠠ᠃ ᠬᠠᠤᠯᠢ ᠶᠢ ᠰᠠᠬᠢᠭᠰᠠᠨ᠂ ᠪᠣᠯᠪᠠᠰᠤᠨ ᠢᠶᠠᠷ ᠡᠵᠡᠩᠨᠡᠯᠲᠡ ᠬᠢᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠱᠠᠩᠨᠠᠵᠤ᠂ ᠰᠢᠯᠢᠳᠡᠭ ᠬᠤᠪᠢ ᠶᠢᠨ ᠡᠵᠡᠩᠨᠡᠯᠲᠡ ᠬᠢᠵᠦ ᠪᠠᠶᠢᠭ᠎ᠠ ᠬᠥᠳᠡᠯᠮᠦᠷᠢᠯᠡᠭᠴᠢ ᠶᠢ ᠲᠠᠨᠢᠯᠴᠠᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠣᠩᠭᠤᠭᠤᠯᠢ ᠪᠠ ᠬᠥᠳᠡᠯᠮᠦᠷᠢ ᠶᠢᠨ ᠵᠢᠱᠢᠶᠡᠴᠢ ᠶᠢᠨ ᠰᠢᠯᠭᠠᠷᠠᠭᠤᠯᠤᠯᠲᠠ ᠳᠤ ᠣᠷᠣᠯᠴᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠷᠠᠭᠤ ᠠᠯᠳᠠᠷᠲᠤ ᠰᠡᠳᠬᠢᠯᠭᠡ ᠶᠢ ᠳᠡᠭᠡᠭᠰᠢᠯᠡᠭᠦᠯᠦᠨ᠎ᠡ᠃ ᠵᠢᠯ ᠪᠦᠷᠢ ᠬᠤᠰᠢᠭᠤ ᠲᠠᠰ ᠤᠨ ᠲᠡᠷᠢᠭᠦᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠨᠢᠭᠡ ᠤᠳᠠᠭ᠎ᠠ ᠶᠠᠪᠤᠭᠳᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠪᠦᠷᠢᠯᠳᠦᠭᠦᠨ ᠨᠢᠭᠡᠴᠢ︶        ︵ᠠᠷᠪᠠᠨ ᠭᠤᠷᠪᠠ︶ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ       33. ᠡᠯ᠎ᠡ ᠪᠠᠶᠢᠭᠤᠯᠭ᠎ᠠ ᠨᠤᠭᠤᠳ ᠰᠣᠨᠢᠨ ᠮᠡᠳᠡᠭᠡᠨ ᠤ ᠨᠢᠭᠡᠴᠢ ᠳᠤ ᠨᠢᠭᠡᠨᠲᠡ ᠨᠡᠶᠢᠲᠡᠯᠡᠭᠰᠡᠨ ᠡᠯ᠎ᠡ ᠵᠦᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠬᠠᠩᠭᠠᠵᠤ᠂ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠳ ᠲᠧᠯᠸᠢᠰ᠂ ᠷᠠᠳᠢᠣ᠋ ᠨᠡᠪᠲᠡᠷᠡᠭᠦᠯᠭᠡ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ ᠳᠡᠯᠭᠡᠷᠡᠭᠦᠯᠦᠨ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢ ᠵᠢᠯᠤᠭᠤᠳᠬᠤ ᠶᠢ ᠦᠨᠡᠨᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠭᠦᠢᠴᠡᠳ ᠬᠦᠷᠲᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠲᠡᠳᠬᠦᠨ ᠳᠡᠮᠵᠢᠭᠰᠡᠨ ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠢ ᠳ᠋ᠦᠩᠨᠡᠨ ᠳᠡᠯᠭᠡᠷᠡᠭᠦᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠪᠠᠶᠢᠭᠤᠯᠭ᠎ᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠶᠢᠨ ᠰᠠᠨᠠᠯ ᠢ ᠰᠣᠨᠣᠰᠤᠨ᠎ᠠ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ︶       34. ᠬᠤᠪᠢ ᠶᠢᠨ ᠬᠥᠳᠡᠯᠮᠦᠷᠢᠴᠢᠳ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠪᠦᠷᠢᠨᠰᠢᠬᠦᠯᠦᠨ᠂ ᠬᠤᠪᠢ ᠶᠢᠨ ᠬᠥᠳᠡᠯᠮᠦᠷᠢᠴᠢᠳ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠬᠤ ᠶᠢ ᠳᠡᠮᠵᠢᠵᠦ᠂ ᠳᠣᠲᠣᠭᠠᠳᠤ ᠶᠢᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠥᠷᠭᠡᠨ ᠣᠯᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠥᠲᠥᠯᠥᠨ ᠵᠢᠯᠤᠭᠤᠳᠴᠤ ᠪᠥᠬᠦ ᠤᠯᠤᠰ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠰᠦᠯᠵᠢᠶᠡᠨ ᠤ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠴᠢᠳᠠᠮᠵᠢ ᠶᠢ ᠭᠦᠢᠴᠡᠳ ᠠᠰᠢᠭᠯᠠᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠪᠠᠶᠢᠳᠠᠯ ᠢ ᠠᠰᠠᠭᠤᠵᠤ ᠦᠢᠯᠡᠴᠢᠯᠡᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠬᠠᠪᠰᠤᠷᠤᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       35. ᠪᠠᠶᠢᠭᠠᠯᠢ ᠶᠢᠨ ᠭᠠᠮᠰᠢᠭ᠂ ᠠᠳᠡᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠬᠤᠷᠢᠭᠯᠠᠰᠢ ᠦᠭᠡᠢ ᠬᠦᠴᠦᠨ ᠠᠴᠠ ᠪᠣᠯᠵᠤ ᠡᠵᠡᠩᠨᠡᠯᠲᠡ ᠬᠢᠬᠦ ᠳᠤ ᠬᠦᠴᠢᠷᠳᠡᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠲᠠᠩᠰᠠ ᠡᠪᠬᠡᠮᠡᠯ ᠪᠠᠶᠢᠭᠤᠯᠤᠨ ᠳᠠᠩᠰᠠᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠠᠭ ᠳᠠᠷᠤᠢ ᠳᠤᠨᠢ ᠬᠦᠴᠢᠷᠳᠡᠯ ᠢ ᠨᠢ ᠰᠢᠢᠳᠪᠦᠷᠢᠯᠡᠵᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ︶       36. ᠵᠢᠯ ᠪᠦᠷᠢ ᠶᠢᠨ 9 ᠳ᠋ᠦ᠋ᠭᠡᠷ ᠰᠠᠷ᠎ᠠ ︵ᠪᠣᠳᠠᠲᠠᠢ ᠴᠠᠭ ᠬᠤᠭᠤᠴᠠᠭ᠎ᠠ ᠶᠢ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ︶ ᠶᠢ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠰᠠᠷ᠎ᠠ︾ ᠪᠠᠷ ᠲᠣᠭᠲᠠᠭᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ᠂ ᠰᠣᠯᠢᠯᠴᠠᠭ᠎ᠠ ᠬᠠᠮᠲᠤᠷᠠᠯᠴᠠᠭ᠎ᠠ ᠬᠢᠬᠦ᠂ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠵᠡᠷᠭᠡ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ︶       ︵ᠠᠷᠪᠠᠨ ᠳᠥᠷᠪᠡ︶ ︽ᠵᠢᠵᠢᠭ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ︾ ᠤᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ       37. ᠨᠠᠮ ᠤᠨ ᠭᠡᠰᠢᠭᠦᠨ ᠤ ︽ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠬᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠠᠮᠠᠯᠠᠯᠲᠠ ᠪᠠᠨ ᠲᠣᠳᠣᠷᠬᠠᠶᠢᠯᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠤᠨ᠎ᠠ᠃ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ᠂ ᠨᠠᠮ ᠤᠨ ᠵᠠᠷᠤᠳᠠᠯ ᠢ ᠪᠤᠴᠠᠭᠠᠨ ᠥᠭᠬᠦ᠂ ᠬᠠᠮᠢᠶᠠᠷᠤᠯᠲᠠ ᠶᠢᠨ ᠵᠠᠷᠤᠳᠠᠯ ᠳᠤ ᠣᠷᠣᠭᠤᠯᠤᠨ ᠭᠠᠶᠢᠯᠢ ᠲᠤᠰᠢᠶᠠᠬᠤ ᠠᠴᠠ ᠡᠮᠦᠨ᠎ᠡ ᠵᠠᠷᠤᠯᠭ᠎ᠠ ᠳᠤ ᠵᠢᠭᠰᠠᠭᠠᠬᠤ ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠵᠢᠵᠢᠭ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ︾ ᠤᠨ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠵᠢᠵᠢᠭ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ︾ ᠤᠨ ᠨᠠᠮ ᠤᠨ ᠪᠠᠶᠢᠭᠤᠯᠤᠯᠲᠠ ᠶᠢᠨ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠳᠤ ᠴᠠᠭ ᠲᠤᠬᠠᠢ ᠳᠤᠨᠢ ᠨᠠᠷᠢᠯᠢᠭ ᠣᠨᠣᠪᠴᠢᠲᠠᠢ ᠵᠢᠯᠣᠭᠤᠳᠤᠯᠭ᠎ᠠ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶       38. ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠢᠯᠢᠳᠡᠭ ᠨᠠᠮ ᠤᠨ ᠡᠭᠦᠷ ᠪᠠ ᠰᠢᠯᠢᠳᠡᠭ ᠨᠠᠮ ᠤᠨ ᠭᠡᠰᠢᠭᠦᠨ ᠤ ᠲᠡᠷᠢᠭᠦᠨ ᠤ ᠦᠶᠯᠡ ᠶᠠᠪᠤᠳᠠᠯ ᠢ ᠶᠡᠬᠡᠪᠡᠷ ᠤᠬᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠢ ᠪᠣᠶ ᠪᠣᠯᠭᠠᠨ᠎ᠠ᠃ ︽ᠵᠢᠵᠢᠭ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ︾ ᠤᠨ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠠ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︶       ︵ᠠᠷᠪᠠᠨ ᠲᠠᠪᠤ︶ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠎ᠡ       39. ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠰᠠᠭᠤᠳᠠᠯ ᠢ ᠰᠢᠯᠵᠢᠭᠦᠯᠦᠨ ᠰᠢᠢᠳᠪᠦᠷᠢᠯᠡᠬᠦᠯᠬᠦ ᠪᠠ ᠮᠥᠷᠳᠡᠵᠦ ᠱᠠᠭᠠᠷᠳᠠᠨ ᠭᠦᠢᠴᠡᠳᠬᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤ︶       40. ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠷᠬᠡ ᠪᠠᠨ ᠬᠠᠮᠠᠭᠠᠯᠠᠵᠤ ᠲᠡᠳᠬᠦᠬᠦ ᠳᠦᠷᠢᠮ ᠢ ᠪᠦᠷᠢᠨᠰᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠰᠠᠭᠤᠨ ᠯᠠᠪᠯᠠᠬᠤ᠂ ᠠᠯᠪᠠᠨ ᠭᠡᠷᠡᠴᠢᠯᠡᠭᠡ ᠬᠢᠬᠦ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠵᠡᠷᠭᠡ ᠦᠢᠯᠡᠴᠢᠯᠡᠭᠡ ᠬᠠᠩᠭᠠᠵᠤ᠂ ᠭᠡᠷ᠎ᠡ ᠶᠢ ᠭᠦᠢᠴᠡᠳᠬᠡᠬᠦ᠂ ᠬᠥᠳᠡᠯᠮᠦᠷᠢ ᠬᠦᠴᠦᠨ ᠬᠡᠷᠡᠭᠯᠡᠬᠦ ᠵᠡᠷᠭᠡ ᠲᠠᠯ᠎ᠠ ᠶᠢᠨ ᠵᠢᠭᠤᠷᠠᠯᠳᠤᠭᠠᠨ ᠢ ᠵᠢᠯᠣᠭᠤᠳᠤᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ︶       ᠲᠠᠪᠤ᠂ ᠠᠵᠢᠯ ᠤᠨ ᠱᠠᠭᠠᠷᠳᠠᠯᠭ᠎ᠠ       ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠵᠢᠯ ᠤᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯ ᠠᠵᠤ ᠠᠬᠤᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠴᠢᠬᠤᠯᠠ ᠲᠤᠯᠭᠠᠭᠤᠷᠢᠯᠠᠯ ᠮᠥᠨ᠂ ᠡᠯ᠎ᠡ ᠭᠠᠵᠠᠷ ᠡᠯ᠎ᠡ ᠪᠠᠶᠢᠭᠤᠯᠭ᠎ᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ ᠵᠠᠷᠴᠢᠮ ᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠡᠯ᠎ᠡ ᠵᠦᠢᠯ ᠤᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃        ︵ᠬᠤᠶᠠᠷ︶ ᠱᠠᠭᠠᠷᠳᠠᠨ ᠪᠠᠶᠢᠴᠠᠭᠠᠵᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠠᠵᠢᠯ ᠢ ᠬᠤᠰᠢᠭᠤᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠬᠢᠨᠠᠨ ᠰᠢᠯᠭᠠᠷᠠᠭᠤᠯᠬᠤ ᠬᠡᠪᠴᠢᠶᠡᠨ ᠳᠤ ᠣᠷᠣᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠠᠰᠠᠭᠤᠳᠠᠯ ᠢ ᠢᠯᠡᠷᠡᠭᠦᠯᠵᠦ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠬᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠨ᠎ᠠ᠃ ᠰᠠᠷ᠎ᠠ ᠶᠢᠨ ᠮᠥᠷᠳᠡᠨ ᠳᠠᠭᠠᠵᠤ ᠦᠨᠡᠯᠡᠨ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠨ᠎ᠡ᠃ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠬᠠᠮᠤᠭ ᠤᠨ ᠲᠦᠷᠭᠡᠨ ᠨᠠᠶᠢᠳᠠᠪᠤᠷᠢᠵᠢᠭᠤᠯᠬᠤ᠂ ᠪᠠᠷᠢᠮᠵᠢᠶ᠎ᠠ ᠶᠢ ᠬᠠᠮᠤᠭ ᠤᠨ ᠴᠢᠩᠭ᠎ᠠ ᠪᠠᠷ ᠬᠡᠷᠡᠭᠵᠢᠭᠦᠯᠬᠦ᠂ ᠴᠡᠪᠡᠷ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠨ᠂ ᠦᠷ᠎ᠡ ᠪᠦᠲᠦᠮᠵᠢ ᠶᠢ ᠨᠢᠭᠡᠳᠦᠭᠡᠷ ᠹᠷᠣᠨᠲ ᠲᠤ ᠢᠯᠡᠷᠡᠭᠦᠯᠦᠨ᠎ᠡ᠃       ︵ᠭᠤᠷᠪᠠ︶ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠲᠠᠢ ᠤᠶᠠᠯᠳᠤᠭᠤᠯᠵᠤ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶ᠎ᠡ᠂ ᠷᠠᠳᠢᠣ᠋ ᠲᠧᠯᠸᠢᠰ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠤᠬᠠᠭᠤᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠲᠦᠷᠦ ᠶᠢᠨ ᠪᠣᠳᠣᠯᠭ᠎ᠠ ᠪᠠ ᠳᠦᠷᠢᠮ ᠲᠣᠭᠲᠠᠭᠠᠯ ᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠳᠡᠯᠭᠡᠷᠡᠩᠭᠦᠢ ᠥᠷᠨᠢᠭᠦᠯᠦᠨ᠂ ᠥᠪᠡᠷ ᠤᠨ ᠦᠷᠳᠡᠭ ᠢ ᠪᠠᠭᠤᠷᠠᠭᠤᠯᠬᠤ᠂ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠵᠢᠷᠤᠮᠵᠢᠯ ᠢ ᠠᠬᠢᠭᠤᠯᠬᠤ ᠵᠡᠷᠭᠡ ᠰᠢᠷᠢᠰ ᠠᠷᠭ᠎ᠠ ᠬᠡᠮᠵᠢᠶ᠎ᠡ ᠶᠢᠨ ᠮᠡᠳᠡᠪᠡᠰᠦ ᠵᠣᠬᠢᠬᠤ ᠶᠢ ᠨᠢ ᠪᠦᠬᠦᠨ ᠢ ᠮᠡᠳᠡᠭᠦᠯᠵᠦ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠨ ᠠᠰᠢᠭ ᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠳᠤ ᠬᠦᠷᠲᠡᠭᠡᠬᠦ ᠶᠢ ᠠᠬᠢᠭᠤᠯᠤᠨ᠎ᠠ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ