ᠣᠲᠤᠭ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ
ᠨᠡᠶᠢᠲᠡᠯᠡᠭᠰᠡᠨ ᠴᠠᠭ᠄
2024/11/26
图片1.png
         ᠬᠥᠲᠥᠯᠥᠭᠴᠢ᠄ ᠰᠦᠯᠵᠢᠶᠡᠨ ᠤ ᠨᠠᠶᠢᠵᠠ ᠨᠠᠷ ᠰᠠᠶᠢᠨ ᠪᠠᠶᠢᠨ᠎ᠠ ᠦᠦ︕ ᠲᠠ ᠪᠦᠬᠦᠨ ᠤ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠳᠤ ᠴᠢᠨᠢ ᠲᠠᠯᠠᠷᠬᠠᠵᠤ ᠪᠠᠶᠢᠨ᠎ᠠ᠃       ᠥᠨᠥ ᠵᠢᠯ ᠤᠨ 1 ᠳ᠋ᠦ᠋ᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ︽ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 ︱ 2026 ᠣᠨ︶︾ ᠢ ᠳᠠᠷᠤᠮᠠᠯᠯᠠᠨ ᠲᠠᠷᠬᠠᠭᠠᠵᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠡᠢ᠃ ᠪᠥᠬᠦ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠣᠲᠤᠭ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ︽ᠣᠲᠤᠭ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠤᠭᠤᠮᠳᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2024 ︱ 2026 ᠣᠨ︶︾ ᠢ ᠲᠣᠭᠲᠠᠭᠠᠨ ᠨᠡᠶᠢᠲᠡᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ ᠠᠳᠡᠯ ᠤᠨ ᠳᠠᠯᠳᠠ ᠬᠡᠮ ᠢ ᠦᠨᠳᠦᠰᠦ ᠠᠴᠠ ᠨᠢ ᠠᠷᠢᠯᠭᠠᠵᠤ᠂ ᠣᠨᠴᠠ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠪᠠ᠃ ᠥᠨᠥᠳᠥᠷ᠂ ᠪᠢᠳᠡ ᠣᠲᠤᠭ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢ ᠵᠥᠩ ᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠦᠩ ᠳᠠᠭᠠᠨ ᠤᠷᠢᠵᠤ᠂ ᠰᠦᠯᠵᠢᠶᠡᠨ ᠤ ᠨᠠᠶᠢᠵᠠ ᠨᠠᠷ ᠲᠤ ᠮᠠᠨ ᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠤᠭᠤᠮᠳᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠣᠯ ᠠᠭᠤᠯᠭ᠎ᠠ᠂ ᠠᠵᠢᠯ ᠤᠨ ᠠᠬᠢᠴᠠ ᠶᠢᠨ ᠪᠠᠶᠢᠳᠠᠯ ᠵᠡᠷᠭᠡ ᠪᠠᠶᠢᠳᠠᠯ ᠢ ᠬᠤᠪᠢᠶᠠᠯᠴᠠᠭᠤᠯᠬᠤ ᠪᠠᠷ ᠪᠣᠯᠤᠯ᠎ᠠ᠃       ᠯᠢ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠶ᠎ᠠ᠃       ᠯᠢ ᠵᠥᠩ᠄ ᠬᠥᠲᠥᠯᠥᠭᠴᠢ ᠰᠠᠶᠢᠨ ᠦᠦ᠂ ᠰᠦᠯᠵᠢᠶᠡᠨ ᠤ ᠨᠠᠶᠢᠵᠠ ᠨᠠᠷ ᠰᠠᠶᠢᠨ ᠦᠦ︖ ᠵᠠᠭᠤᠴᠢᠯᠠᠭᠤᠷ᠂ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ  ᠠᠩᠬᠠᠷᠤᠨ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ᠃       ᠬᠥᠲᠥᠯᠥᠭᠴᠢ᠄ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠡᠳ ᠨᠢᠭᠡ ᠵᠢᠯ ᠰᠢᠬᠠᠮ ᠪᠣᠯᠵᠤ ᠪᠠᠶᠢᠨ᠎ᠠ᠂ ᠮᠠᠨ ᠤ ᠬᠤᠰᠢᠭᠤ ᠠᠵᠢᠯ ᠢ ᠠᠬᠢᠭᠤᠯᠬᠤ ᠶᠠᠪᠤᠴᠠ ᠳᠠᠭᠠᠨ ᠶᠠᠮᠠᠷ ᠶᠠᠮᠠᠷ ᠬᠦᠴᠦᠲᠡᠢ ᠠᠷᠭ᠎ᠠ ᠬᠡᠮᠵᠢᠶ᠎ᠡ ᠠᠪᠤᠭᠰᠠᠨ ᠪᠣᠶ︖       ᠯᠢ ᠵᠦᠩ᠄ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠪᠦᠬᠦ ᠣᠷᠣᠨ ᠪᠦᠬᠦ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠪᠥᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠣᠲᠤᠭ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ  ᠲᠠᠷᠬᠠᠭᠠᠪᠠ᠂ ᠡᠭᠦᠨ ᠳᠤ 1 ᠶᠡᠷᠦᠩᠬᠡᠢ ᠬᠡᠷᠡᠭᠵᠢᠭᠦᠯᠬᠦ ᠲᠥᠰᠥᠯ ᠪᠠ 27 ᠬᠤᠪᠢᠶᠠᠷᠢ ᠲᠥᠰᠥᠯ ᠢ ᠪᠠᠭᠲᠠᠭᠠᠭᠰᠠᠨ ᠪᠥᠭᠡᠳ 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠢᠵᠦ᠂ ᠡᠯ᠎ᠡ ᠭᠠᠵᠠᠷ ᠡᠯ᠎ᠡ ᠪᠠᠶᠢᠭᠤᠯᠭ᠎ᠠ ᠪᠠ ᠠᠵᠤ ᠠᠬᠤᠶᠢᠯᠠᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠡᠭᠦᠷᠢᠳᠡ ᠴᠢᠷᠮᠠᠶᠢᠬᠤ ᠶᠢ ᠳᠠᠶᠢᠴᠢᠯᠠᠪᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠡᠷᠡ ᠳᠠᠷᠤᠢ ᠳᠤᠨᠢ ︽ᠣᠲᠤᠭ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠤᠭᠤᠮᠳᠡ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠠᠵᠢᠯ ᠤᠨ ᠳᠦᠷᠢᠮ︾᠂ ︽ᠵᠠᠰᠠᠭ ᠤᠨ ᠣᠷᠳᠣᠨ ᠤ ᠤᠳᠤᠷᠢᠳᠬᠤ ᠪᠠᠭ ᠤᠨ 2024 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠪᠠᠶᠢᠭᠤᠯᠵᠤ᠂ ᠡᠯ᠎ᠡ ᠲᠤᠰᠬᠠᠢ ᠰᠡᠳᠦᠪᠲᠦ ᠲᠤᠰᠬᠠᠢ ᠠᠵᠢᠯᠯᠠᠭ᠎ᠠ ᠶᠢᠨ ᠪᠣᠳᠠᠲᠠᠢ ᠡᠭᠦᠷᠭᠡ᠂ ᠬᠠᠷᠢᠭᠤᠴᠠᠯᠭᠠᠲᠤ ᠪᠠᠶᠢᠭᠤᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠳᠤᠲᠤᠷᠬᠠᠶᠢᠯᠠᠨ᠂ ᠭᠤᠷᠪᠠᠨ ᠵᠢᠯ ᠤᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠳᠤ ᠳᠦᠷᠢᠮ ᠤᠨ ᠪᠠᠲᠤᠯᠠᠭ᠎ᠠ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ᠡᠯ᠎ᠡ ᠲᠤᠰᠬᠠᠢ ᠰᠡᠳᠦᠪᠲᠦ ᠲᠤᠰᠬᠠᠢ ᠡᠭᠦᠷᠭᠡ ᠶᠢ ᠴᠠᠭ ᠲᠤᠬᠠᠢ ᠳᠤᠨᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠡᠭᠦᠷᠭᠡ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠵᠣᠬᠢᠴᠠᠭᠤᠯᠵᠤ᠂ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠶᠢ ᠠᠬᠢᠭᠤᠯᠪᠠ᠃ ᠡᠭᠦᠨ ᠤ ᠬᠠᠮᠲᠤ᠂ ᠣᠨ ᠤ ᠬᠢᠨᠠᠨ ᠰᠢᠯᠭᠠᠷᠠᠭᠤᠯᠤᠯᠲᠠ ᠰᠢᠯᠭᠠᠨ ᠬᠤᠷᠢᠶᠠᠯᠲᠠ ᠪᠠ ᠲᠤᠰᠬᠠᠢ ᠬᠢᠨᠠᠨ ᠵᠢᠯᠣᠭᠤᠳᠤᠯᠭ᠎ᠠ ᠲᠠᠢ ᠤᠶᠠᠯᠳᠤᠭᠤᠯᠤᠨ᠂ ᠡᠯ᠎ᠡ ᠭᠠᠵᠠᠷ ᠪᠣᠯᠣᠨ ᠲᠦᠷᠦᠭᠦᠯᠡᠨ ᠬᠢᠬᠦ ᠪᠠᠶᠢᠭᠤᠯᠭ᠎ᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠭᠰᠡᠨ ᠪᠥᠭᠡᠳ ︽ᠠᠶᠤᠯᠭᠦᠢ ᠦᠢᠯᠡᠳᠪᠦᠷᠢᠯᠡᠯ ᠤᠨ ᠱᠠᠭᠠᠷᠳᠠᠨ ᠪᠠᠶᠢᠴᠠᠭᠠᠯᠲᠠ ᠶᠢᠨ ᠮᠡᠳᠡᠭᠡᠯᠡᠯ︾ ᠢ ᠴᠠᠭ ᠲᠤᠬᠠᠢ ᠳᠤᠨᠢ 2 ᠬᠤᠭᠤᠴᠠᠭ᠎ᠠ ᠪᠠᠭᠤᠯᠭᠠᠨ᠂ ᠴᠢᠭᠯᠡᠯᠲᠡ ᠴᠢᠨᠠᠷᠲᠠᠢ ᠪᠠᠷ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃       ᠬᠥᠲᠥᠯᠥᠭᠴᠢ᠄ ᠯᠢ ᠲᠣᠪᠴᠢᠶᠠᠨ ᠳᠠᠷᠤᠭ᠎ᠠ ᠡ᠂ ᠳᠠᠷᠠᠭ᠎ᠠ ᠠᠯᠬᠤᠮ ᠳᠤ᠂ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠲᠠᠯ᠎ᠠ ᠪᠠᠷ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖       ᠯᠢ ᠵᠦᠩ᠄ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠳᠡᠭᠡᠷ᠎ᠡ ᠠᠴᠠ ᠳᠣᠷᠣᠭᠰᠢ ᠪᠠᠨ ᠪᠠᠶᠢᠷᠢᠯᠠᠭᠤᠯᠤᠭᠰᠠᠨ ᠴᠢᠬᠤᠯᠠ ᠶᠡᠭᠡ ᠠᠵᠢᠯᠯᠠᠭ᠎ᠠ ᠪᠣᠯᠣᠨ᠎ᠠ᠃ ᠳᠠᠷᠠᠭ᠎ᠠ ᠠᠯᠬᠤᠮ ᠳᠤ᠂ ᠪᠢᠳᠡ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ ᠱᠠᠲᠤ ᠦᠶ᠎ᠡ ᠶᠢᠨ ᠲᠣᠬᠢᠷᠠᠭᠤᠯᠤᠯᠲᠠ ᠲᠠᠢ ᠴᠢᠩᠭ᠎ᠠ ᠬᠠᠷᠢᠴᠠᠭᠤᠯᠤᠨ᠂ ᠭᠤᠷᠪᠠᠨ ᠵᠢᠯ ᠤᠨ ᠠᠵᠢᠯᠯᠠᠭ᠎ᠠ ᠶᠢ ᠴᠢᠨᠠᠷ ᠰᠠᠶᠢᠲᠠᠢ ᠠᠬᠢᠭᠤᠯᠵᠤ᠂ ︽ᠳᠥᠷᠪᠡᠨ ᠲᠤᠯᠭᠠᠭᠤᠷᠢᠯᠠᠯ︾ ᠢ ᠴᠢᠩᠭᠠᠳᠬᠠᠨ᠎ᠠ᠄ ᠨᠢᠭᠡ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠭᠤᠣᠯᠳᠠᠯᠭ᠎ᠠ ᠲᠠᠢ ᠵᠦᠢᠯᠡᠰ ᠤᠨ ᠵᠢᠯᠤᠭᠤᠳᠬᠤ ᠭᠠᠷᠴᠠᠭ ᠢ ᠴᠢᠩᠭ᠎ᠠ ᠬᠡᠷᠡᠭᠵᠢᠭᠦᠯᠦᠨ᠂ ᠬᠥᠮᠥᠨ ᠴᠤᠭᠯᠠᠷᠠᠬᠤ᠂ ᠬᠡᠪ ᠤᠨ ᠪᠤᠰᠤ ᠠᠵᠢᠯ ᠤᠨ ᠪᠠᠶᠢᠳᠠᠯ ᠢ ᠰᠢᠢᠳᠪᠦᠷᠢᠯᠡᠬᠦ᠂ ᠪᠠᠶᠢᠴᠠᠭᠠᠵᠤ ᠰᠡᠯᠪᠢᠨ ᠵᠠᠰᠠᠬᠤ᠂ ᠣᠨᠴᠠᠭᠠᠶ ᠠᠵᠢᠯ ᠬᠢᠬᠦ ᠵᠡᠷᠭᠡ ᠡ᠊ᠨᠳᠡᠯ ᠤᠯᠠᠨ ᠭᠠᠷᠳᠠᠭ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠴᠢᠩᠭ᠎ᠠ ᠪᠠᠶᠢᠴᠠᠭᠠᠵᠤ ᠰᠢᠢᠳᠪᠦᠷᠢᠯᠡᠨ᠂ ᠡᠷᠡᠭᠦᠦ ᠶᠢᠨ ᠰᠢᠢᠳᠬᠡᠯ ᠲᠠᠢ ᠵᠣᠯᠭᠠᠭᠤᠯᠬᠤ ᠶᠢ ᠴᠢᠩᠭᠠᠳᠬᠠᠵᠤ᠂ ᠬᠤᠯᠪᠤᠭᠠᠯᠠᠨ ᠵᠠᠯᠬᠠᠭᠠᠵᠤ ᠴᠡᠭᠡᠷᠯᠡᠭᠦᠯᠦᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢᠨ ᠰᠦᠷᠳᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠣᠨᠳᠣᠣ ᠭᠠᠵᠠᠷ ᠲᠤ ᠰᠣᠯᠪᠢᠴᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠪᠠᠶᠢᠭᠤᠯᠭ᠎ᠠ ᠬᠠᠮᠲᠤᠷᠠᠵᠤ ᠬᠠᠤᠯᠢ ᠬᠡᠷᠡᠭᠵᠢᠭᠦᠯᠦᠨ᠂ ᠬᠠᠤᠯᠢ ᠬᠡᠷᠡᠭᠵᠢᠭᠦᠯᠦᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠬᠤᠶᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠳᠬᠠᠨ᠎ᠠ᠃ 2024 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠨᠢᠭᠡᠳᠦᠯᠲᠡᠢ ᠲᠦᠯᠦᠪᠯᠡᠨ ᠪᠠᠶᠢᠭᠤᠯᠵᠤ᠂ ᠭᠠᠳᠠᠨᠠᠬᠢ ᠲᠤᠰᠬᠠᠢ ᠮᠡᠷᠭᠡᠵᠢᠯ ᠤᠨ ᠬᠦᠴᠦᠨ ᠢ ᠭᠦᠢᠴᠡᠳ ᠠᠰᠢᠭᠯᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ︽ᠣᠷᠳᠣᠰ ᠬᠤᠲᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾ ᠯᠦᠭᠡ ᠬᠠᠷᠢᠯᠴᠠᠨ ᠵᠣᠯᠭᠠᠭᠤᠯᠬᠤ ᠶᠢ ᠴᠢᠩᠭᠠᠳᠬᠠᠵᠤ᠂ ︽ᠣᠲᠤᠭ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾ ᠳᠤ ᠵᠠᠰᠠᠪᠤᠷᠢ ᠣᠷᠣᠭᠤᠯᠤᠨ᠂ ᠪᠣᠯᠪᠠᠰᠤᠷᠠᠯ ᠬᠢᠬᠦ᠂ ᠠᠵᠢᠯᠯᠠᠭᠠᠨ ᠤ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠬᠠᠭᠤᠯᠤᠨ  ᠲᠣᠭᠤᠰᠢᠯᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ ︽ᠣᠲᠤᠭ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤ᠂ ᠪᠠᠶᠢᠭᠤᠯᠭ᠎ᠠ ᠨᠤᠭᠤᠳ ᠤᠨ ᠡᠯ᠎ᠡ ᠲᠤᠰᠬᠠᠢ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ ᠲᠣᠭᠲᠠᠯᠴᠠᠭ᠎ᠠ ᠶᠢᠨ ᠡᠬᠡ ᠲᠠᠩᠰᠠ ᠶᠢ ᠪᠦᠷᠢᠯᠳᠦᠭᠦᠯᠦᠨ᠂ ᠡᠯ᠎ᠡ ᠰᠤᠮᠤ ᠪᠠᠯᠭᠠᠰᠤ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠤᠨ᠎ᠠ᠃ ᠳᠥᠷᠪᠡ ᠳᠤ ᠴᠢᠳᠠᠪᠤᠷᠢᠲᠠᠨ ᠤ ᠡᠩᠨᠡᠭᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠰᠣᠩᠭᠤᠨ ᠰᠢᠯᠭᠠᠷᠠᠭᠤᠯᠬᠤ᠂ ᠤᠷᠢᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠬᠡᠯᠪᠡᠷᠢ ᠪᠠᠷ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠡᠭᠦᠯᠳᠡᠷᠵᠢᠭᠦᠯᠵᠦ᠂ 2025 ᠣᠨ ᠳᠤ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠶᠢᠵᠢᠭᠰᠠᠨ ᠬᠠᠷᠢᠴᠠᠯ ᠢ 75% ᠳᠤ ᠬᠦᠷᠭᠡᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠲᠤᠰᠬᠠᠢ ᠮᠡᠷᠭᠡᠵᠢᠯ ᠤᠨ ᠬᠢ ᠪᠣᠯᠭᠠᠭᠰᠠᠨ ᠡᠭᠦᠷᠭᠡ ᠶᠢ ᠪᠡᠶᠡᠯᠡᠭᠦᠯᠦᠨ᠎ᠡ᠃       ᠡᠭᠦᠨ ᠤ ᠵᠡᠷᠭᠡᠪᠡᠷ ᠪᠢᠳᠡ ᠪᠠᠰᠠ ︽ᠭᠤᠷᠪᠠ ᠶᠢ ᠰᠠᠶᠢᠲᠤᠷ ᠬᠡᠷᠡᠭᠯᠡᠬᠦ︾ ᠪᠠᠷ ᠳᠠᠮᠵᠢᠭᠤᠯᠤᠨ ᠭᠤᠷᠪᠠᠨ ᠵᠢᠯ ᠤᠨ ᠠᠵᠢᠯᠯᠠᠭ᠎ᠠ ᠳᠤ ᠪᠣᠳᠠᠲᠤ ᠪᠦᠲᠦᠮᠵᠢ ᠣᠯᠬᠤ  ᠶᠢ ᠠᠬᠢᠭᠤᠯᠬᠤ ᠪᠣᠯᠣᠨ᠎ᠠ᠃ ᠨᠢᠭᠡ ᠳᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠲᠠᠪᠴᠠᠩ ᠤᠨ ᠠᠴᠢᠶᠠᠯᠠᠪᠤᠷᠢ ᠶᠢ ᠰᠠᠶᠢᠨ ᠬᠡᠷᠡᠭᠯᠡᠨ᠎ᠡ᠃ ᠱᠠᠭᠠᠷᠳᠠᠨ ᠪᠠᠶᠢᠴᠠᠭᠠᠬᠤ᠂ ᠲᠣᠬᠢᠷᠠᠭᠤᠯᠬᠤ᠂ ᠬᠢᠨᠠᠨ ᠰᠢᠯᠭᠠᠷᠠᠭᠤᠯᠬᠤ᠂ ᠵᠢᠯᠤᠭᠤᠳᠬᠤ ᠵᠡᠷᠭᠡ ᠠᠵᠢᠯ ᠢ ᠴᠢᠨᠠᠷᠲᠠᠢ ᠥᠷᠨᠢᠭᠦᠯᠵᠦ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠤᠨ᠂ ᠲᠦᠭᠰᠢᠭᠦᠷᠢ ᠶᠢᠨ ᠬᠤᠪᠢᠷᠠᠯᠲᠠ ᠶᠢ ᠦᠨᠳᠦᠰᠦᠯᠡᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠱᠠᠭᠠᠷᠳᠠᠵᠤ᠂ ᠳᠠᠯᠳᠠ ᠬᠡᠮ ᠢ ᠠᠳᠡᠯ ᠭᠠᠷᠬᠤ ᠠᠴᠠ ᠡᠮᠦᠨ᠎ᠡ ᠦᠨᠡᠨᠬᠦ ᠠᠷᠢᠯᠭᠠᠨ᠎ᠠ᠃ ᠬᠤᠶᠠᠷ ᠲᠤ ︽ᠰᠠᠭᠤᠨ ᠠᠵᠢᠯᠯᠠᠬᠤ ᠲᠤᠰᠬᠠᠢ ᠮᠡᠷᠭᠡᠵᠢᠯᠲᠡᠨ︾᠂ ︽ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ︾ ᠶᠢᠨ ᠠᠵᠢᠯ ᠤᠨ ᠲᠣᠭᠲᠠᠴᠠ ᠶᠢ ᠰᠠᠶᠢᠲᠤᠷ  ᠠᠰᠢᠭᠯᠠᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠪᠤᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠠᠭᠤᠷᠬᠠᠢ ᠶᠢᠨ ︽ᠠᠮᠤᠷ ᠲᠦᠪᠰᠢᠨ ᠤ ᠨᠠᠢᠮᠠᠨ ᠵᠤᠷᠪᠤᠰ︾ ᠤᠨ ᠴᠢᠩᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠠᠶᠤᠯᠲᠠᠢ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠵᠠᠰᠠᠬᠤ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠬᠠᠮᠲᠤ ︽ᠭᠠᠷᠠᠭ ᠢᠶᠠᠷ ᠲᠣᠬᠢᠷᠠᠭᠤᠯᠵᠤ᠂ ᠰᠠᠷ᠎ᠠ ᠪᠠᠷ ᠮᠡᠳᠡᠭᠡᠯᠡᠬᠦ︾ ᠬᠡᠯᠪᠡᠷᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠱᠠᠭᠠᠷᠳᠠᠵᠤ ᠢᠯᠡᠷᠬᠡᠢ ᠦᠷ᠎ᠡ ᠪᠦᠲᠦᠮᠵᠢ ᠭᠠᠷᠭᠠᠨ᠎ᠠ᠃ ᠭᠤᠷᠪᠠ ᠳᠤ ᠬᠦᠨᠳᠦ ᠶᠡᠭᠡ ᠡ᠊ᠨᠳᠡᠯ ᠤᠨ ᠲᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠠᠶᠢᠲᠤᠷ ᠬᠡᠷᠡᠭᠯᠡᠨ᠎ᠡ᠃ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ︽ᠨᠠᠢᠮᠠᠨ ᠶᠡᠭᠡ ᠠᠵᠢᠯᠯᠠᠭ᠎ᠠ︾ ᠶᠢᠨ ᠭᠤᠣᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠵᠤ᠂ ᠡᠯ᠎ᠡ ᠭᠠᠵᠠᠷ ᠡᠯ᠎ᠡ ᠪᠠᠶᠢᠭᠤᠯᠭ᠎ᠠ ᠶᠢᠨ ᠬᠢᠨ ᠤ ᠬᠦᠨᠳᠦ ᠶᠡᠭᠡ ᠠᠳᠡᠯ ᠤᠨ ᠳᠠᠯᠳᠠ ᠭᠡᠮ ᠢ ᠥᠪᠡᠷ ᠢᠶᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠶᠢ ᠱᠠᠭᠠᠷᠳᠠᠵᠤ᠂ ᠨᠢᠭᠡ ᠪᠦᠯᠦᠭ ᠬᠠᠤᠯᠢ ᠪᠤᠰᠤ ᠪᠠ ᠬᠠᠤᠯᠢ ᠳᠦᠷᠢᠮ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭ᠎ᠠ ᠶᠢ ᠭᠦᠨᠵᠡᠭᠡᠢ ᠪᠣᠳᠠᠲᠠᠢ ᠠᠬᠢᠭᠤᠯᠤᠨ᠎ᠠ᠃       ᠬᠥᠲᠥᠯᠥᠭᠴᠢ᠄ ᠯᠢ ᠲᠣᠪᠴᠢᠶᠠᠨ ᠳᠠᠷᠤᠭ᠎ᠠ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠪᠠᠶᠠᠷᠯᠠᠯ᠎ᠠ᠃ ᠡᠨᠡ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠢᠳᠡ ᠳᠠᠷᠠᠭᠠᠴᠢ ᠶᠢᠨ ᠳ᠋ᠤᠭᠠᠷ ᠲᠠᠭᠠᠨ ᠪᠠᠶᠠᠷᠲᠠᠢ ᠠᠭᠤᠯᠵᠠᠶ᠎ᠠ︕       ᠯᠢ ᠵᠥᠩ᠄ ᠲᠠᠯᠠᠷᠬᠠᠯ᠎ᠠ᠂ ᠪᠠᠶᠠᠷᠲᠠᠢ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ