ᠰᠢ ᠶᠢᠨ ᠫᠢᠩ ᠠᠦ᠋ᠰᠲᠷᠠᠯᠢᠶ᠎ᠠ ᠶᠢᠨ ᠶᠡᠷᠦᠩᠬᠡᠢ ᠰᠠᠶᠢᠳ ᠠᠯᠪᠠᠨᠢᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/19
      ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨ᠋ᠸᠶᠢᠷᠦ᠋ ᠶᠢᠨ 11 ᠰᠠᠷ᠎ᠠ ᠶᠢᠨ 18 ᠤ ᠴᠠᠭᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠦ᠋ ᠳ᠋ᠢ ᠿᠧᠨ᠋ᠸᠶᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ ᠠᠦ᠋ᠰᠲᠷᠠᠯᠢᠶ᠎ᠠ ᠶᠢᠨ ᠶᠡᠷᠦᠩᠬᠡᠢ ᠰᠠᠶᠢᠳ ᠠᠯᠪᠠᠨᠢᠰ ᠲᠠᠢ ᠠᠭᠤᠯᠵᠠᠪᠠ᠃
  1.jpg
      ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠦ᠋ ᠳ᠋ᠢ ᠿᠧᠨ᠋ᠸᠶᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ ᠠᠦ᠋ᠰᠲᠷᠠᠯᠢᠶ᠎ᠠ ᠶᠢᠨ ᠶᠡᠷᠦᠩᠬᠡᠢ ᠰᠠᠶᠢᠳ ᠠᠯᠪᠠᠨᠢᠰ ᠲᠠᠢ ᠠᠭᠤᠯᠵᠠᠪᠠ᠃   ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠵᠠᠩ ᠯᠢᠩ ᠰᠡᠭᠦᠳᠡᠷᠯᠡᠪᠡ      ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢᠳᠡ ᠪᠡᠭᠡᠵᠢᠩ ᠳᠤ ᠳᠤᠮᠳᠠᠳᠤ ᠠᠦ᠋ᠰᠲᠷᠠᠯᠢᠶ᠎ᠠ ᠶᠢᠨ ᠬᠠᠷᠢᠯᠴᠠᠭ᠎ᠠ ᠶᠢᠨ ᠠᠯᠤᠰ ᠭᠡᠲᠦ ᠶᠢᠨ ᠬᠥᠭᠵᠢᠯᠲᠡ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ᠂ ᠴᠢᠭᠯᠡᠯ ᠤᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠭᠰᠠᠨ ᠪᠠᠶᠢᠨ᠎ᠠ᠃ ᠵᠢᠯ ᠭᠠᠷᠤᠢ ᠶᠢᠨ ᠲᠤᠷᠰᠢ ᠬᠤᠶᠠᠷ ᠤᠯᠤᠰ ᠤᠨ ᠡᠯ᠎ᠡ ᠲᠡᠰ ᠳᠠᠪᠬᠤᠷᠭ᠎ᠠ ᠶᠢᠨ ᠬᠢᠨ ᠨᠢᠭᠲᠠ ᠣᠯᠣᠯᠴᠠᠭ᠎ᠠ ᠶᠠᠪᠤᠯᠴᠠᠭ᠎ᠠ ᠪᠠᠨ ᠪᠠᠲᠤᠯᠠᠵᠤ᠂ ᠪᠢᠳᠡᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠢᠳᠡᠪᠬᠢᠲᠡᠢ ᠠᠬᠢᠭᠤᠯᠵᠤ᠂ ᠢᠳᠡᠪᠬᠢᠲᠡᠢ ᠠᠬᠢᠴᠠ ᠲᠠᠢ ᠪᠣᠯᠪᠠ᠃ ᠳᠤᠮᠳᠠᠳᠤ ᠠᠦ᠋ᠰᠲᠷᠠᠯᠢᠶ᠎ᠠ ᠶᠢᠨ ᠬᠤᠭᠤᠷᠣᠨᠳᠤ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ ᠶᠢ ᠪᠠᠷᠢᠮᠲᠠᠯᠠᠳᠠᠭ ᠯᠠ ᠶᠤᠮ ᠪᠣᠯ ᠳᠤᠮᠳᠠᠳᠤ ᠠᠦ᠋ᠰᠲᠷᠠᠯᠢᠶ᠎ᠠ ᠶᠢᠨ ᠬᠠᠷᠢᠯᠴᠠᠭ᠎ᠠ ᠯᠠᠪᠲᠠᠢ ᠰᠠᠶᠢᠨ ᠬᠥᠭᠵᠢᠵᠦ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠠᠦ᠋ᠰᠲᠷᠠᠯᠢᠶ᠎ᠠ ᠶᠢᠨ ᠬᠢᠨ ᠲᠠᠢ ᠬᠠᠮᠲᠤ ᠪᠠᠷ ᠨᠡᠩ ᠪᠣᠯᠪᠠᠰᠤᠷᠠᠩᠭᠤᠢ ᠲᠣᠭᠲᠠᠭᠤᠨ᠂ ᠨᠡᠩ ᠪᠠᠶᠠᠯᠢᠭ ᠦᠷ᠎ᠡ ᠪᠦᠲᠦᠭᠡᠯ ᠲᠠᠢ ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠦ ᠴᠢᠨᠠᠷ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠦ᠋ᠰᠲᠷᠠᠯᠢᠶ᠎ᠠ ᠶᠢᠨ 250 ᠭᠠᠷᠤᠢ ᠠᠵᠤ ᠠᠬᠤᠶᠢᠯᠠᠯ ᠡᠨᠡ ᠵᠢᠯ ᠤᠨ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠡᠨᠡ ᠪᠣᠯ ᠠᠦ᠋ᠰᠲᠷᠠᠯᠢᠶ᠎ᠠ ᠶᠢᠨ ᠲᠠᠯ᠎ᠠ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠠᠵᠤ ᠠᠬᠤᠢ ᠪᠣᠯᠣᠨ ᠬᠤᠶᠠᠷ ᠤᠯᠤᠰ ᠤᠨ ᠬᠠᠮᠲᠤᠷᠠᠯᠴᠠᠭ᠎ᠠ ᠳᠤ ᠥᠭᠭᠦᠭᠰᠡᠨ ︽ᠢᠲᠡᠭᠡᠯ ᠤᠨ ᠪᠢᠯᠧᠲ︾ ᠪᠣᠯᠣᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠪᠠᠶᠢᠷᠢᠰᠢᠯ ᠢ ᠥᠷᠭᠡᠳᠬᠡᠬᠦ ᠶᠢ ᠪᠠᠷᠢᠮᠲᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠠᠦ᠋ᠰᠲᠷᠠᠯᠢᠶ᠎ᠠ ᠶᠢᠨ ᠨᠡᠩ ᠤᠯᠠᠨ ᠴᠢᠨᠠᠷ ᠰᠠᠶᠢᠲᠠᠢ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠦ᠋ᠰᠲᠷᠠᠯᠢᠶ᠎ᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠂ ᠠᠦ᠋ᠰᠲᠷᠠᠯᠢᠶ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠢᠯᠡ ᠲᠣᠳᠣ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠠᠦ᠋ᠰᠲᠷᠠᠯᠢᠶ᠎ᠠ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠪᠠ ᠴᠢᠯᠦᠭᠡᠲᠦ ᠠᠷᠠᠯᠵᠢᠶᠠᠨ ᠤ ᠳᠡᠮᠵᠢᠭᠴᠢ᠂ ᠬᠠᠮᠠᠭᠠᠯᠠᠭᠴᠢ ᠮᠥᠨ᠂ ᠬᠤᠶᠠᠷ ᠲᠠᠯ᠎ᠠ ᠪᠠᠷ ᠢᠶᠠᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ᠡᠯ᠎ᠡ ᠤᠯᠤᠰ ᠤᠨ ᠨᠡᠭᠡᠭᠡᠯᠲᠡ ᠶᠢᠨ ᠳᠤᠮᠳᠠ ᠠᠵᠠ ᠲᠣᠭᠢᠶᠠᠯ ᠪᠠ ᠠᠰᠢᠭ ᠲᠤᠰᠠ ᠪᠠᠨ ᠬᠤᠪᠢᠶᠠᠯᠴᠠᠬᠤ ᠶᠢ ᠠᠬᠢᠭᠤᠯᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃
2.jpg
      ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠦ᠋ ᠳ᠋ᠢ ᠿᠧᠨ᠋ᠸᠶᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ ᠠᠦ᠋ᠰᠲᠷᠠᠯᠢᠶ᠎ᠠ ᠶᠢᠨ ᠶᠡᠷᠦᠩᠬᠡᠢ ᠰᠠᠶᠢᠳ ᠠᠯᠪᠠᠨᠢᠰ ᠲᠠᠢ ᠠᠭᠤᠯᠵᠠᠪᠠ᠃   ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠳ᠋ᠢᠩ ᠬᠠᠢ ᠲᠤᠤ ᠰᠡᠭᠦᠳᠡᠷᠯᠡᠪᠡ      ᠠᠯᠪᠠᠨᠢᠰ᠂ ᠠᠦ᠋ᠰᠲᠷᠠᠯᠢᠶ᠎ᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠳᠠᠭᠰᠠᠨ ᠠᠷᠪᠠᠨ ᠵᠢᠯ ᠤᠨ ᠤᠢ ᠶᠢᠨ ᠲᠠᠰᠢᠷᠠᠮ ᠢᠶᠠᠷ ᠲᠡᠷᠢᠭᠦᠯᠡᠭᠴᠢ ᠰᠢ ᠶᠢᠨ ᠫᠢᠩ ᠲᠠᠢ ᠳᠠᠬᠢᠨᠲᠠ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠨᠢᠳᠤᠨᠤᠨ ᠳᠤᠮᠳᠠᠳᠤ ᠤᠯᠤᠰ ᠲᠤ ᠠᠶᠢᠯᠴᠢᠯᠠᠬᠰᠠᠨ ᠠᠴᠠ ᠨᠠᠭᠠᠰᠢ ᠠᠦ᠋ᠰᠲᠷᠠᠯᠢᠶ᠎ᠠ ᠳᠤᠮᠳᠠᠳᠤ ᠶᠢᠨ ᠬᠠᠷᠢᠯᠴᠠᠭ᠎ᠠ ᠨᠢ ᠠᠷᠠᠯᠵᠢᠶ᠎ᠠ ᠶᠢ ᠪᠠᠭᠲᠠᠭᠠᠭᠰᠠᠨ ᠡᠯ᠎ᠡ ᠬᠦᠷᠢᠶᠡᠨ ᠳᠤ ᠬᠥᠮᠥᠰ ᠢ ᠵᠣᠷᠢᠭᠵᠢᠭᠤᠯᠤᠮ᠎ᠠ ᠠᠬᠢᠯᠲᠠ ᠲᠠᠢ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠲᠤᠰᠠ ᠣᠯᠭᠤᠭᠰᠠᠨ ᠪᠠᠶᠢᠨ᠎ᠠ᠃ ᠠᠦ᠋ᠰᠲᠷᠠᠯᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ︽ᠬᠠᠷᠢᠴᠠᠭ᠎ᠠ ᠪᠠᠨ ᠲᠠᠰᠤᠯᠬᠤ︾ ᠶᠢ ᠡᠰᠡᠷᠭᠦᠴᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠶᠢ ᠰᠠᠨᠠᠭᠠᠴᠢᠯᠠᠵᠤ᠂ ᠳᠤᠮᠳᠠᠳᠤ ᠤᠯᠤᠰ ᠯᠤᠭ᠎ᠠ ᠡᠨᠧᠷᠭᠢ ᠶᠢᠨ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠤᠷᠲᠤ ᠬᠤᠭᠤᠴᠠᠭ᠎ᠠ ᠪᠠᠷ ᠲᠣᠭᠲᠠᠭᠤᠨ ᠪᠠ ᠨᠡᠮᠡᠭᠳᠡᠯ ᠢᠶᠠᠨ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠂ ᠠᠦ᠋ᠰᠲᠷᠠᠯᠢᠶ᠎ᠠ ᠶᠢᠨ ᠬᠢᠨ ᠳᠤᠮᠳᠠᠳᠤ ᠤᠯᠤᠰ ᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠢ ᠮᠠᠭᠲᠠᠨ ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠤᠨ 2026 ᠣᠨ ᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠷᠭᠢᠯᠡᠭᠴᠢ ᠤᠯᠤᠰ ᠪᠤᠯᠬᠤ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠣᠯᠣᠯᠴᠠᠭ᠎ᠠ ᠪᠠᠨ ᠴᠢᠩᠭᠠᠳᠬᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠ ᠴᠡᠴᠡᠭᠯᠡᠯ ᠬᠥᠭᠵᠢᠯ ᠢ ᠠᠬᠢᠭᠤᠯᠤᠨ᠎ᠠ ᠭᠡᠵᠦ ᠢᠯᠡᠳᠬᠡᠪᠡ᠃      ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ