ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠭᠤᠣᠯ ᠰᠢᠵᠢᠮ ᠪᠣᠯᠣᠨ᠎ᠠ᠂ ᠬᠥ᠋ ᠶᠧ ᠨᠡᠶᠢᠭᠡᠮ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ︽ᠭᠤᠷᠪᠡ ᠪᠠᠷ ᠭᠤᠣᠯ ᠪᠣᠯᠭᠠᠬᠤ︾ | ᠠᠵᠢᠯ ᠤᠨ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ︽ᠰᠢᠨ᠎ᠡ ᠪᠠᠶᠢᠷᠢᠰᠢᠯ︾ | ᠢ ᠪᠤᠢ ᠪᠣᠯᠭᠠᠪᠠ᠃ ᠭᠦ᠋ ᠶᠧ ᠨᠡᠶᠢᠭᠡᠮ ᠲᠣᠭᠤᠷᠢᠭ ᠤᠨ ᠬᠢᠨ ᠢᠮᠠᠭᠲᠠ ᠨᠠᠮ ᠤᠨ ᠪᠠᠶᠢᠭᠤᠯᠤᠯᠲᠠ ᠶᠢ ᠠᠵᠢᠯ ᠢᠶᠠᠨ ᠠᠬᠢᠭᠤᠯᠬᠤ ᠬᠦᠴᠦᠯᠡᠬᠦ ᠴᠡᠭ ᠪᠠ ᠭᠠᠷᠳᠠᠬᠤ ᠴᠡᠭ | ᠪᠣᠯᠭᠠᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ︽ | ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠭᠤᠣᠯ ᠠᠴᠢᠶᠠᠯᠠᠪᠤᠷᠢ ᠪᠣᠯᠭᠠᠨ᠂ ᠦᠨᠳᠦᠰᠦᠲᠡᠨ ᠨᠦᠭᠦᠳ ᠤᠨ | ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠭᠤᠯᠬᠤ ᠶᠢ | ᠥᠷᠭᠡᠨ ᠢᠶᠠᠷ ᠳᠠᠶᠢᠴᠢᠯᠠᠪᠠ᠃ ᠤᠬᠠᠭᠤᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠨᠡᠶᠢᠲᠡ ᠶᠢᠨ ᠳ᠋ᠤᠭᠠᠷ᠂ ᠰᠠᠭᠤᠭᠠᠯᠢ ᠠᠷᠠᠳ ᠤᠨ ᠸᠢᠴᠠᠲ ᠤᠨ | ᠬᠤᠯᠪᠣᠭ᠎ᠠ ᠵᠡᠷᠭᠡ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠤᠨ᠂ 33 ᠵᠤᠷᠪᠤᠰ ᠤᠬᠠᠭᠤᠯᠭ᠎ᠠ ᠶᠢᠨ ᠮᠡᠳᠡᠭᠡ ᠵᠠᠩᠭᠢ ᠶᠢ ᠳᠠᠮᠵᠢᠭᠤᠯᠵᠤ᠂ ᠣᠯᠠᠨ ᠲᠦᠮᠡᠨ ᠳᠤ | 200 ᠭᠠᠷᠤᠢ ᠬᠤᠪᠢ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠮᠡᠳᠡᠯᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠯᠴᠠᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠢ ᠬᠠᠮᠲᠤ ᠪᠠᠷ ᠪᠡᠶᠡᠯᠡᠭᠦᠯᠬᠦ︾ ᠵᠠᠷᠯᠠᠯ ᠢ 30 | ᠭᠠᠷᠤᠢ ᠨᠠᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠦᠷᠢᠯᠳᠦᠭᠦᠯᠪᠡ᠃ | ᠰᠣᠶᠣᠯ ᠢᠶᠠᠷ ᠬᠥᠲᠥᠯᠥᠨ ᠳᠠᠭᠠᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ︽ᠢᠵᠢᠯ ᠲᠥᠪᠲᠦ ᠲᠣᠭᠤᠷᠢᠭ︾ ᠢ | ᠰᠠᠶᠢᠲᠤᠷ ᠵᠢᠷᠤᠪᠠ᠃ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠᠷ | ᠳᠠᠮᠵᠢᠭᠤᠯᠤᠨ ︽ᠬᠠᠮᠲᠤ ᠬᠤᠭᠤᠯᠠᠯᠠᠵᠤ᠂ ᠪᠠᠶᠠᠷ ᠤᠨ ᠡᠳᠦᠷ ᠢ ᠬᠠᠮᠲᠤ ᠳᠠᠭᠠᠨ ᠥᠩᠭᠡᠷᠡᠭᠦᠯᠬᠦ︾ ᠠᠵᠢᠯᠯᠠᠭ᠎ᠠ ᠶᠢ ᠢᠳᠡᠪᠬᠢᠲᠡᠢ ᠶᠠᠪᠤᠭᠳᠠᠭᠤᠯᠵᠤ᠂ ᠪᠠᠶᠠᠯᠢᠭ ᠠᠭᠤᠯᠭ᠎ᠠ | ᠲᠠᠢ ᠰᠣᠶᠣᠯ ᠲᠠᠮᠢᠷ ᠤᠨ ᠠᠵᠢᠯᠯᠠᠭ᠎ᠠ ᠶᠢ ᠳᠡᠯᠭᠡᠷᠡᠩᠭᠦᠢ ᠥᠷᠨᠢᠭᠦᠯᠦᠨ᠂ ᠡᠯ᠎ᠡ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠵᠢᠴᠢ ᠴᠢᠬᠤᠯᠠ ᠴᠠᠭ ᠬᠤᠭᠤᠴᠠᠭᠠᠨ ᠳᠤ | ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠯᠠᠮᠵᠢᠯᠠᠯ ᠤᠨ ᠰᠣᠶᠣᠯ᠂ ᠨᠠᠢᠮᠠᠨ ᠰᠠᠷ᠎ᠠ ᠶᠢᠨ ᠨᠢᠭᠡᠨ ᠤ | ᠴᠡᠷᠢᠭ ᠪᠠᠶᠢᠭᠤᠯᠤᠭᠳᠠᠭᠰᠠᠨ ᠪᠠᠶᠠᠷ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ᠂ ᠳᠣᠯᠣᠭᠠᠨ ᠰᠠᠷ᠎ᠠ ᠶᠢᠨ ᠠᠷᠪᠠᠨ ᠲᠠᠪᠤᠨ ᠤ | ᠪᠣᠳᠠᠰ ᠤᠨ ᠪᠤᠰᠤ ᠰᠣᠶᠣᠯ ᠤᠨ ᠥᠪ ᠪᠣᠯᠬᠤ ᠭᠤᠯᠢᠷ ᠢᠶᠠᠷ ᠬᠦᠮᠦᠨ ᠵᠠᠰᠠᠬᠤ ᠠᠵᠢᠯᠯᠠᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ᠂ | ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠶᠢ 52 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 3000 | ᠭᠠᠷᠤᠢ ᠬᠦᠮᠦᠨ ᠣᠷᠣᠯᠴᠠᠨ᠂ ᠤᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠦᠢᠯᠡᠳᠦᠯᠭᠡ ᠶᠢᠨ ᠠᠵᠢᠯᠯᠠᠭ᠎ᠠ ᠪᠠᠷ ᠤᠬᠠᠭᠤᠯᠭ᠎ᠠ ᠬᠥᠮᠦᠵᠢᠯ ᠢ ᠪᠦᠲᠦᠮᠵᠢᠲᠡᠶ | ᠰᠠᠶᠢᠲᠤᠷ ᠬᠢᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠢᠳᠡᠪᠬᠢᠲᠡᠢ ᠪᠣᠶᠢᠵᠢᠭᠤᠯᠵᠤ ᠦᠢᠯᠡᠳᠦᠯᠭᠡᠵᠢᠭᠦᠯᠦᠨ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃ ︽ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ︾ ᠳᠤ ᠲᠦᠰᠢᠭᠯᠡᠨ ᠪᠢᠴᠢᠬᠠᠨ ᠨᠠᠶᠢᠵᠠ ᠨᠠᠷ ᠤᠨ ᠳᠤᠮᠳᠠ ᠵᠢᠵᠢᠭ ᠠᠨᠠᠷ ᠤᠨ ᠦᠷ᠎ᠡ ᠶᠢᠨ | ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠤᠬᠠᠭᠤᠯᠵᠤ ᠲᠠᠶᠢᠯᠪᠤᠷᠢᠯᠠᠨ᠂ ᠦᠵᠡᠯ | ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠲᠦᠮᠵᠢᠲᠡᠢ ᠪᠠᠲᠤᠳᠬᠠᠪᠠ᠃ | ᠤᠯᠠᠨ ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ︽ᠰᠡᠳᠬᠢᠯ ᠢ ᠳᠤᠯᠠᠭᠠᠴᠠᠭᠤᠯᠬᠤ ᠠᠶᠠᠰ︾ ᠢ | ᠴᠢᠪᠬᠠᠳᠠᠪᠠ᠃ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠲᠡᠨ ᠤ ᠪᠦᠯᠬᠦᠮᠳᠡᠯ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠠᠵᠢᠯᠯᠠᠭ᠎ᠠ ᠲᠠᠢ | ᠤᠶᠠᠯᠳᠤᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠲᠦᠰᠢᠭᠯᠡᠨ᠂ ᠰᠠᠶᠢᠨ ᠳᠤᠷᠠᠴᠤᠳ ᠤᠨ ᠦᠢᠯᠡᠴᠢᠯᠡᠭᠡᠨ ᠤ | ᠡᠩᠨᠡᠭᠡ ᠶᠢ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠪᠠ ᠵᠠᠮ ᠢ | ᠬᠠᠲᠠᠭᠤᠷᠠᠭᠤᠯᠬᠤ ᠵᠡᠷᠭᠡ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ︽ᠳᠥᠷᠪᠡᠨ ᠪᠢᠴᠢᠯ︾ ᠤᠨ | ᠠᠵᠢᠯᠯᠠᠭ᠎ᠠ ᠶᠢ ᠳᠡᠯᠭᠡᠷᠡᠩᠭᠦᠢ ᠥᠷᠨᠢᠭᠦᠯᠦᠨ᠂ ᠨᠡᠶᠢᠭᠡᠮ ᠲᠣᠭᠤᠷᠢᠭ ᠤᠨ ᠪᠢᠴᠢᠯ ᠠᠵᠢᠯ ᠢ 33 ᠤᠳᠠᠭ᠎ᠠ ᠬᠢᠵᠦ᠂ ᠰᠠᠭᠤᠭᠠᠯᠢ ᠠᠷᠠᠳ ᠤᠨ ᠪᠢᠴᠢᠯ ᠬᠦᠰᠡᠯ ᠢ 21 | ᠪᠡᠶᠡᠯᠡᠭᠦᠯᠦᠨ᠂ ᠵᠠᠰᠠᠯᠲᠠ ᠶᠢᠨ ᠪᠢᠴᠢᠯ ᠰᠠᠨᠠᠭᠤᠯᠭ᠎ᠠ ᠶᠢ 120 ᠭᠠᠷᠤᠢ ᠴᠤᠭᠯᠠᠭᠤᠯᠵᠤ᠂ ᠦᠨᠳᠦᠰᠦᠲᠡᠨ ᠤ ᠪᠢᠴᠢᠯ ᠶᠠᠪᠤᠳᠠᠯ ᠢ 11 ᠰᠢᠢᠳᠪᠦᠷᠢᠯᠡᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠶ᠎ᠠ | ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠭᠡᠷ ᠤᠨ ᠡᠭᠦᠳᠡᠨ ᠳᠠᠬᠢ ᠰᠢᠯᠢᠳᠡᠭ ᠦᠢᠯᠡᠴᠢᠯᠡᠭᠡ ᠬᠠᠩᠭᠠᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠠᠭᠤᠰᠤᠯᠴᠠᠬᠤ ᠲᠥᠷᠥᠭᠳᠡᠯ ᠪᠣᠯᠣᠨ ᠬᠠᠷᠢᠶᠠᠯᠠᠭᠳᠠᠬᠤ ᠲᠥᠷᠥᠭᠳᠡᠯ ᠢ ᠨᠡᠮᠡᠭᠳᠡᠭᠦᠯᠪᠡ᠃ | | | | | |