︽︿ᠣᠶᠤᠨ ᠢ ᠬᠤᠷᠠᠮᠳᠤᠭᠤᠯᠤᠭᠰᠠᠨ ᠣᠲᠤᠭ﹀ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠨᠤᠭᠤᠳ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠨᠠᠮ ᠤᠨ ᠬᠤᠷᠢᠶ᠎ᠠ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/11/27
︽︿ᠣᠶᠤᠨ ᠢ ᠬᠤᠷᠠᠮᠳᠤᠭᠤᠯᠤᠭᠰᠠᠨ ᠣᠲᠤᠭ﹀ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠨᠤᠭᠤᠳ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠨᠠᠮ ᠤᠨ ᠬᠤᠷᠢᠶ᠎ᠠ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠪᠠ ᠡᠯ᠎ᠡ ᠠᠷᠠᠳ ᠤᠨ ᠪᠦᠯᠬᠦᠮ ᠳᠤ᠄      ︽︿ᠣᠶᠣᠨ ᠢ ᠬᠤᠷᠠᠮᠳᠤᠭᠤᠯᠤᠭᠰᠠᠨ ᠣᠲᠤᠭ﹀ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠨᠤᠭᠤᠳ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠬᠤᠷᠠᠯ ᠢᠶᠠᠷ ᠶᠠᠷᠢᠯᠴᠠᠨ ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                                                                                                      ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶ᠎ᠠ                                                           ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                           2024 ᠣᠨ ᠤ 10 ᠳ᠋ᠤᠭᠠᠷ ᠰᠠᠷ᠎ᠠ ᠶᠢᠨ 8 ᠤ ᠡᠳᠦᠷ                              ︽ᠣᠶᠣᠨ ᠢ ᠬᠤᠷᠠᠮᠳᠤᠭᠤᠯᠤᠭᠰᠠᠨ ᠣᠲᠤᠭ︾ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠨᠤᠭᠤᠳ ︵ᠵᠠᠰᠠᠪᠤᠷᠢ ᠣᠷᠣᠭᠤᠯᠤᠭᠰᠠᠨ ᠬᠡᠪᠯᠡᠯ︶      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠩ ᠨᠠᠷᠢᠯᠢᠭ ᠣᠨᠣᠪᠴᠢᠲᠠᠢ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠴᠢᠳᠠᠪᠤᠷᠢᠲᠠᠨ ᠢ ᠬᠥᠮᠥᠵᠢᠭᠦᠯᠬᠦ ᠪᠠ ᠦᠯᠡᠳᠡᠭᠡᠬᠦ ᠪᠠᠶᠢᠭᠤᠯᠤᠮᠵᠢ ᠲᠣᠭᠲᠠᠴᠠ ᠶᠢ ᠲᠦᠷᠭᠡᠨ ᠰᠦᠪᠡᠭᠴᠢᠯᠡᠨ᠂ ᠣᠲᠤᠭ ᠤᠨ ᠴᠢᠳᠠᠪᠤᠷᠢᠲᠠᠨ ᠴᠤᠭᠯᠠᠷᠠᠭᠰᠠᠨ ᠣᠷᠣᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠬᠥᠲᠥᠯᠥᠨ ᠵᠢᠯᠤᠭᠤᠳᠴᠤ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠳᠣᠣᠷᠠᠬᠢ ᠮᠡᠲᠦ ᠲᠥᠷᠥ ᠶᠢᠨ ᠪᠣᠳᠣᠯᠭ᠎ᠠ ︵︽ᠣᠲᠤᠭ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ 18 ᠵᠤᠷᠪᠤᠰ︾ ᠭᠡᠵᠦ ᠲᠣᠪᠴᠢᠯᠠᠨ᠎ᠠ︶ ᠶᠢ ᠲᠣᠭᠲᠠᠭᠠᠪᠠ᠃       ᠨᠢᠭᠡ᠂ ᠠᠵᠤ ᠦᠢᠯᠡᠰ ᠤᠨ ᠲᠤᠯᠭᠠᠭᠤᠷᠢᠯᠠᠬᠤ ᠴᠢᠳᠠᠪᠤᠷᠢᠲᠠᠨ ᠢ ᠲᠦᠷᠭᠡᠨ ᠴᠤᠭᠯᠠᠷᠠᠭᠤᠯᠤᠨ᠎ᠠ      1. ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠳᠠᠭᠠᠭᠤᠯᠤᠭᠴᠢ ᠴᠢᠳᠠᠪᠤᠷᠢᠲᠠᠨ ᠢ ᠤᠷᠢᠨ ᠠᠪᠴᠢᠷᠠᠨ᠎ᠠ᠃ ᠣᠲᠤᠭ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠲᠡᠷᠢᠭᠦᠨ ᠤ ᠦᠢᠯᠡᠳᠬᠦ ᠦᠢᠯᠡᠰ ᠵᠡᠷᠭᠡ ᠭᠤᠣᠯᠯᠠᠬᠤ ᠠᠵᠤ ᠦᠢᠯᠡᠰ ᠤᠨ ᠰᠦᠷᠦᠭᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠮᠡᠷᠭᠡᠵᠢᠯ ᠢ ᠡᠵᠡᠮᠰᠢᠭᠰᠡᠨ᠂ ᠠᠵᠤ ᠦᠢᠯᠡᠰ ᠤᠨ ᠲᠠᠰ ᠳᠡᠪᠰᠢᠬᠦᠯᠦᠯᠲᠡ ᠶᠢ ᠬᠥᠲᠥᠯᠥᠨ ᠳᠠᠭᠠᠭᠤᠯᠤᠭᠰᠠᠨ ︽ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠲᠠᠢ ᠪᠠᠴᠢᠮ ᠳᠤᠲᠠᠭᠳᠠᠵᠤ ᠪᠠᠶᠢᠭ᠎ᠠ︾ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠨᠡᠶᠢᠲᠡ ᠶᠢ ᠤᠷᠢᠨ ᠠᠪᠴᠢᠷᠠᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠰᠢᠨ᠎ᠡ ᠪᠠᠷ ᠤᠷᠢᠨ ᠠᠪᠴᠢᠷᠠᠭᠰᠠᠨ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠨᠡᠶᠢᠲᠡ ᠪᠦᠷᠢ ᠳᠤ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠶᠡᠷᠦᠩᠬᠡᠶᠢᠯᠡᠭᠰᠡᠨ ᠲᠤᠰᠠᠯᠠᠮᠵᠢ ᠣᠯᠭᠤᠨ᠎ᠠ᠃ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠨᠡᠶᠢᠲᠡ ᠨᠢ ᠲᠥᠷᠥᠯ ᠵᠦᠢᠯ᠂ ᠮᠡᠷᠭᠡᠵᠢᠯ᠂ ᠪᠡᠯᠡ ᠮᠥᠩᠭᠦ ᠪᠠᠨ ᠠᠪᠴᠤ ᠮᠠᠨ ᠤ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠢᠷᠡᠪᠡᠯ᠂ ᠵᠠᠷᠤᠳᠠᠯ ᠬᠤᠷᠢᠶᠠᠬᠤ ᠦᠭᠡᠢ ᠪᠠᠷ 2 ᠵᠢᠯ ᠤᠨ ᠲᠠᠯᠠᠪᠤᠷ ᠭᠠᠵᠠᠷ ᠬᠠᠩᠭᠠᠵᠤ᠂ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠯᠭᠤᠨ᠎ᠠ᠃ ᠲᠣᠭᠲᠠᠭᠰᠠᠨ ᠱᠠᠭᠠᠷᠳᠠᠯᠭ᠎ᠠ ᠪᠠ ᠲᠣᠭᠲᠠᠮᠠᠯ ᠪᠤᠰᠤ ᠱᠠᠭᠠᠷᠳᠠᠯᠭ᠎ᠠ ᠪᠠᠷ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠨᠡᠶᠢᠲᠡ ᠶᠢ ᠰᠢᠨ᠎ᠡ ᠪᠠᠷ ᠤᠷᠢᠨ ᠠᠪᠴᠢᠷᠠᠭᠰᠠᠨ ᠠᠵᠤ ᠠᠬᠤᠶᠢᠯᠠᠯ ᠳᠤ ᠤᠷᠢᠨ ᠠᠪᠴᠢᠷᠠᠭᠰᠠᠨ ᠲᠤᠭ᠎ᠠ ᠬᠡᠮᠵᠢᠶ᠎ᠡ ᠵᠢᠴᠢ ᠪᠣᠳᠠᠲᠠᠢ ᠦᠷ᠎ᠡ ᠠᠰᠢᠭ ᠢ ᠦᠨᠳᠦᠰᠦᠯᠡᠨ᠂ ᠬᠠᠮᠤᠭ ᠤᠨ ᠥᠨᠳᠥᠷ ᠲᠡᠭᠡᠨ ᠵᠢᠯ ᠳᠤ ᠲᠣᠰ ᠲᠣᠰ 200 ᠲᠦᠮᠡᠨ ᠲᠥᠭᠦᠷᠢᠭ ᠪᠠ 100 ᠲᠦᠮᠡᠨ ᠲᠥᠭᠦᠷᠢᠭ ᠤᠨ ᠴᠢᠳᠠᠪᠤᠷᠢᠲᠠᠨ ᠤᠷᠢᠨ ᠠᠪᠴᠢᠷᠠᠭᠰᠠᠨ ᠱᠠᠩᠨᠠᠯ ᠣᠯᠭᠤᠨ᠎ᠠ᠃ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ᠂ ᠴᠢᠬᠤᠯᠠ ᠶᠡᠭᠡ ᠠᠵᠤ ᠠᠬᠤᠢ ᠨᠡᠶᠢᠭᠡᠮ ᠤᠨ ᠦᠷ᠎ᠡ ᠠᠰᠢᠭ ᠢ ᠠᠪᠴᠢᠷᠠᠵᠤ ᠳᠡᠶᠢᠯᠬᠦ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠨᠡᠶᠢᠲᠡ ᠳᠤ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠯ ᠣᠯᠭᠤᠨ᠎ᠠ᠃ ︽ᠤᠷᠢᠳᠠᠪᠠᠷ ᠨᠥᠬᠦᠪᠦᠷᠢ ᠥᠭᠬᠦ︾ ᠴᠢᠳᠠᠪᠤᠷᠢᠲᠠᠨ ᠣᠷᠣᠭᠤᠯᠬᠤ ᠵᠠᠭᠪᠤᠷ ᠢ ᠰᠦᠪᠡᠭᠴᠢᠯᠡᠨ ᠲᠤᠷᠰᠢᠨ ᠬᠡᠷᠡᠭᠵᠢᠭᠦᠯᠵᠦ᠂ ᠣᠬᠤᠷ ᠬᠤᠭᠤᠴᠠᠭᠠᠨ ᠳᠤ ᠦᠷ᠎ᠡ ᠪᠦᠲᠦᠮᠵᠢ ᠣᠯᠬᠤ ᠳᠤ ᠬᠦᠴᠢᠷᠲᠡᠢ ᠪᠣᠯᠪᠠᠴᠤ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠲᠠᠢ ︽ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠲᠠᠢ ᠪᠠᠴᠢᠮ ᠳᠤᠲᠠᠭᠲᠠᠵᠤ ᠪᠠᠶᠢᠭ᠎ᠠ︾ ᠴᠢᠳᠠᠪᠤᠷᠢᠲᠠᠨ ᠪᠠ ᠪᠦᠯᠬᠦᠮ ᠨᠡᠶᠢᠲᠡ ᠯᠦᠭᠡ ᠬᠡᠯᠡᠯᠴᠡᠭᠡᠷ ᠲᠣᠭᠲᠠᠭᠰᠠᠨ ᠤ ᠳᠠᠷᠠᠭ᠎ᠠ ᠴᠢᠳᠠᠪᠤᠷᠢᠲᠠᠨ ᠪᠠ ᠪᠦᠯᠬᠦᠮ ᠨᠡᠶᠢᠲᠡ ᠶᠢᠨ ᠰᠤᠳᠤᠯᠤᠨ ᠨᠡᠭᠡᠭᠡᠯᠲᠡ ᠶᠢᠨ ᠪᠡᠯᠡ ᠮᠥᠩᠭᠦᠨ ᠤ ᠳᠡᠮᠵᠢᠯᠭᠡ ᠶᠢ ᠤᠷᠢᠳᠴᠢᠯᠠᠨ ᠣᠯᠭᠤᠨ᠎ᠠ᠃       2. ᠠᠵᠤ ᠠᠬᠤᠶᠢᠯᠠᠯ ᠤᠨ ᠪᠠᠴᠢᠮ ᠳᠤᠲᠠᠭᠳᠠᠵᠤ ᠪᠠᠶᠢᠭ᠎ᠠ ᠵᠠᠯᠠᠭᠤ ᠴᠢᠳᠠᠪᠤᠷᠢᠲᠠᠨ ᠢ ᠤᠷᠢᠨ ᠠᠪᠴᠢᠷᠠᠬᠤ ᠳᠤ ᠬᠦᠴᠦ ᠨᠡᠮᠡᠷᠢᠯᠡᠨ᠎ᠡ᠃ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠠᠵᠤ ᠦᠢᠯᠡᠰ ᠪᠠ ᠴᠢᠬᠤᠯᠠ ᠶᠡᠭᠡ ᠲᠥᠷᠥᠯ ᠵᠦᠢᠯ ᠤᠨ ᠲᠣᠭᠤᠷᠢᠨ ᠳᠤ᠂ ᠣᠲᠤᠭ ᠬᠤᠰᠢᠭᠤᠨ ᠤ ᠭᠤᠣᠯᠳᠠᠯᠭ᠎ᠠ ᠲᠠᠢ ᠠᠵᠤ ᠦᠢᠯᠡᠰ ᠤᠨ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠭᠠᠷᠴᠠᠭ ᠢ ᠦᠨᠳᠦᠰᠦᠯᠡᠨ᠂ ᠠᠵᠤ ᠠᠬᠤᠶᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠢ ᠤᠷᠢᠨ ᠠᠪᠴᠢᠷᠠᠬᠤ ᠳᠤ ᠬᠦᠴᠦᠨ ᠨᠡᠮᠡᠷᠢᠯᠡᠨ᠎ᠡ᠃ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠭᠰᠠᠨ ᠮᠠᠨ ᠤ ᠬᠤᠰᠢᠭᠤᠨ ᠤ ᠪᠠᠴᠢᠮ ᠬᠡᠷᠡᠭᠴᠡᠭᠡᠲᠡᠢ ᠲᠤᠰᠬᠠᠢ ᠮᠡᠷᠭᠡᠵᠢᠯ ᠳᠤ ᠨᠡᠶᠢᠴᠡᠬᠦ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠲᠡᠭᠦᠰᠦᠭᠡᠳ 2 ᠵᠢᠯ ᠪᠣᠯᠤᠭᠰᠠᠨ ᠰᠢᠯᠢᠳᠡᠭ ᠵᠠᠯᠠᠭᠤ ᠴᠢᠳᠠᠪᠤᠷᠢᠲᠠᠨ ᠳᠤ ᠳ᠋ᠣᠺᠲ᠋ᠣᠷᠠᠨᠲ᠂ ᠠᠰᠫᠢᠷᠠᠨᠲ ᠪᠠᠷ ᠨᠢ ᠬᠦᠮᠦᠨ ᠪᠦᠷᠢ ᠳᠤ ᠰᠠᠷ᠎ᠠ ᠳᠤ ᠲᠣᠰ ᠲᠣᠰ 5000 ᠲᠥᠭᠦᠷᠢᠭ᠂ 3000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ᠃       3. ᠰᠢᠯᠢᠳᠡᠭ ᠢᠨᠵᠧᠨᠧᠷ ᠪᠠ ᠤᠷᠠᠨ ᠳᠠᠷᠬᠠᠨ ᠤ ᠮᠡᠷᠭᠡᠵᠢᠯ ᠤᠨ ᠴᠢᠳᠠᠪᠤᠷᠢᠲᠠᠨ ᠢ ᠤᠷᠢᠨ ᠠᠪᠴᠢᠷᠠᠵᠤ ᠬᠥᠮᠥᠵᠢᠭᠦᠯᠬᠦ ᠶᠢ ᠴᠢᠩᠭᠠᠳᠬᠠᠨ᠎ᠠ᠃ ᠠᠵᠤ ᠠᠬᠤᠶᠢᠯᠠᠯ ᠬᠢᠭᠡᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠵᠠᠬᠢᠶᠠᠯᠠᠭ᠎ᠠ ᠶᠢᠨ ᠮᠠᠶ᠋ᠢᠭ︾ ᠢᠶᠠᠷ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠬᠤᠶᠠᠷ ᠲᠠᠯ᠎ᠠ ᠶᠢᠨ ᠪᠣᠯᠵᠣᠵᠤ ᠲᠣᠭᠲᠠᠭᠰᠠᠨ ᠭᠡᠷ᠎ᠡ ᠪᠠ ᠬᠥᠮᠥᠵᠢᠭᠦᠯᠦᠭᠰᠡᠨ ᠦᠷ᠎ᠡ ᠪᠦᠲᠦᠮᠵᠢ ᠶᠢ ᠦᠨᠳᠦᠰᠦᠯᠡᠨ᠂ 1 ᠨᠡᠷ᠎ᠡ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠦᠷᠢ ᠠᠵᠤ ᠠᠬᠤᠶᠢᠯᠠᠯ ᠳᠤ 500 ᠲᠥᠭᠦᠷᠢᠭ ᠤᠨ ᠨᠥᠬᠦᠪᠦᠷᠢ ᠥᠭᠴᠦ᠂ ᠠᠳᠠᠯᠢ ᠨᠢᠭᠡ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ ᠵᠢᠯ ᠳᠤ 10 ᠲᠦᠮᠡᠨ ᠲᠥᠭᠦᠷᠢᠭ ᠨᠥᠬᠦᠪᠦᠷᠢᠯᠡᠨ᠎ᠡ᠃ ᠠᠵᠤ ᠠᠬᠤᠶᠢᠯᠠᠯ ᠤᠨ ᠰᠢᠨ᠎ᠡ ᠪᠠᠷ ᠤᠷᠢᠵᠤ ᠠᠪᠴᠢᠷᠠᠭᠰᠠᠨ ᠵᠢᠩᠬᠢᠨᠢ ᠳᠡᠭᠡᠳᠦ ᠵᠡᠷᠭᠡ᠂ ᠳᠡᠳ᠋ ᠳᠡᠭᠡᠳᠦ ᠵᠡᠷᠭᠡ ᠶᠢᠨ ᠢᠨᠵᠧᠨᠧᠷ ᠲᠤ ᠬᠦᠮᠦᠨ ᠪᠦᠷᠢ ᠳᠤ ᠲᠣᠰ ᠲᠣᠰ 2 ᠲᠦᠮᠡᠨ ᠲᠥᠭᠦᠷᠢᠭ ᠪᠠ 1 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠨ᠎ᠠ᠃ ᠠᠵᠤ ᠠᠬᠤᠶᠢᠯᠠᠯ ᠤᠨ ᠰᠢᠨ᠎ᠡ ᠪᠠᠷ  ᠤᠷᠢᠵᠦ ᠠᠪᠴᠢᠷᠠᠭᠰᠠᠨ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠵᠢᠯ ᠮᠡᠷᠭᠡᠵᠢᠯ ︵ᠠᠵᠢᠯ ᠲᠥᠷᠥᠯ︶ ᠤᠨ ᠳᠡᠭᠡᠳᠦ ᠵᠡᠷᠭᠡ ᠶᠢᠨ ᠮᠠᠰᠲ᠋ᠧᠷ᠂ ᠮᠠᠰᠲ᠋ᠧᠷ᠂ ᠳᠡᠭᠡᠳᠦ ᠵᠡᠷᠭᠡ ᠶᠢᠨ ᠠᠵᠢᠯᠴᠢᠨ ᠳᠤ ᠬᠦᠮᠦᠨ ᠪᠦᠷᠢ ᠳᠤ ᠲᠤᠰ ᠲᠤᠰ 1 ᠲᠦᠮᠡᠨ ᠲᠥᠭᠦᠷᠢᠭ᠂ 5000 ᠲᠥᠭᠦᠷᠢᠭ᠂ 2000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠨ᠎ᠠ᠃ ︽ᠣᠲᠤᠭ ᠤᠨ ᠤᠷᠠᠨ ᠳᠠᠷᠬᠠᠨ︾ ᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠭᠠᠷᠠᠭᠤᠯᠤᠭᠳᠠᠭᠰᠠᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠳᠤ ᠨᠢᠭᠡ ᠤᠳᠠᠭ᠎ᠠ ᠳᠤ ᠬᠦᠮᠦᠨ ᠪᠦᠷᠢ ᠳᠤ 3 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠵᠢᠩᠬᠢᠨᠢ ᠡᠷᠳᠡᠮ ᠴᠢᠳᠠᠪᠤᠷᠢ ᠲᠠᠢ᠂ ᠨᠡᠶᠢᠭᠡᠮ ᠤᠨ ᠬᠤᠪᠢ ᠨᠡᠮᠡᠷᠢ ᠪᠠᠷ ᠨᠡᠯᠢᠶᠡᠳ ᠶᠡᠭᠡ᠂ ᠣᠲᠣ ᠶᠢᠨ ᠬᠡᠷᠡᠭᠵᠢᠭᠦᠯᠵᠦ ᠪᠠᠶᠢᠭ᠎ᠠ ᠴᠢᠳᠠᠪᠤᠷᠢᠲᠠᠨ ᠤ ᠭᠠᠷᠴᠠᠭ ᠢ ᠵᠠᠭᠠᠭᠯᠠᠨ ᠲᠣᠭᠲᠠᠭᠠᠬᠤ ᠳᠤ ᠪᠡᠷᠬᠡᠲᠡᠢ ︽ᠣᠨᠴᠠᠭᠠᠢ ᠤᠷ᠎ᠠ ᠴᠢᠳᠠᠪᠤᠷᠢ ᠲᠠᠢ ᠴᠢᠳᠠᠪᠤᠷᠢᠲᠠᠨ︾ ︵ᠲᠦᠷᠭᠡᠨ ᠬᠦᠷᠭᠡᠭᠴᠢ᠂ ᠨᠠᠰᠤᠵᠢᠯ ᠤᠨ ᠠᠰᠠᠷᠠᠭᠴᠢ᠂ ᠬᠡᠦᠬᠡᠳ ᠠᠰᠠᠷᠠᠭᠴᠢ ᠵᠡᠷᠭᠡ ᠰᠢᠨ᠎ᠡ ᠪᠠᠷ ᠪᠣᠶ ᠪᠣᠯᠤᠭᠰᠠᠨ ᠠᠵᠢᠯ ᠮᠡᠷᠭᠡᠵᠢᠯ ᠤᠨ ᠴᠢᠳᠠᠪᠤᠷᠢᠲᠠᠨ︶ ᠤ ᠦᠨᠡᠯᠡᠨ ᠲᠣᠭᠲᠠᠭᠠᠯᠲᠠ ᠶᠢ ᠥᠩᠭᠡᠷᠡᠭᠰᠡᠨ ᠪᠣᠯ᠂ ᠨᠢᠭᠡ ᠤᠳᠠᠭ᠎ᠠ ᠳᠤ ᠬᠦᠮᠦᠨ ᠪᠦᠷᠢ ᠳᠤ 2 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︽ᠳᠤᠮᠳᠠᠳᠤ ᠶᠢᠨ ᠮᠡᠷᠭᠡᠵᠢᠯ ᠴᠢᠳᠠᠪᠤᠷᠢ ᠶᠢᠨ ᠲᠣᠮᠣ ᠱᠠᠩᠨᠠᠯ︾᠂ ︽ᠪᠥᠬᠦ ᠤᠯᠤᠰ ᠤᠨ ᠮᠡᠷᠭᠡᠵᠢᠯ ᠤᠨ ᠴᠢᠳᠠᠪᠤᠷᠢᠲᠠᠨ︾᠂ ︽ᠥᠪᠡᠷᠲᠡᠭᠡᠨ ᠵᠠᠰᠠᠬᠤ ᠣᠷᠣᠨ ᠤ ᠮᠠᠰᠲ᠋ᠧᠷ ᠳᠡᠭᠡᠳᠦ ᠵᠡᠷᠭᠡ ᠶᠢᠨ ᠮᠠᠰᠲ᠋ᠧᠷ ᠤᠨ ᠲᠣᠪᠣᠶᠢᠮ᠎ᠠ ᠬᠤᠪᠢ ᠨᠡᠮᠡᠷᠢ ᠶᠢᠨ ᠱᠠᠩᠨᠠᠯ︾᠂ ︽ᠪᠥᠬᠦ ᠣᠷᠣᠨ ᠤ ᠮᠡᠷᠭᠡᠵᠢᠯ ᠤᠨ ᠴᠢᠳᠠᠪᠤᠷᠢᠲᠠᠨ︾᠂ ︽ᠣᠷᠳᠣᠰ ᠤᠨ ᠤᠷᠠᠨ ᠲᠠᠷᠬᠠᠨ︾ ᠢ ᠰᠢᠨ᠎ᠡ ᠪᠠᠷ ᠣᠯᠣᠭᠰᠠᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠳᠤ ᠬᠤᠲᠠ ᠶᠢᠨ ᠲᠠᠰ ᠤᠨ ᠱᠠᠩᠨᠠᠯ ᠤᠨ ᠰᠠᠭᠤᠷᠢᠨ ᠳᠡᠭᠡᠷ᠎ᠡ᠂ ᠬᠥᠮᠥᠨ ᠪᠦᠷᠢ ᠳᠤ ᠨᠢᠭᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃       ᠬᠤᠶᠠᠷ᠂ ᠬᠥᠳᠡᠭᠡ ᠲᠣᠰᠬᠤᠨ ᠢ ᠬᠥᠭᠵᠢᠭᠦᠯᠦᠭᠰᠡᠨ ᠴᠢᠳᠠᠪᠤᠷᠢᠲᠠᠨ ᠢ ᠵᠣᠷᠢᠭᠵᠢᠭᠤᠯᠤᠨ᠎ᠠ      4. ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠠᠭᠠᠭᠤᠯᠤᠭᠴᠢ ᠶᠢ ᠲᠦᠷᠭᠡᠨ ᠴᠤᠭᠯᠠᠷᠠᠭᠤᠯᠤᠨ᠎ᠠ᠃ ᠠᠷᠪᠠᠰ ᠤᠨ ᠨᠤᠤᠯᠤᠭᠤᠷ ᠤᠨ ᠢᠮᠠᠭ᠎ᠠ᠂ ᠠᠯᠠᠰᠢᠨ ᠦᠬᠡᠷ ᠠᠯᠠᠰᠢᠨ ᠬᠤᠨᠢ᠂ ᠦᠮᠡᠬᠡᠶᠢᠨᠠᠭᠤᠷ ᠤᠨ ᠨᠤᠲᠤᠭ ᠤᠨ ᠲᠠᠬᠢᠶ᠎ᠠ᠂ ᠣᠷᠢᠶᠠᠮᠠᠭ ᠵᠠᠮᠠᠭ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠴᠢᠳᠠᠪᠤᠷᠢᠲᠠᠨ ᠢ ᠤᠷᠢᠨ ᠠᠪᠴᠢᠷᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠨᠤᠲᠤᠭ ᠲᠠᠭᠠᠨ ᠪᠤᠴᠠᠵᠤ ᠦᠢᠯᠡᠰ ᠪᠦᠲᠦᠭᠡᠭᠴᠢᠳ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠵᠡᠷᠭᠡ ᠶᠢᠨ ᠮᠠᠨ ᠤ ᠬᠤᠰᠢᠭᠤᠨ ᠳᠤ ᠢᠷᠡᠵᠦ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠡᠭᠦᠳᠦᠨ ᠡᠷᠭᠢᠯᠡᠬᠦ ᠪᠠ ᠳᠠᠭᠠᠭᠤᠯᠤᠨ ᠡᠷᠭᠢᠯᠡᠬᠦ ᠶᠢ ᠳᠡᠮᠵᠢᠵᠦ᠂ ᠠᠩᠬ᠎ᠠ ᠤᠳᠠᠭ᠎ᠠ ᠡᠭᠦᠳᠦᠨ ᠡᠷᠭᠢᠯᠡᠭᠰᠡᠨ ᠪᠥᠭᠡᠳ ᠬᠡᠪ ᠤᠨ ᠡᠵᠡᠩᠨᠡᠯᠲᠡ ᠬᠢᠭᠡᠳ 2 ᠵᠢᠯ ᠠᠴᠠ ᠳᠡᠭᠡᠭᠰᠢ ᠪᠣᠯᠣᠭᠰᠠᠨ ᠪᠠᠶᠢᠪᠠᠯ᠂ ᠪᠣᠳᠠᠲᠤ ᠦᠷ᠎ᠡ ᠠᠰᠢᠭ ᠲᠠᠢ ᠨᠢ ᠤᠶᠠᠯᠳᠤᠭᠤᠯᠤᠨ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠯᠭᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠮᠠᠯ ᠡᠮᠨᠡᠯᠭᠡ ᠶᠢᠨ ᠬᠤᠷᠢᠶ᠎ᠠ ᠵᠢᠴᠢ ᠬᠤᠷᠰᠢᠶ᠎ᠠ ᠵᠡᠷᠭᠡ ᠶᠢᠨ ᠰᠢᠨ᠎ᠡ ᠪᠠᠷ ᠤᠷᠢᠨ ᠬᠡᠷᠡᠭᠯᠡᠭᠰᠡᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠪᠤᠶᠤ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠠᠴᠠ ᠳᠡᠭᠡᠭᠰᠢᠬᠢ ᠬᠥᠮᠥᠰ ᠲᠤ ᠬᠥᠮᠥᠨ ᠬᠡᠷᠡᠭᠯᠡᠬᠦ ᠨᠢᠭᠡᠴᠢ ᠶᠢᠨ ᠪᠣᠳᠠᠲᠠᠢ ᠥᠭᠭᠦᠭᠰᠡᠨ ᠭᠠᠶᠢᠯᠢ ᠲᠤᠰᠢᠶᠠᠬᠤ ᠬᠥᠳᠡᠯᠮᠦᠷᠢ ᠶᠢᠨ ᠬᠥᠯᠥᠰᠦ ᠣᠯᠭᠤᠮᠵᠢ ᠶᠢᠨ 20% ᠪᠠᠷ ᠨᠢᠭᠡᠴᠢ ᠳᠤᠨᠢ ᠨᠥᠬᠦᠪᠦᠷᠢ ᠥᠭᠴᠦ᠂ ᠠᠳᠠᠯᠢ ᠨᠢᠭᠡᠨ ᠬᠥᠮᠥᠨ ᠬᠡᠷᠡᠭᠯᠡᠬᠦ ᠨᠢᠭᠡᠴᠢ ᠳᠤ ᠬᠠᠮᠤᠭ ᠤᠨ ᠥᠨᠳᠥᠷ ᠲᠡᠭᠡᠨ ᠵᠢᠯ ᠳᠤ 10 ᠲᠦᠮᠡᠨ ᠲᠥᠭᠦᠷᠢᠭ ᠨᠥᠬᠦᠪᠦᠷᠢᠯᠡᠨ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ᠃ ᠬᠤᠲᠠ ᠶᠢᠨ ᠱᠠᠲᠤᠨ  ᠠᠴᠠ ᠦᠨᠡᠯᠡᠨ ᠲᠣᠭᠲᠠᠭᠠᠭᠰᠠᠨ ᠳᠤᠮᠳᠠ᠂ ᠳᠡᠭᠡᠳᠦ ᠵᠡᠷᠭᠡ ᠶᠢᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠠᠭᠠᠳᠬᠠᠯ ᠬᠤᠳᠠᠯᠳᠤᠨ ᠠᠪᠬᠤ ᠶᠢ ᠳᠡᠮᠵᠢᠵᠦ᠂ ᠥᠪᠡᠷ ᠢᠶᠠᠨ ᠲᠤᠰᠢᠶᠠᠭᠰᠠᠨ ᠬᠡᠰᠡᠭ ᠤᠨ 20% ᠶᠢᠨ ᠬᠠᠷᠢᠴᠠᠯ ᠢᠶᠠᠷ ᠨᠥᠬᠦᠪᠦᠷᠢ ᠥᠭᠴᠦ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ᠃ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠪᠠ ᠮᠠᠯ ᠡᠮᠨᠡᠯᠭᠡ ᠶᠢᠨ ᠬᠤᠷᠢᠶ᠎ᠠ ᠵᠡᠷᠭᠡ ᠳᠤ ᠳᠠᠳᠤᠯᠭ᠎ᠠ ᠬᠢᠬᠦ ᠪᠠᠷ ᠢᠷᠡᠭᠰᠡᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠭᠠᠭᠤᠯᠢ ᠳᠤ ᠪᠠᠶᠢᠭ᠎ᠠ ᠣᠶᠤᠲᠠᠳ ᠲᠤ ᠳᠠᠳᠤᠯᠭ᠎ᠠ ᠶᠢᠨ ᠦᠷ᠎ᠡ ᠪᠦᠲᠦᠮᠵᠢ ᠶᠢ ᠦᠨᠳᠦᠰᠦᠯᠡᠨ᠂ ᠬᠠᠮᠤᠭ ᠤᠨ ᠥᠨᠳᠥᠷ ᠲᠡᠭᠡᠨ ᠬᠦᠮᠦᠨ ᠪᠦᠷᠢ ᠳᠤ 5000 ᠲᠥᠭᠦᠷᠢᠭ ᠤᠨ ᠲᠠᠳᠤᠯᠭ᠎ᠠ ᠶᠢᠨ ᠨᠥᠬᠦᠪᠦᠷᠢ ᠣᠯᠭᠤᠨ᠂ ᠠᠳᠠᠯᠢ ᠨᠢᠭᠡ ᠨᠢᠭᠡᠴᠢ ᠳᠤ ᠵᠢᠯ ᠪᠦᠷᠢ ᠬᠠᠮᠤᠭ ᠤᠨ ᠠᠷᠪᠢᠨ ᠳᠠᠭᠠᠨ 10 ᠬᠥᠮᠥᠨ ᠳᠤ ᠨᠥᠬᠦᠪᠦᠷᠢ ᠥᠭᠭᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠪᠠ ᠪᠦᠯᠬᠦᠮ ᠨᠡᠶᠢᠲᠡ ᠶᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠭᠠᠷᠠᠭᠤᠯᠤᠭᠳᠠᠭᠰᠠᠨ ᠴᠢᠳᠠᠪᠤᠷᠢᠲᠠᠨ ᠤ ᠪᠦᠯᠬᠦᠮ ᠨᠡᠶᠢᠲᠡ ᠳᠤ ᠨᠢᠭᠡ ᠤᠳᠠᠭ᠎ᠠ ᠳᠤ 10 ᠲᠦᠮᠡᠨ ᠲᠥᠭᠦᠷᠢᠭ ᠤᠨ ᠱᠠᠩᠨᠠᠯ ᠣᠯᠭᠤᠨ᠂ ᠰᠢᠯᠭᠠᠷᠠᠭᠤᠯᠤᠭᠳᠠᠭᠰᠠᠨ ᠴᠢᠳᠠᠪᠤᠷᠢᠲᠠᠨ ᠬᠤᠪᠢ ᠬᠥᠮᠥᠨ ᠳᠤ ᠨᠢᠭᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠰᠠᠶᠢᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠵᠣᠬᠢᠬᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠲᠠᠢ ᠣᠷᠣᠨ ᠨᠤᠲᠤᠭ ᠤᠨ ᠴᠢᠳᠠᠪᠤᠷᠢᠲᠠᠨ ᠪᠠ ᠪᠦᠯᠬᠦᠮ ᠨᠡᠶᠢᠲᠡ ᠳᠤ ᠬᠠᠮᠤᠭ ᠤᠨ ᠥᠨᠳᠥᠷ ᠲᠡᠭᠡᠨ ᠵᠢᠯ ᠳᠤ 10 ᠲᠦᠮᠡᠨ ᠲᠥᠭᠦᠷᠢᠭ ᠤᠨ ᠪᠡᠯᠡ  ᠮᠥᠩᠭᠦᠨ ᠤ ᠳᠡᠮᠵᠢᠯᠭᠡ ᠦᠵᠡᠭᠦᠯᠵᠦ᠂ ᠬᠠᠮᠤᠭ ᠤᠨ ᠣᠷᠳᠣ ᠳᠠᠭᠠᠨ 3 ᠵᠢᠯ ᠳᠡᠮᠵᠢᠨ᠎ᠡ᠃       5. ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠭᠡᠨ ᠤ ᠴᠢᠳᠠᠪᠤᠷᠢᠲᠠᠨ ᠢ ᠠᠭᠤᠳᠠᠯᠤᠨ ᠬᠥᠮᠥᠵᠢᠭᠦᠯᠦᠨ᠎ᠡ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠠ ︽ᠨᠤᠲᠤᠭ ᠤᠨ ᠴᠢᠳᠠᠪᠤᠷᠢᠲᠠᠨ︾ ᠢ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠦᠯᠦᠭ ᠳᠠᠷᠢᠵᠤ ᠲᠡᠵᠢᠭᠡᠨ ᠦᠷᠡᠵᠢᠭᠦᠯᠬᠦ ᠬᠡᠷᠡᠭᠯᠡᠭᠡᠨ ᠤ ᠴᠢᠳᠠᠪᠤᠷᠢᠲᠠᠨ ᠪᠠ ᠵᠢᠱᠢᠶ᠎ᠡ ᠦᠵᠡᠭᠦᠯᠬᠦ ᠲᠣᠮᠣ ᠡᠷᠦᠬᠡ ᠶᠢ ᠭᠤᠣᠯᠳᠠᠯᠭ᠎ᠠ ᠲᠠᠢ ᠠᠭᠤᠳᠠᠯᠤᠨ ᠪᠣᠶᠢᠵᠢᠭᠤᠯᠤᠨ᠎ᠠ᠃ ᠵᠢᠯ ᠪᠦᠷᠢ ᠰᠤᠮᠤ ᠪᠠᠯᠭᠠᠰᠤ ᠳᠤ 20 ᠲᠦᠮᠡᠨ ᠲᠥᠭᠦᠷᠢᠭ ᠤᠨ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠬᠦ ᠲᠤᠰᠬᠠᠢ ᠵᠠᠷᠤᠳᠠᠯ ᠢ ᠪᠠᠭᠤᠯᠭᠠᠨ ᠥᠭᠴᠦ᠂ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠠᠪᠴᠢᠷᠠᠬᠤ᠂ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ᠂ ᠴᠢᠳᠠᠪᠤᠷᠢᠲᠠᠨ ᠤ ᠠᠴᠢᠶᠠᠯᠠᠪᠤᠷᠢ ᠶᠢᠨ ᠲᠠᠪᠴᠠᠩ ᠪᠠᠶᠢᠭᠤᠯᠬᠤ ᠵᠡᠷᠭᠡ ᠠᠵᠢᠯ ᠥᠷᠨᠢᠭᠦᠯᠬᠦ ᠶᠢ ᠳᠡᠮᠵᠢᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠮᠠᠯ ᠡᠮᠨᠡᠯᠭᠡ ᠶᠢᠨ ᠬᠤᠷᠢᠶ᠎ᠠ ᠵᠢᠴᠢ ᠬᠤᠷᠰᠢᠶ᠎ᠠ ᠵᠡᠷᠭᠡ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠳᠡᠭᠡᠳᠦ ᠵᠡᠷᠭᠡ ᠶᠢᠨ ᠮᠠᠰᠲ᠋ᠧᠷ ︵ᠨᠢᠭᠡᠳᠦᠭᠡᠷ ᠳᠡᠰ︶᠂ ᠮᠠᠰᠲ᠋ᠧᠷ ︵ᠬᠤᠶᠠᠳᠤᠭᠠᠷ ᠳᠡᠰ︶᠂ ᠳᠡᠭᠡᠳᠦ ᠵᠡᠷᠭᠡ ︵ᠭᠤᠷᠪᠠᠳᠤᠭᠠᠷ ᠳᠡᠰ︶᠂ ᠳᠤᠮᠳᠠ ᠵᠡᠷᠭᠡ ︵ᠳᠥᠷᠪᠡᠳᠦᠭᠡᠷ ᠳᠡᠰ︶᠂ ᠠᠩᠬ᠎ᠠ ᠵᠡᠷᠭᠡ ︵ᠲᠠᠪᠤᠳᠤᠭᠠᠷ ᠳᠡᠰ︶ ᠶᠢᠨ ᠠᠵᠢᠯ ᠮᠡᠷᠭᠡᠵᠢᠯ ᠤᠨ ᠬᠢᠷᠢ ᠬᠡᠮ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠢ ᠰᠢᠨ᠎ᠡ ᠪᠠᠷ ᠣᠯᠣᠭᠰᠠᠨ ᠬᠥᠮᠥᠰ ᠲᠤ ᠬᠦᠮᠦᠨ ᠪᠦᠷᠢ ᠳᠤ ᠲᠤᠰ ᠲᠤᠰ 3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 5000 ᠲᠥᠭᠦᠷᠢᠭ ᠪᠠ 2000 ᠲᠥᠭᠦᠷᠢᠭ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠣᠯᠭᠤᠨ᠎ᠠ᠃ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠴᠢᠳᠠᠪᠤᠷᠢᠲᠠᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠣᠯᠪᠠᠰᠤᠷᠠᠯ ᠥᠷᠨᠢᠭᠦᠯᠬᠦ ᠶᠢ ᠵᠣᠷᠢᠭᠵᠢᠭᠤᠯᠵᠤ᠂ ᠬᠤᠭᠤᠴᠠᠭ᠎ᠠ ᠪᠦᠷᠢ ︵50 ᠬᠥᠮᠥᠨ ᠠᠴᠠ ᠳᠤᠲᠠᠭᠤ ᠦᠭᠡᠢ᠂ 1 ᠡᠳᠦᠷ ᠠᠴᠠ ᠳᠤᠲᠠᠭᠤ ᠦᠭᠡᠢ︶ ᠳᠤ 3000 ᠲᠥᠭᠦᠷᠢᠭ ᠤᠨ ᠪᠣᠯᠪᠠᠰᠤᠷᠠᠯ ᠤᠨ ᠨᠥᠬᠦᠪᠦᠷᠢ ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠢ ᠶᠢᠨ ᠡᠯᠧᠺᠲᠷᠣᠨ ᠬᠤᠳᠠᠯᠳᠤᠭᠠᠨ ᠤ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠬᠤᠭᠤᠴᠠᠭ᠎ᠠ ᠪᠦᠷᠢ ︵50 ᠬᠥᠮᠥᠨ ᠠᠴᠠ ᠳᠤᠲᠠᠭᠤ ᠦᠭᠡᠢ᠂ 1 ᠡᠳᠦᠷ ᠠᠴᠠ ᠳᠤᠲᠠᠭᠤ ᠦᠭᠡᠢ︶ ᠳᠤ 3000 ᠲᠥᠭᠦᠷᠢᠭ ᠤᠨ ᠪᠣᠯᠪᠠᠰᠤᠷᠠᠯ ᠤᠨ ᠨᠥᠬᠦᠪᠦᠷᠢ ᠣᠯᠭᠤᠨ᠎ᠠ᠃ ᠰᠤᠷᠬᠤ ᠪᠠ ᠤᠷᠤᠯᠳᠤᠬᠤ ᠶᠢ ᠤᠶᠠᠯᠳᠤᠭᠤᠯᠬᠤ᠂ ᠤᠷᠤᠯᠳᠤᠭᠠᠨ ᠢᠶᠠᠷ ᠪᠣᠯᠪᠠᠰᠤᠷᠠᠯ ᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠤᠷᠤᠯᠳᠤᠭᠠᠨ ᠬᠢᠬᠦ ᠶᠢ ᠳᠡᠮᠵᠢᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠣᠭᠰᠠᠨ ᠪᠠᠷᠠᠭ᠎ᠠ ᠬᠤᠳᠠᠯᠳᠤᠬᠤ ᠨᠡᠪᠲᠡᠷᠡᠭᠦᠯᠦᠭᠴᠢ ᠳᠤ ᠲᠣᠰ ᠲᠣᠰ ᠨᠢᠭᠡ ᠤᠳᠠᠭ᠎ᠠ ᠳᠤ 1 ᠲᠦᠮᠡᠨ ᠲᠥᠭᠦᠷᠢᠭ᠂ 5000 ᠲᠥᠭᠦᠷᠢᠭ᠂ 3000 ᠲᠥᠭᠦᠷᠢᠭ ᠤᠨ ᠱᠠᠩᠨᠠᠯ ᠣᠯᠭᠤᠨ᠎ᠠ᠃       ᠭᠤᠷᠪᠠ᠂ ᠨᠡᠶᠢᠭᠡᠮ ᠤᠨ ᠠᠵᠢᠯ ᠦᠢᠯᠡᠰ ᠤᠨ ᠴᠢᠳᠠᠪᠤᠷᠢᠲᠠᠨ ᠢ ᠤᠷᠢᠨ ᠠᠪᠴᠢᠷᠠᠵᠤ ᠰᠠᠶᠢᠲᠤᠷ ᠬᠥᠮᠥᠵᠢᠭᠦᠯᠦᠨ᠎ᠡ       6. ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤᠷᠢᠨ ᠠᠪᠴᠢᠷᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠣᠲᠤᠭ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ︽ᠰᠠᠭᠠᠳ ᠦᠭᠡᠢ ᠨᠡᠪᠲᠡᠷᠡᠬᠦ ᠵᠠᠮ︾ ᠢᠶᠠᠷ ᠤᠷᠢᠨ ᠠᠪᠴᠢᠷᠠᠬᠤ᠂ ᠢᠯᠡ ᠪᠠᠷ ᠰᠢᠯᠭᠠᠨ ᠡᠯᠰᠡᠬᠦ᠂ ᠲᠤᠰᠬᠠᠢ ᠮᠡᠷᠭᠡᠵᠢᠯᠲᠡᠨ ᠢ ᠣᠨᠴᠠ ᠤᠷᠢᠬᠤ ᠵᠡᠷᠭᠡ ᠬᠡᠯᠪᠡᠷᠢ ᠪᠠᠷ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠳᠤ ᠣᠷᠣᠭᠰᠠᠨ ᠳᠡᠭᠡᠳᠦ ᠳᠡᠰ ᠤᠨ ᠴᠢᠳᠠᠪᠤᠷᠢᠲᠠᠨ ᠢ ᠳ᠋ᠣᠺᠲ᠋ᠣᠷᠠᠨᠲ ᠪᠤᠶᠤ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ᠂ ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠤᠶᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ᠂ ᠪᠤᠰᠤᠳ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠤᠶᠤ ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ ᠵᠡᠷᠭᠡ ᠵᠣᠬᠢᠬᠤ ᠲᠠᠰ ᠳᠠᠪᠬᠤᠷᠭ᠎ᠠ ᠪᠠᠷ ᠨᠢ ᠬᠦᠮᠦᠨ ᠪᠦᠷᠢ ᠳᠤ ᠰᠠᠷ᠎ᠠ ᠳᠤ ᠲᠣᠰ ᠲᠣᠰ 5000 ᠲᠥᠭᠦᠷᠢᠭ᠂ 2000 ᠲᠥᠭᠦᠷᠢᠭ᠂ 1000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠥᠬᠦᠴᠡᠯ ᠤᠨ ᠬᠢᠵᠠᠭᠠᠷᠯᠠᠯ ᠦᠭᠡᠢ ᠪᠠᠷ ᠰᠢᠨ᠎ᠡ ᠪᠠᠷ ᠤᠷᠢᠨ ᠠᠪᠴᠢᠷᠠᠭᠰᠠᠨ ᠴᠢᠳᠠᠪᠤᠷᠢᠲᠠᠨ ᠳᠤ ᠳ᠋ᠣᠺᠲ᠋ᠣᠷᠠᠨᠲ ᠪᠤᠶᠤ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ᠂ ᠠᠰᠫᠢᠷᠠᠨᠲ ᠪᠤᠶᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠵᠡᠷᠭᠡ ᠵᠣᠬᠢᠬᠤ ᠲᠠᠰ ᠳᠠᠪᠬᠤᠷᠭ᠎ᠠ ᠪᠠᠷ ᠨᠢ ᠬᠦᠮᠦᠨ ᠪᠦᠷᠢ ᠳᠤ ᠵᠢᠯ ᠳᠤ ᠲᠣᠰ ᠲᠣᠰ 3 ᠲᠦᠮᠡᠨ ᠲᠥᠭᠦᠷᠢᠭ᠂ 1 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠥᠭᠴᠦ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ᠃       7. ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠠᠪᠴᠢᠷᠠᠬᠤ ᠶᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ ︽ᠨᠢᠭᠡ ᠰᠡᠳᠬᠢᠯ ᠨᠢᠭᠡ ᠵᠣᠷᠢᠭ ᠢᠶᠠᠷ ᠣᠲᠤᠭ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠬᠦᠷᠢᠶ᠎ᠡ ᠬᠡᠪᠴᠢᠶᠡᠨ ᠳᠤ ᠵᠢᠭᠠᠨ ᠰᠤᠷᠭᠠᠯᠲᠠ ᠪᠤᠶᠤ ᠬᠠᠮᠢᠶᠠᠷᠤᠯᠲᠠ ᠶᠢᠨ ᠪᠠᠶᠠᠯᠢᠭ ᠲᠤᠷᠰᠢᠯᠭ᠎ᠠ ᠲᠠᠢ ᠨᠠᠷᠠᠲᠤ ᠰᠢᠯᠢᠳᠡᠭ ᠰᠤᠷᠭᠠᠭᠤᠯᠢ ᠶᠢᠨ ᠵᠠᠬᠢᠷᠤᠯ᠂ ᠨᠠᠷᠠᠲᠤ ᠰᠢᠯᠢᠳᠡᠭ ᠪᠠᠭᠰᠢ ᠪᠠ ᠰᠢᠯᠢᠳᠡᠭ ᠲᠡᠭᠦᠰᠦᠭᠰᠡᠳ ᠢ ᠭᠤᠣᠯᠳᠠᠯᠭ᠎ᠠ ᠲᠠᠢ ᠤᠷᠢᠨ ᠠᠪᠴᠢᠷᠠᠨ᠎ᠠ᠃ ᠰᠢᠨ᠎ᠡ ᠪᠠᠷ ᠤᠷᠢᠨ ᠠᠪᠴᠢᠷᠠᠭᠰᠠᠨ ᠨᠠᠷᠠᠲᠤ ᠰᠢᠯᠢᠳᠡᠭ ᠰᠤᠷᠭᠠᠭᠤᠯᠢ ᠶᠢᠨ ᠵᠠᠬᠢᠷᠤᠯ᠂ ᠨᠠᠷᠠᠲᠤ ᠰᠢᠯᠢᠳᠡᠭ ᠪᠠᠭᠰᠢ ᠳᠤ ᠴᠠᠯᠢᠩ ᠬᠥᠯᠥᠰᠦᠨ ᠤ ᠰᠠᠭᠤᠷᠢᠨ ᠳᠡᠭᠡᠷ᠎ᠡ᠂ ᠬᠠᠮᠤᠭ ᠤᠨ ᠥᠨᠳᠥᠷ ᠲᠡᠭᠡᠨ ᠬᠦᠮᠦᠨ ᠪᠦᠷᠢ ᠳᠤ ᠵᠢᠯ ᠳᠤ ᠲᠤᠰ ᠲᠤᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠥᠭᠴᠦ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ︔᡾ᠰᠢᠨ᠎ᠡ ᠪᠠᠷ ᠤᠷᠢᠨ ᠠᠪᠴᠢᠷᠠᠭᠰᠠᠨ ᠪᠠᠭᠰᠢ ᠶᠢᠨ ᠲᠤᠰᠬᠠᠢ ᠮᠡᠷᠭᠡᠵᠢᠯ ᠲᠡᠭᠦᠰᠦᠭᠰᠡᠨ ᠰᠢᠯᠢᠳᠡᠭ ᠰᠤᠷᠤᠭᠴᠢᠳ ᠲᠤ ᠳ᠋ᠣᠺᠲ᠋ᠣᠷᠠᠨᠲ᠂ ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠤᠶᠤ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠲᠥᠷᠥᠯ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ᠂ ᠪᠤᠰᠤᠳ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠤᠶᠤ ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ ᠵᠡᠷᠭᠡ ᠵᠣᠬᠢᠬᠤ ᠲᠠᠰ ᠳᠠᠪᠬᠤᠷᠭ᠎ᠠ ᠪᠠᠷ ᠨᠢ ᠬᠦᠮᠦᠨ ᠪᠦᠷᠢ ᠳᠤ ᠰᠠᠷ᠎ᠠ ᠳᠤ ᠲᠣᠰ ᠲᠣᠰ 1 ᠲᠦᠮᠡᠨ ᠲᠥᠭᠦᠷᠢᠭ᠂ 5000 ᠲᠥᠭᠦᠷᠢᠭ᠂ 3000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ᠃ ᠨᠤᠲᠤᠭ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠤᠷᠮᠠᠰᠢᠭᠤᠯᠬᠤ ᠶᠢ ᠴᠢᠩᠭᠠᠳᠬᠠᠵᠤ᠂ ᠵᠢᠩᠬᠢᠨᠢ ᠳᠡᠭᠡᠳᠦ ᠵᠡᠷᠭᠡ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠰᠢᠨ᠎ᠡ ᠪᠠᠷ ᠣᠯᠣᠭᠰᠠᠨ ᠠᠵᠢᠯ ᠤᠨ ᠪᠠᠶᠢᠷᠢᠨ ᠳᠤ ᠪᠠᠶᠢᠭ᠎ᠠ ᠪᠠᠭᠰᠢ ᠳᠤ ᠨᠢᠭᠡ ᠤᠳᠠᠭ᠎ᠠ ᠳᠤ ᠬᠦᠮᠦᠨ ᠪᠦᠷᠢ ᠳᠤ 4 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ︔ ᠪᠥᠬᠦ ᠤᠯᠤᠰ ᠤᠨ ᠰᠢᠯᠢᠳᠡᠭ ᠪᠠᠭᠰᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠪᠠᠭᠰᠢ᠂ ᠬᠤᠲᠠ ᠶᠢᠨ ᠲᠠᠰ ᠤᠨ ᠰᠢᠯᠢᠳᠡᠭ ᠪᠠᠭᠰᠢ ᠵᠡᠷᠭᠡ ᠵᠣᠬᠢᠬᠤ ᠲᠠᠰ ᠳᠠᠪᠬᠤᠷᠭ᠎ᠠ ᠶᠢᠨ ᠢᠷᠠᠭᠤ ᠠᠯᠳᠠᠷ ᠢ ᠰᠢᠨ᠎ᠡ ᠪᠠᠷ ᠭᠥᠷᠳᠡᠭᠰᠡᠨ ᠠᠵᠢᠯ ᠤᠨ ᠪᠠᠶᠢᠷᠢᠨ ᠳᠤ ᠪᠠᠶᠢᠭ᠎ᠠ ᠪᠠᠭᠰᠢ ᠳᠤ ᠬᠦᠮᠦᠨ ᠪᠦᠷᠢ ᠳᠤ ᠲᠣᠰ ᠲᠣᠰ 6 ᠲᠦᠮᠡᠨ ᠲᠥᠭᠦᠷᠢᠭ᠂ 4 ᠲᠦᠮᠡᠨ ᠲᠥᠭᠦᠷᠢᠭ᠂ 1 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃       8. ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠤᠷᠢᠨ ᠠᠪᠴᠢᠷᠠᠵᠤ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠣᠲᠤᠭ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠨᠢᠭᠡ ᠪᠦᠯᠦᠭ ᠰᠢᠯᠢᠳᠡᠭ ᠬᠤᠷᠢᠶᠠᠨ ᠳᠠᠷᠤᠭ᠎ᠠ᠂ ᠬᠤᠲᠠ ᠶᠢᠨ ᠲᠠᠰ ᠤᠨ ᠠᠨᠠᠭᠠᠬᠤ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠪᠠ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠰᠢᠯᠢᠳᠡᠭ ᠲᠡᠭᠦᠰᠦᠭᠰᠡᠳ ᠢ ᠭᠤᠣᠯᠳᠠᠯᠭ᠎ᠠ ᠲᠠᠢ ᠤᠷᠢᠨ ᠠᠪᠴᠢᠷᠠᠨ᠎ᠠ᠃ ᠰᠢᠨ᠎ᠡ ᠪᠠᠷ ᠤᠷᠢᠨ ᠠᠪᠴᠢᠷᠠᠭᠰᠠᠨ ᠰᠢᠯᠢᠳᠡᠭ  ᠬᠤᠷᠢᠶᠠᠨ ᠳᠠᠷᠤᠭ᠎ᠠ᠂ ᠬᠤᠲᠠ ᠶᠢᠨ ᠲᠠᠰ ᠤᠨ ᠠᠨᠠᠭᠠᠬᠤ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠳᠤ ᠴᠠᠯᠢᠩ ᠬᠥᠯᠥᠰᠦᠨ ᠤ ᠰᠠᠭᠤᠷᠢᠨ ᠳᠡᠭᠡᠷ᠎ᠡ᠂ ᠳᠠᠬᠢᠨ ᠬᠠᠮᠤᠭ ᠤᠨ ᠥᠨᠳᠥᠷ ᠲᠡᠭᠡᠨ ᠬᠦᠮᠦᠨ ᠪᠦᠷᠢ ᠳᠤ ᠵᠢᠯ ᠳᠤ ᠲᠤᠰ ᠲᠤᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ︔ ᠰᠢᠨ᠎ᠡ ᠪᠠᠷ ᠤᠷᠢᠨ ᠠᠪᠴᠢᠷᠠᠭᠰᠠᠨ ᠪᠠᠴᠢᠮ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠲᠠᠢ ᠪᠥᠭᠡᠳ ᠪᠣᠯᠪᠠᠰᠤᠷᠠᠩᠭᠤᠢ ᠪᠣᠯᠤᠭᠰᠠᠨ ᠠᠵᠢᠯ ᠡᠷᠭᠢᠯᠡᠬᠦ ᠡᠮᠴᠢ ᠳᠤ ᠴᠠᠯᠢᠩ ᠬᠥᠯᠥᠰᠦᠨ ᠤ ᠰᠠᠭᠤᠷᠢᠨ ᠳᠡᠭᠡᠷ᠎ᠡ᠂ ᠳᠠᠬᠢᠨ ᠬᠦᠮᠦᠨ ᠪᠦᠷᠢ ᠳᠤ ᠰᠠᠷ᠎ᠠ ᠳᠤ 3000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ︔ ᠰᠢᠨ᠎ᠡ ᠪᠠᠷ ᠤᠷᠢᠨ ᠠᠪᠴᠢᠷᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠰᠢᠯᠢᠳᠡᠭ ᠲᠡᠭᠦᠰᠦᠭᠰᠡᠨ ᠰᠤᠷᠤᠭᠴᠢᠳ ᠲᠤ ᠳ᠋ᠣᠺᠲ᠋ᠣᠷᠠᠨᠲ᠂ ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠠᠰᠫᠢᠷᠠᠨᠲ᠂ ᠪᠤᠰᠤᠳ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠠᠰᠫᠢᠷᠠᠨᠲ ᠪᠤᠶᠤ ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ᠂ ᠲᠤᠰᠬᠠᠢ ᠮᠡᠷᠭᠡᠵᠢᠯ ᠤᠨ ᠰᠣᠷᠣᠭᠴᠢ ᠵᠡᠷᠭᠡ ᠵᠣᠬᠢᠬᠤ ᠲᠠᠰ ᠳᠠᠪᠬᠤᠷᠭ᠎ᠠ ᠪᠠᠷ ᠨᠢ ᠬᠦᠮᠦᠨ ᠪᠦᠷᠢ ᠳᠤ ᠰᠠᠷ᠎ᠠ ᠳᠤ ᠲᠣᠰ ᠲᠣᠰ 1 ᠲᠦᠮᠡᠨ ᠲᠥᠭᠦᠷᠢᠭ᠂ 5000 ᠲᠥᠭᠦᠷᠢᠭ᠂ 3000 ᠲᠥᠭᠦᠷᠢᠭ᠂ 1000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠨᠥᠬᠦᠪᠦᠷᠢᠯᠡᠨ᠎ᠡ᠃ ᠬᠤᠰᠢᠭᠤ ᠲᠠᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠢ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠠᠨᠠᠭᠠᠬᠤ ᠤᠬᠠᠭᠠᠨ ᠤ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠᠷ ᠰᠢᠨ᠎ᠡ ᠪᠠᠷ ᠦᠨᠡᠯᠡᠭᠳᠡᠭᠰᠡᠨ ᠪᠠᠶᠢᠪᠠᠯ᠂ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠳᠤ ᠬᠦᠮᠦᠨ ᠪᠦᠷᠢ ᠳᠤ ᠲᠣᠰ ᠲᠣᠰ 3 ᠲᠦᠮᠡᠨ ᠲᠥᠭᠦᠷᠢᠭ᠂ 2 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠪᠠᠶᠢᠭ᠎ᠠ ᠨᠢᠭᠡᠴᠢ ᠳᠤᠨᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠬᠢᠲᠠᠳ ᠮᠣᠩᠭᠤᠯ ᠡᠮᠨᠡᠯᠭᠡ ᠶᠢᠨ ᠤᠬᠠᠭᠠᠨ ︵ᠲᠤᠰᠬᠠᠢ︶ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠳᠦᠰᠦᠯᠡᠨ᠂ ᠡᠮᠨᠡᠯᠭᠡ ᠶᠢᠨ ᠬᠤᠷᠢᠶ᠎ᠠ ︵ᠰᠠᠯᠠᠭ᠎ᠠ ᠲᠠᠰᠤᠭ︶ ᠳᠤ ᠬᠠᠮᠤᠭ ᠤᠨ ᠥᠨᠳᠥᠷ ᠲᠡᠭᠡᠨ ᠵᠢᠯ ᠳᠤ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      9. ᠰᠣᠶᠣᠯ ᠤᠨ ᠬᠦᠷᠢᠶᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠨᠠᠭᠠᠳᠤᠮ︾᠂ ︽ᠨᠠᠶᠢᠷ ᠰᠣᠶᠣᠯ︾᠂ ︽ᠣᠷᠳᠣᠰ ᠬᠤᠷᠢᠮ︾ ᠵᠡᠷᠭᠡ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠦᠨ᠂ ︽ᠡᠯᠢᠭᠡᠨ ᠬᠠᠶᠢᠷᠠᠲᠤ ᠣᠲᠤᠭ᠂ ᠡᠴᠢᠨ᠎ᠡ ᠭᠠᠶᠢᠬᠠᠮᠰᠢᠭᠲᠤ ᠨᠤᠲᠤᠭ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠥᠷᠭᠡᠳᠬᠡᠨ ᠠᠯᠳᠠᠷᠰᠢᠭᠤᠯᠤᠨ᠎ᠠ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ︵ᠮᠤᠵᠢ︶ ᠤ ᠲᠠᠰ ᠤᠨ ᠠᠯᠪᠠᠨ  ᠠᠴᠠ ᠡᠷᠭᠢᠯᠡᠭᠰᠡᠨ ᠤᠷᠤᠯᠳᠤᠭᠠᠨ ᠤ ᠬᠠᠮᠢᠶ᠎ᠠ ᠪᠦᠬᠦᠢ ᠱᠠᠩᠨᠠᠯ ᠢ ᠰᠢᠨ᠎ᠡ ᠪᠠᠷ ᠭᠥᠷᠳᠡᠭᠰᠡᠨ ᠪᠤᠶᠤ ᠣᠲᠤᠭ ᠬᠤᠰᠢᠭᠤ ᠶᠢ ᠲᠥᠯᠥᠭᠡᠯᠡᠨ ᠠᠯᠪᠠᠨ ᠠᠴᠠ ᠲᠣᠭᠲᠠᠭᠠᠭᠰᠠᠨ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ ᠳᠤ ᠣᠷᠣᠯᠴᠠᠭᠰᠠᠨ ᠪᠥᠭᠡᠳ ᠨᠡᠶᠢᠲᠡᠯᠢᠭ ᠵᠢᠱᠢᠶ᠎ᠡ ᠪᠣᠯᠭᠠᠨ ᠲᠠᠨᠢᠯᠴᠠᠭᠤᠯᠤᠭᠰᠠᠨ ᠬᠤᠪᠢ ᠬᠥᠮᠥᠨ ᠪᠠ ᠪᠦᠯᠬᠦᠮ ᠨᠡᠶᠢᠲᠡ ᠪᠦᠷᠢ ᠳᠤ ᠲᠣᠰ ᠲᠣᠰ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ᠂ ᠬᠠᠮᠤᠭ ᠤᠨ ᠥᠨᠳᠥᠷ ᠲᠡᠭᠡᠨ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠴᠢᠬᠤᠯᠠᠴᠢᠯᠠᠨ ᠬᠥᠮᠥᠵᠢᠭᠦᠯᠵᠦ᠂ ᠰᠢᠨ᠎ᠡ ᠪᠠᠷ ᠲᠣᠭᠲᠠᠭᠠᠭᠰᠠᠨ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ︵ᠮᠤᠵᠢ︶ ᠤ ᠲᠡᠰ᠂ ᠬᠤᠳᠠ ᠶᠢᠨ ᠲᠡᠰ ᠤᠨ ᠪᠤᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠦᠷᠢ ᠶᠢ ᠲᠤᠰ ᠲᠤᠰ ᠨᠢᠭᠡ ᠤᠳᠠᠭ᠎ᠠ ᠳᠡᠭᠡᠷ᠎ᠡ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠢᠶᠠᠷ ᠱᠠᠩᠨᠠᠨ᠎ᠠ᠃ ᠠᠷᠵᠠᠢ ᠠᠭᠤᠢ᠂ ᠣᠷᠠᠨᠲᠦ᠋ᠰᠢ ᠠᠭᠤᠯᠠ ᠶᠢᠨ ᠬᠠᠲᠠᠨ ᠵᠢᠷᠤᠭ ᠤᠨ ᠰᠦᠷᠦᠭᠵᠢᠯ᠂ ᠣᠯᠠᠨ ᠨᠤᠬᠠᠢ ᠶᠢᠨ ᠴᠢᠷᠭ᠎ᠠ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠳᠠᠪᠤᠷᠢᠲᠠᠨ ᠢ ᠤᠷᠢᠨ ᠠᠪᠴᠢᠷᠠᠬᠤ ᠶᠢ ᠳᠡᠮᠵᠢᠵᠦ᠂ ᠰᠢᠨ᠎ᠡ ᠪᠠᠷ ᠤᠷᠢᠨ ᠠᠪᠴᠢᠷᠠᠭᠰᠠᠨ ᠴᠢᠳᠠᠪᠤᠷᠢᠲᠠᠨ ᠳᠤ ᠬᠥᠮᠥᠨ ᠪᠦᠷᠢ ᠰᠠᠷ᠎ᠠ ᠶᠢᠨ 3000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠤᠨ ᠨᠥᠬᠦᠪᠦᠷᠢ ᠥᠭᠭᠦᠨ᠎ᠡ᠃       10. ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠠᠵᠢᠯᠲᠠᠳ ᠤᠨ ᠤᠯᠤᠰ ᠤᠨ ᠨᠡᠶᠢᠭᠡᠮ ᠤᠨ ᠠᠵᠢᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠤᠯᠤᠰ ᠤᠨ ᠨᠡᠶᠢᠭᠡᠮ ᠤᠨ ᠠᠵᠢᠯ ᠤᠨ ᠠᠵᠢᠯ ᠮᠡᠷᠭᠡᠵᠢᠯ ᠤᠨ ᠳᠡᠭᠡᠳᠦ ᠵᠡᠷᠭᠡ᠂ ᠳᠤᠮᠳᠠ ᠵᠡᠷᠭᠡ᠂ ᠠᠩᠬ᠎ᠠ ᠵᠡᠷᠭᠡ ᠶᠢᠨ ᠬᠢᠷᠢ ᠬᠡᠮ ᠣᠯᠣᠭᠰᠠᠨ ᠬᠥᠮᠥᠰ᠂ ᠮᠠᠨ ᠤ ᠬᠤᠰᠢᠭᠤᠨ ᠳᠤ ᠨᠡᠶᠢᠭᠡᠮ ᠤᠨ ᠠᠵᠢᠯ ᠤᠨ ᠬᠠᠮᠢᠶ᠎ᠠ ᠪᠦᠬᠦᠢ ᠠᠵᠢᠯ ᠢ ᠡᠷᠭᠢᠯᠡᠨ ᠬᠢᠵᠦ ᠪᠠᠶᠢᠭ᠎ᠠ ᠪᠥᠭᠡᠳ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠲᠤ ᠳᠠᠩᠰᠠᠯᠠᠭᠤᠯᠤᠨ ᠲᠡᠮᠳᠡᠭᠯᠡᠭᠦᠯᠦᠭᠰᠡᠨ ᠪᠠᠶᠢᠪᠠᠯ ᠲᠣᠰ ᠲᠣᠰ ᠬᠥᠮᠥᠨ ᠪᠦᠷᠢ ᠰᠠᠷ᠎ᠠ ᠶᠢᠨ 1000 ᠲᠥᠭᠦᠷᠢᠭ᠂ 500 ᠲᠥᠭᠦᠷᠢᠭ᠂ 300 ᠲᠥᠭᠦᠷᠢᠭ ᠤᠨ ᠠᠵᠢᠯ ᠤᠨ ᠨᠥᠬᠦᠪᠦᠷᠢ ᠣᠯᠭᠤᠵᠤ᠂ ᠬᠠᠮᠤᠭ ᠤᠨ ᠣᠷᠳᠣ ᠳᠠᠭᠠᠨ 3 ᠵᠢᠯ ᠤᠨ ᠨᠥᠬᠦᠪᠦᠷᠢ ᠥᠭᠭᠦᠨ᠎ᠡ᠃       ᠳᠥᠷᠪᠡ᠂ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠎ᠠ       11. ᠰᠤᠷᠤᠯᠭ᠎ᠠ ᠶᠢᠨ ᠨᠠᠮᠲᠠᠷ᠂ ᠮᠡᠷᠭᠡᠵᠢᠯ ᠤᠨ ᠴᠣᠯᠠ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠠᠶᠢᠭᠤᠯᠭ᠎ᠠ ᠪᠤᠶᠤ ᠪᠤᠰᠤᠳ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠪᠠᠴᠢᠮ ᠳᠤᠲᠠᠭᠳᠠᠵᠤ ᠪᠦᠬᠦᠢ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠤ ᠳ᠋ᠣᠺᠲ᠋ᠣᠷᠠᠨᠲ ᠪᠠ ᠠᠰᠫᠢᠷᠠᠨᠲ ᠢᠶᠠᠷ ᠰᠤᠷᠤᠯᠴᠠᠬᠤ ᠶᠢ ᠵᠣᠷᠢᠭᠵᠢᠭᠤᠯᠵᠤ᠂ ᠠᠵᠢᠯ ᠤᠨ ᠪᠠᠶᠢᠷᠢ ᠳᠤ ᠪᠠᠶᠢᠭ᠎ᠠ ᠬᠤᠭᠤᠴᠠᠭᠠᠨ ᠳᠠᠭᠠᠨ ᠳ᠋ᠣᠺᠲ᠋ᠣᠷᠠᠨᠲ ᠪᠠ ᠠᠰᠫᠢᠷᠠᠨᠲ ᠢᠶᠠᠷ ᠰᠢᠨ᠎ᠡ ᠪᠠᠷ ᠰᠢᠯᠭᠠᠭᠤᠯᠤᠨ ᠣᠷᠣᠵᠤ᠂ ᠬᠠᠮᠢᠶ᠎ᠠ ᠪᠦᠬᠦᠢ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠣᠯᠣᠭᠰᠠᠨ ᠤ ᠳᠠᠷᠠᠭ᠎ᠠ ᠮᠠᠨ ᠤ ᠬᠤᠰᠢᠭᠤᠨ ᠳᠤ ᠦᠷᠭᠦᠯᠵᠢᠯᠡᠨ 3 ᠵᠢᠯ ᠠᠴᠠ ᠳᠡᠭᠡᠷ᠎ᠡ ᠦᠢᠯᠡᠴᠢᠯᠡᠪᠡᠯ᠂  ᠲᠣᠰ ᠲᠣᠰ ᠬᠥᠮᠥᠨ ᠪᠦᠷᠢ 3 ᠲᠦᠮᠡᠨ ᠲᠥᠭᠦᠷᠢᠭ᠂ 1 ᠲᠦᠮᠡᠨ ᠲᠥᠭᠦᠷᠢᠭ ᠤᠨ ᠰᠤᠷᠤᠯᠭ᠎ᠠ ᠶᠢᠨ ᠵᠠᠷᠤᠳᠠᠯ ᠤᠨ ᠨᠥᠬᠦᠪᠦᠷᠢ ᠣᠯᠭᠤᠨ᠎ᠠ︔ ᠠᠵᠤ ᠠᠬᠤᠶᠢᠯᠠᠯ ᠳᠤ ᠠᠵᠢᠯ ᠬᠢᠵᠤ ᠪᠠᠶᠢᠭ᠎ᠠ ᠠᠵᠢᠯᠲᠠᠨ ᠳᠡᠭᠡᠳᠦ ᠵᠡᠷᠭᠡ ᠶᠢᠨ ᠮᠠᠰᠲ᠋ᠧᠷ᠂ ᠮᠠᠰᠲ᠋ᠧᠷ᠂ ᠳᠡᠭᠡᠳᠦ ᠵᠡᠷᠭᠡ ᠶᠢᠨ ᠠᠵᠢᠯᠴᠢᠨ ᠤ ᠠᠵᠢᠯ ᠮᠡᠷᠭᠡᠵᠢᠯ ᠤᠨ ᠬᠢᠷᠢ ᠬᠡᠮ ᠢ ᠰᠢᠨ᠎ᠡ ᠪᠠᠷ ᠣᠯᠣᠭᠰᠠᠨ ᠪᠠᠶᠢᠪᠠᠯ᠂ ᠲᠣᠰ ᠲᠣᠰ ᠬᠥᠮᠥᠨ ᠪᠦᠷᠢ ᠳᠤ ᠨᠢᠭᠡ ᠤᠳᠠᠭ᠎ᠠ ᠳᠡᠭᠡᠷ᠎ᠡ 1 ᠲᠦᠮᠡᠨ ᠲᠥᠭᠦᠷᠢᠭ᠂ 5000 ᠲᠥᠭᠦᠷᠢᠭ᠂ 2000 ᠲᠥᠭᠦᠷᠢᠭ ᠤᠨ ᠱᠠᠩᠨᠠᠯ ᠣᠯᠭᠤᠨ᠎ᠠ᠃       12. ᠨᠤᠲᠤᠭ ᠤᠨ ᠴᠢᠳᠠᠪᠤᠷᠢᠲᠠᠨ ᠢ ᠰᠢᠯᠭᠠᠷᠠᠭᠤᠯᠤᠨ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ ᠴᠢᠳᠠᠪᠤᠷᠢᠲᠠᠨ ᠢ ᠦᠨᠡᠯᠡᠬᠦ ᠤᠯᠠᠨ ᠡᠰᠢᠴᠢᠯᠡᠭᠰᠡᠨ ᠲᠣᠭᠲᠠᠴᠠ ᠪᠠ ᠴᠢᠳᠠᠪᠤᠷᠢᠲᠠᠨ ᠢ ᠲᠦᠷᠦᠯ ᠬᠤᠪᠢᠶᠠᠨ ᠦᠨᠡᠯᠡᠬᠦ ᠨᠡᠩ ᠰᠢᠨᠵᠢᠯᠡᠬᠦ ᠤᠬᠠᠭᠠᠨᠴᠢ ᠲᠣᠭᠲᠠᠯᠴᠠᠭ᠎ᠠ ᠶᠢ ᠪᠠᠶᠢᠭᠤᠯᠤᠨ᠎ᠠ᠃ ︽ᠣᠲᠤᠭ ᠤᠨ ᠴᠢᠳᠠᠪᠤᠷᠢᠲᠠᠨ︾ ᠢ ᠰᠢᠯᠭᠠᠷᠠᠭᠤᠯᠬᠤ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠶᠣᠰᠣᠭᠠᠷ᠂ ᠰᠢᠯᠭᠠᠷᠠᠭᠤᠯᠤᠭᠳᠠᠭᠰᠠᠨ ᠴᠢᠳᠠᠪᠤᠷᠢᠲᠠᠨ ᠪᠦᠷᠢ ᠶᠢ ᠲᠣᠰ ᠲᠣᠰ ᠨᠢᠭᠡ ᠤᠳᠠᠭ᠎ᠠ ᠳᠡᠭᠡᠷ᠎ᠡ 5 ᠲᠦᠮᠡᠨ ᠲᠥᠭᠦᠷᠢᠭ᠂ 3 ᠲᠦᠮᠡᠨ ᠲᠥᠭᠦᠷᠢᠭ᠂ 1 ᠲᠦᠮᠡᠨ ᠲᠥᠭᠦᠷᠢᠭ ᠢᠶᠠᠷ ᠱᠠᠩᠨᠠᠨ᠎ᠠ︔ ᠮᠠᠨ ᠤ ᠬᠤᠰᠢᠭᠤᠨ ᠤ ᠬᠥᠮᠥᠵᠢᠭᠦᠯᠦᠭᠰᠡᠨ ᠪᠤᠶᠤ ᠲᠣᠭᠲᠠᠭᠰᠠᠨ ᠱᠠᠭᠠᠷᠳᠠᠯᠭ᠎ᠠ ᠪᠠᠷ ᠤᠷᠢᠨ ᠠᠪᠴᠢᠷᠠᠭᠰᠠᠨ ︽ᠣᠲᠤᠭ ᠤᠨ ᠴᠢᠳᠠᠪᠤᠷᠢᠲᠠᠨ︾ 3 ᠵᠢᠯ ᠤᠨ ᠬᠠᠮᠢᠶᠠᠷᠤᠯᠲᠠ ᠶᠢᠨ ᠬᠤᠭᠤᠴᠠᠭᠠᠨ ᠤ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠪᠠᠶᠢᠪᠠᠯ᠂ ᠲᠣᠰ ᠲᠣᠰ  ᠬᠥᠮᠥᠨ ᠪᠦᠷᠢ ᠵᠢᠯ ᠤᠨ 8 ᠲᠦᠮᠡᠨ ᠲᠥᠭᠦᠷᠢᠭ᠂ 6 ᠲᠦᠮᠡᠨ ᠲᠥᠭᠦᠷᠢᠭ᠂ 4 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠨ᠎ᠠ᠃ ᠠᠵᠢᠯ ᠲᠥᠷᠥᠯ ᠪᠠ ᠬᠦᠷᠢᠶ᠎ᠡ ᠬᠡᠪᠴᠢᠶ᠎ᠡ ᠬᠤᠪᠢᠶᠠᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠳᠬ᠎ᠠ ᠤᠷᠠᠯᠢᠭ᠂ ᠨᠡᠶᠢᠭᠡᠮ ᠤᠨ ᠠᠵᠢᠯ᠂ ᠮᠥᠩᠭᠦᠨ ᠭᠦᠢᠯᠭᠡᠭᠡ᠂ ᠠᠵᠤ ᠠᠬᠤᠶᠢᠯᠠᠯ ᠤᠨ ᠬᠠᠮᠢᠶᠠᠷᠤᠯᠲᠠ ᠵᠡᠷᠭᠡ ᠴᠢᠳᠠᠪᠤᠷᠢᠲᠠᠨ ᠢ ᠰᠢᠯᠭᠠᠷᠠᠭᠤᠯᠬᠤ ᠢᠨᠵᠧᠨᠧᠷᠢᠩ ᠢ ᠥᠷᠨᠢᠭᠦᠯᠵᠦ᠂ ᠰᠢᠯᠭᠠᠷᠠᠭᠤᠯᠤᠭᠳᠠᠭᠰᠠᠨ ᠴᠢᠳᠠᠪᠤᠷᠢᠲᠠᠨ ᠪᠦᠷᠢ ᠶᠢ ᠬᠠᠮᠤᠭ ᠤᠨ ᠥᠨᠳᠥᠷ ᠲᠡᠭᠡᠨ 3 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠵᠦ᠂ ᠰᠢᠯᠭᠠᠷᠠᠭᠤᠯᠤᠭᠳᠠᠭᠰᠠᠨ ᠴᠢᠳᠠᠪᠤᠷᠢᠲᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠠᠰᠤᠭ ᠢ ᠳᠡᠮᠵᠢᠵᠦ᠂ ᠪᠣᠳᠠᠲᠠᠢ ᠦᠷ᠎ᠡ ᠪᠦᠲᠦᠮᠵᠢ ᠶᠢ ᠦᠨᠳᠦᠰᠦᠯᠡᠨ᠂ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ ᠬᠠᠮᠤᠭ ᠤᠨ ᠥᠨᠳᠥᠷ ᠲᠡᠭᠡᠨ 15 ᠲᠦᠮᠡᠨ ᠲᠥᠭᠦᠷᠢᠭ ᠤᠨ ᠲᠡᠳᠬᠦᠨ ᠳᠡᠮᠵᠢᠬᠦ ᠪᠡᠯᠡ ᠮᠥᠩᠭᠦ ᠣᠯᠭᠤᠨ᠎ᠠ᠃       13. ᠴᠢᠳᠠᠪᠤᠷᠢᠲᠠᠨ ᠤ ᠲᠥᠷᠥᠯ ᠵᠦᠢᠯ ᠢ ᠳᠡᠮᠵᠢᠬᠦ ᠲᠥᠯᠥᠪᠯᠡᠭᠡ ᠶᠢ ᠡᠬᠢᠯᠡᠭᠦᠯᠦᠨ᠎ᠡ᠃ ᠴᠢᠳᠠᠪᠤᠷᠢᠲᠠᠨ ᠤ ᠠᠵᠢᠯ ᠤᠨ ᠲᠥᠷᠥᠯ ᠵᠦᠢᠯ ᠪᠣᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠵᠢᠯ ᠤᠨ ᠡᠬᠢᠨ ᠳᠤ ᠥᠪᠡᠷ ᠥᠪᠡᠷ ᠤᠨ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠨᠢᠭᠡ ᠪᠦᠯᠦᠭ ᠴᠢᠳᠠᠪᠤᠷᠢᠲᠠᠨ ᠤ ᠲᠥᠷᠥᠯ ᠵᠦᠢᠯ ᠢ ᠴᠤᠭᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠠᠯᠪᠠᠨ ᠭᠡᠷ ᠪᠣᠯᠣᠨ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠲᠥᠷᠥᠯ ᠵᠦᠢᠯ ᠢ ᠪᠥᠬᠦ ᠵᠢᠯ ᠢᠶᠠᠷ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠵᠢᠯ ᠤᠨ ᠡᠴᠦᠰ ᠲᠤ ᠶᠡᠷᠦᠩᠬᠡᠶᠢᠯᠡᠨ ᠦᠨᠡᠯᠡᠨ ᠲᠣᠭᠲᠠᠭᠠᠵᠤ᠂ ᠦᠷ᠎ᠡ ᠪᠦᠲᠦᠮᠵᠢ ᠪᠠᠷ ᠢᠯᠡᠷᠬᠡᠢ᠂ ᠵᠣᠬᠢᠬᠤ ᠬᠡᠮᠵᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠲᠠᠢ ᠪᠠ ᠴᠢᠳᠠᠪᠤᠷᠢᠲᠠᠨ ᠢ ᠬᠥᠮᠥᠵᠢᠭᠦᠯᠬᠦ ᠦᠷ᠎ᠡ ᠪᠦᠲᠦᠮᠵᠢ ᠲᠠᠢ ᠲᠥᠷᠥᠯ ᠵᠦᠢᠯ ᠳᠤ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠶᠢ ᠠᠪᠴᠤ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠳᠤ ︽ᠮᠠᠩᠯᠠᠶᠢᠯᠠᠭᠴᠢ ᠪᠣᠯᠭᠠᠬᠤ︾᠂ ︽ᠮᠥᠷᠥᠶᠢᠴᠡᠭᠦᠯᠬᠦ︾ ᠳᠦᠷᠢᠮ ᠢ ᠲᠣᠭᠲᠠᠭᠠᠵᠤ᠂ ᠪᠥᠬᠦ ᠨᠡᠶᠢᠭᠡᠮ ᠳᠤ ᠬᠠᠨᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠤᠨ ᠦᠷ᠎ᠡ ᠪᠦᠲᠦᠭᠡᠯ ᠢ ᠢᠯᠡ ᠪᠠᠷ ᠴᠤᠭᠯᠠᠭᠤᠯᠬᠤ ᠶᠢᠨ ᠬᠠᠮᠲᠤ᠂ ᠡᠯ᠎ᠡ ᠠᠵᠢᠯ ᠲᠥᠷᠥᠯ ᠤᠨ ᠴᠢᠳᠠᠪᠤᠷᠢᠲᠠᠨ ᠤ ᠮᠠᠩᠯᠠᠶᠢᠯᠠᠭᠴᠢ ᠪᠣᠯᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠦᠷ᠎ᠡ ᠪᠦᠲᠦᠮᠵᠢ ᠶᠢ ᠦᠨᠳᠦᠰᠦᠯᠡᠨ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠣᠯᠭᠤᠨ᠎ᠠ᠃       ᠲᠠᠪᠤ᠂ ᠴᠢᠳᠠᠪᠤᠷᠢᠲᠠᠨ ᠤ ᠬᠥᠭᠵᠢᠯᠲᠡ ᠶᠢᠨ ᠲᠠᠪᠴᠠᠩ ᠢ ᠢᠳᠡᠪᠬᠢᠲᠡᠢ ᠪᠠᠶᠢᠭᠤᠯᠤᠨ᠎ᠠ       14. ᠴᠢᠳᠠᠪᠤᠷᠢᠲᠠᠨ ᠤ ᠠᠴᠢᠶᠠᠯᠠᠪᠤᠷᠢ ᠶᠢ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ︽ᠲᠠᠪᠴᠠᠩ + ᠴᠢᠳᠠᠪᠤᠷᠢᠲᠠᠨ︾ ᠤ ᠴᠢᠳᠠᠪᠤᠷᠢᠲᠠᠨ ᠢ ᠴᠤᠭᠯᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠵᠡᠷᠭᠡ ᠴᠢᠳᠠᠪᠤᠷᠢᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠥᠪᠡᠰᠦᠪᠡᠨ ᠪᠠᠶᠢᠭᠤᠯᠬᠤ ᠪᠤᠶᠤ ᠨᠠᠷᠠᠲᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠮᠲᠤᠪᠠᠷ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠴᠢᠳᠠᠪᠤᠷᠢᠲᠠᠨ ᠤ ᠠᠴᠢᠶᠠᠯᠠᠪᠤᠷᠢ ᠪᠠᠶᠢᠭᠤᠯᠬᠤ ᠶᠢ ᠵᠣᠷᠢᠭᠵᠢᠭᠤᠯᠤᠨ ᠳᠡᠮᠵᠢᠨ᠎ᠡ ︵ᠳᠠᠷᠤᠢ᠄ ᠡᠯ᠎ᠡ ᠱᠠᠲᠤᠨ ᠤ ᠭᠤᠣᠯᠳᠠᠯᠭ᠎ᠠ ᠲᠠᠢ ︵ᠢᠨᠵᠧᠨᠧᠷᠢᠩ︶ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠢᠨᠵᠧᠨᠧᠷᠢᠩ ᠤᠨ ᠰᠤᠳᠤᠯᠭᠠᠨ ᠤ ᠲᠥᠪ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ᠂ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ᠂ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯ ᠤᠨ ᠲᠠᠰᠤᠭ ᠵᠡᠷᠭᠡ︶᠃ ᠮᠠᠨ ᠤ ᠬᠤᠰᠢᠭᠤᠨ ᠳᠤ ᠰᠠᠭᠤᠷᠢᠰᠢᠭᠰᠠᠨ ᠡᠯ᠎ᠡ ᠲᠥᠷᠥᠯ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠲᠠᠪᠴᠠᠩ ᠨᠢ ᠬᠤᠲᠠ ᠶᠢᠨ ᠲᠠᠰ ᠤᠨ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠬᠤᠲᠠ ᠶᠢᠨ ᠲᠠᠰ ᠤᠨ ᠨᠥᠬᠦᠪᠦᠷᠢ ᠮᠥᠩᠭᠦ ᠪᠠᠷ ᠲᠤᠰᠠᠯᠠᠬᠤ ᠶᠢ ᠴᠢᠷᠮᠠᠶᠢᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠳᠠᠬᠢᠨ ᠬᠠᠷᠠᠭᠠᠯᠵᠠᠭᠰᠠᠨ ᠬᠤᠲᠠ ᠶᠢᠨ ᠲᠠᠰ ᠤᠨ ᠪᠡᠯᠡ ᠮᠥᠩᠭᠦ ᠶᠢᠨ 10% — 50% ᠶᠢᠨ ᠨᠥᠬᠦᠪᠦᠷᠢ ᠮᠥᠩᠭᠦ ᠪᠠᠷ ᠲᠤᠰᠠᠯᠠᠨ᠎ᠠ︔ ᠬᠤᠲᠠ ᠶᠢᠨ ᠱᠠᠲᠤᠨ ᠤ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠪᠣᠯᠪᠠᠴᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠠ ᠪᠣᠳᠠᠲᠠᠢ ᠦᠷ᠎ᠡ ᠠᠰᠢᠭ ᠢᠶᠠᠷ ᠢᠯᠡᠳᠲᠡ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠲᠠᠪᠴᠠᠩ ᠢ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠨ᠎ᠡ᠃ ᠬᠤᠰᠢᠭᠤᠨ ᠤ ᠳᠣᠲᠣᠷᠠᠬᠢ ᠠᠵᠤ ᠠᠬᠤᠶᠢᠯᠠᠯ ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠲᠡᠷᠢᠭᠦᠨ ᠤ ᠦᠢᠯᠡᠳᠬᠦ ᠦᠢᠯᠡᠰ ᠵᠡᠷᠭᠡ ᠭᠤᠣᠯᠯᠠᠬᠤ ᠠᠵᠤ ᠦᠢᠯᠡᠰ ᠤᠨ ᠰᠦᠷᠦᠭᠵᠢᠯ ᠤᠨ ᠲᠣᠭᠤᠷᠢᠨ ᠳᠤ ᠲᠣᠰ ᠲᠣᠰ ᠬᠠᠷᠠᠭᠠᠯᠵᠠᠭᠰᠠᠨ ᠠᠵᠤ ᠦᠢᠯᠡᠰ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠬᠥᠲᠥᠯᠥᠨ ᠳᠠᠭᠠᠭᠤᠯᠵᠤ ᠳᠠᠶᠢᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠶᠢ ᠦᠨᠳᠦᠰᠦᠯᠡᠨ᠂ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃       15. ︽ᠴᠢᠳᠠᠪᠤᠷᠢᠲᠠᠨ ᠢ ᠬᠥᠮᠥᠵᠢᠭᠦᠬᠦ ᠭᠠᠵᠠᠷ︾ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠮᠠᠨ ᠤ ᠬᠤᠰᠢᠭᠤᠨ ᠤ ᠣᠷᠣᠨ ᠪᠠᠶᠢᠷᠢ ᠶᠢᠨ ᠪᠣᠳᠠᠲᠠᠢ ᠪᠠᠶᠢᠳᠠᠯ ᠳᠤ ᠴᠢᠭᠯᠡᠭᠦᠯᠦᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠥᠭᠵᠢᠭᠰᠡᠨ ᠭᠠᠵᠠᠷ ᠣᠷᠣᠨ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ︾ ᠪᠠᠶᠢᠭᠤᠯᠬᠤ ᠶᠢ ᠳᠡᠮᠵᠢᠨ ᠵᠣᠷᠢᠭᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠢᠨᠠᠷ ᠰᠠᠶᠢᠲᠠᠢ ᠰᠢᠨ᠎ᠡ ᠶᠢ ᠡᠭᠦᠳᠦᠨ ᠦᠢᠯᠡᠰ ᠪᠦᠲᠦᠭᠡᠬᠦ ᠲᠥᠷᠥᠯ ᠵᠦᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠣᠷᠣᠭᠤᠯᠵᠤ ᠬᠥᠮᠥᠵᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠭᠰᠠᠨ ᠬᠥᠭᠵᠢᠭᠰᠡᠨ ᠭᠠᠵᠠᠷ ᠣᠷᠣᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠬᠥᠮᠥᠵᠢᠭᠦᠬᠦ ᠲᠥᠷᠥᠯ ᠵᠦᠢᠯ ᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠤᠨ ᠠᠵᠤ ᠦᠢᠯᠡᠰᠵᠢᠭᠦᠯᠦᠭᠰᠡᠨ ᠪᠠᠶᠢᠪᠠᠯ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠴᠢᠳᠠᠪᠤᠷᠢᠲᠠᠨ ᠢ ᠬᠥᠮᠥᠵᠢᠭᠦᠯᠬᠦ ᠭᠠᠵᠠᠷ ᠤᠨ ᠲᠠᠪᠴᠠᠩ ᠢᠶᠠᠷ ᠴᠢᠳᠠᠪᠤᠷᠢᠲᠠᠨ ᠤᠷᠢᠨ ᠬᠡᠷᠡᠭᠯᠡᠬᠦ ᠳᠤ ᠮᠠᠨ ᠤ ᠬᠤᠰᠢᠭᠤᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠨ᠎ᠡ᠃       16. ᠰᠢᠨ᠎ᠡ ᠶᠢ ᠡᠭᠦᠳᠦᠨ ᠦᠢᠯᠡᠰ ᠪᠦᠲᠦᠭᠡᠬᠦ ᠶᠢ ᠳᠡᠮᠵᠢᠬᠦ ᠪᠠᠨ ᠴᠢᠩᠭᠠᠳᠬᠠᠨ᠎ᠠ᠃ ᠵᠠᠯᠠᠭᠤ ᠴᠢᠳᠠᠪᠤᠷᠢᠲᠠᠨ ᠪᠠ ᠳᠡᠭᠡᠳᠦ ᠰᠤᠷᠭᠠᠭᠤᠯᠢ ᠲᠡᠭᠦᠰᠦᠭᠰᠡᠳ ᠮᠠᠨ ᠤ ᠬᠤᠰᠢᠭᠤᠨ ᠳᠤ ᠢᠷᠡᠵᠦ ᠰᠢᠨ᠎ᠡ ᠶᠢ ᠡᠭᠦᠳᠦᠨ ᠦᠢᠯᠡᠰ ᠪᠦᠲᠦᠭᠡᠬᠦ ᠶᠢ ᠳᠡᠮᠵᠢᠵᠦ᠂ 2 ᠵᠢᠯ ᠠᠴᠠ ᠳᠡᠭᠡᠭᠰᠢ ᠬᠡᠪ ᠢᠶᠠᠷ ᠡᠵᠡᠩᠨᠡᠭᠰᠡᠨ ᠪᠥᠭᠡᠳ ᠵᠣᠬᠢᠬᠤ ᠰᠢᠨ᠎ᠡ ᠶᠢ ᠡᠭᠦᠳᠬᠦ ᠴᠢᠨᠠᠷ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠨᠠᠷ ᠲᠠᠢ ᠲᠥᠷᠥᠯ ᠵᠦᠢᠯ ᠳᠤ ᠨᠢᠭᠡ ᠤᠳᠠᠭ᠎ᠠ ᠳᠤ 5 ᠲᠦᠮᠡᠨ ᠲᠥᠭᠦᠷᠢᠭ ᠤᠨ ᠪᠡᠯᠡ ᠮᠥᠩᠭᠦᠨ ᠤ ᠳᠡᠮᠵᠢᠯᠭᠡ ᠣᠯᠭᠤᠨ᠎ᠠ᠃ ᠡᠭᠦᠨ ᠤ ᠬᠠᠮᠲᠤ᠂ ᠮᠠᠨ ᠤ ᠬᠤᠰᠢᠭᠤᠨ ᠳᠤ ᠢᠷᠡᠵᠦ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠᠶᠢᠭᠤᠯᠤᠭᠰᠠᠨ ᠡᠯ᠎ᠡ ᠲᠥᠷᠥᠯ ᠤᠨ ᠴᠢᠳᠠᠪᠤᠷᠢᠲᠠᠨ ᠤ ᠠᠵᠤ ᠠᠬᠤᠶᠢᠯᠠᠯ ᠤᠨ ᠵᠢᠯ ᠤᠨ ᠪᠣᠷᠤᠯᠠᠭᠤᠯᠭ᠎ᠠ ᠶᠢᠨ ᠣᠷᠣᠯᠭ᠎ᠠ ᠨᠢ ᠠᠩᠬ᠎ᠠ ᠤᠳᠠᠭ᠎ᠠ 1 ᠳ᠋ᠦᠩᠰᠢᠭᠤᠷ ᠲᠥᠭᠦᠷᠢᠭ᠂ 5000 ᠲᠦᠮᠡᠨ ᠲᠥᠭᠦᠷᠢᠭ᠂ 2000 ᠲᠦᠮᠡᠨ ᠲᠥᠭᠦᠷᠢᠭ ᠲᠤ ᠬᠦᠷᠦᠭᠰᠡᠨ ᠪᠠᠶᠢᠪᠠᠯ᠂ ᠲᠤᠰ ᠲᠤᠰ ᠨᠢᠭᠡ ᠤᠳᠠᠭ᠎ᠠ ᠳᠤ 200 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ︵ᠮᠤᠵᠢ︶ ᠤ ᠲᠠᠰ᠂ ᠬᠤᠲᠠ ᠶᠢᠨ ᠲᠠᠰ ᠤᠨ ᠰᠢᠨ᠎ᠡ ᠶᠢ ᠡᠭᠦᠳᠦᠨ ᠦᠢᠯᠡᠰ ᠪᠦᠲᠦᠭᠡᠬᠦ ᠤᠷᠤᠯᠳᠤᠭᠠᠨ ᠤ ᠱᠠᠩᠨᠠᠯ ᠢ ᠰᠢᠨ᠎ᠡ ᠪᠠᠷ ᠭᠥᠷᠳᠡᠭᠰᠡᠨ ᠬᠤᠪᠢ ᠬᠥᠮᠥᠨ ᠪᠤᠶᠤ ᠪᠦᠯᠬᠦᠮ ᠨᠡᠶᠢᠲᠡ ᠪᠦᠷᠢ ᠳᠤ ᠲᠣᠰ ᠲᠣᠰ ᠨᠢᠭᠡ ᠤᠳᠠᠭ᠎ᠠ ᠳᠡᠭᠡᠷ᠎ᠡ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃       ᠵᠢᠷᠭᠤᠭ᠎ᠠ᠂ ᠴᠢᠳᠠᠪᠤᠷᠢᠲᠠᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ       17. ᠴᠢᠳᠠᠪᠤᠷᠢᠲᠠᠨ ᠳᠤ ᠨᠠᠷᠢᠯᠢᠭ ᠣᠨᠣᠪᠴᠢᠲᠠᠢ ᠰᠢᠯᠢᠳᠡᠭ ᠦᠢᠯᠡᠴᠢᠯᠡᠭᠡ ᠬᠠᠩᠭᠠᠨ᠎ᠠ᠃ ᠳᠡᠭᠡᠳᠦ ᠲᠡᠰ ᠤᠨ ᠴᠢᠳᠠᠪᠤᠷᠢᠲᠠᠨ ᠤ ᠣᠷᠣᠨ ᠰᠠᠭᠤᠴᠠ ᠶᠢᠨ ᠪᠠᠲᠤᠯᠠᠭ᠎ᠠ᠂ ᠴᠢᠳᠠᠪᠤᠷᠢᠲᠠᠨ ᠤ ᠬᠠᠨᠢ ᠨᠥᠬᠦᠷ ᠵᠢᠴᠢ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠪᠠᠲᠤᠯᠠᠭ᠎ᠠ᠂ ᠴᠢᠳᠠᠪᠤᠷᠢᠲᠠᠨ ᠤ ᠡᠮᠴᠢᠯᠡᠭᠡ ᠡᠷᠡᠭᠦᠯᠵᠢᠯ ᠤᠨ ᠬᠠᠷᠠᠭᠠᠯᠵᠠᠯ᠂ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠ ᠴᠢᠳᠠᠪᠤᠷᠢᠲᠠᠨ ᠤ ᠬᠠᠷᠢᠯᠴᠠᠭ᠎ᠠ ᠦᠢᠯᠡᠴᠢᠯᠡᠭᠡ ᠶᠢ ᠴᠢᠩᠭᠠᠳᠬᠠᠬᠤ ᠵᠡᠷᠭᠡ ᠴᠢᠳᠠᠪᠤᠷᠢᠲᠠᠨ ᠤ ᠦᠢᠯᠡᠴᠢᠯᠡᠭᠡᠨ ᠤ ᠬᠠᠮ ᠲᠥᠯᠥᠪᠯᠡᠭᠡ ᠶᠢ ᠬᠡᠷᠡᠭᠵᠢᠭᠦᠯᠦᠨ᠎ᠡ᠃ ᠨᠢᠭᠡ ᠪᠦᠯᠦᠭ ︽ᠣᠷᠣᠨ ᠰᠠᠭᠤᠴᠠ᠂ ᠰᠡᠯᠡᠭᠦᠴᠡᠯ᠂ ᠨᠡᠶᠢᠭᠡᠮ ᠤᠨ ᠬᠠᠷᠢᠯᠴᠠᠭ᠎ᠠ︾ ᠶᠢ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠪᠠᠶᠢᠭᠤᠯᠵᠤ᠂ ᠬᠢᠨᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠮᠥᠷᠲᠡᠭᠡᠨ ᠮᠠᠨ ᠤ ᠬᠤᠰᠢᠭᠤᠨ ᠳᠤ ᠣᠷᠣᠨ ᠰᠠᠭᠤᠴᠠ ᠦᠭᠡᠢ ᠴᠢᠳᠠᠪᠤᠷᠢᠲᠠᠨ ᠳᠤ ᠬᠠᠮᠤᠭ ᠣᠷᠳᠣ ᠳᠠᠭᠠᠨ 3 ᠵᠢᠯ ᠤᠨ ᠲᠦᠷᠢᠶᠡᠰᠦᠨ ᠮᠥᠩᠭᠦ ᠦᠭᠡᠢ ᠪᠠᠷ ᠣᠷᠣᠵᠤ ᠰᠠᠭᠤᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠦᠨ᠎ᠡ᠃ ︽ᠴᠢᠳᠠᠪᠤᠷᠢᠲᠠᠨ ᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠺᠠᠷᠲ︾ ᠢ ᠲᠠᠷᠬᠠᠭᠠᠵᠤ᠂ ᠣᠨᠴᠠ ᠤᠷᠢᠭᠰᠠᠨ ᠡᠮᠴᠢᠯᠡᠭᠡ᠂ ᠰᠤᠷᠭᠠᠨ ᠬᠥᠮᠦᠵᠢᠯ ᠪᠣᠯᠪᠠᠰᠤᠷᠠᠯ ᠵᠡᠷᠭᠡ ᠲᠤᠰᠬᠠᠢ ᠦᠢᠯᠡᠴᠢᠯᠡᠭᠡ ᠬᠠᠩᠭᠠᠨ᠂ ᠴᠢᠳᠠᠪᠤᠷᠢᠲᠠᠨ ᠤ ᠰᠤᠳᠤᠯᠤᠨ ᠰᠤᠷᠤᠯᠴᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠪᠣᠯᠪᠠᠰᠤᠷᠠᠯ ᠳᠤ ᠣᠷᠣᠯᠴᠠᠬᠤ᠂ ᠪᠣᠯᠭᠤᠭᠠᠨ ᠲᠣᠬᠤᠨᠢᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠳᠠᠪᠤᠷᠢᠲᠠᠨ ᠤ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠲᠦᠷᠦᠭᠦᠴᠦᠳ ᠤᠨ ᠬᠤᠷᠠᠯ᠂ ᠠᠵᠤ ᠦᠢᠯᠡᠰ ᠤᠨ ᠰᠤᠳᠤᠯᠤᠨ ᠶᠠᠷᠢᠯᠴᠠᠬᠤ ᠬᠤᠷᠠᠯ᠂ ︽ᠦᠢᠯᠡᠰ ᠪᠦᠲᠦᠭᠡᠬᠦ ᠰᠢᠨ᠎ᠡ ᠶᠢ ᠡᠭᠦᠳᠬᠦ︾ ᠤᠷᠤᠯᠳᠤᠭᠠᠨ᠂ ᠴᠢᠳᠠᠪᠤᠷᠢᠲᠠᠨ ᠤ ᠲᠥᠷᠥᠯ ᠵᠦᠢᠯ ᠤᠨ ᠶᠠᠷᠢᠯᠴᠠᠭ᠎ᠠ ᠵᠡᠷᠭᠡ ᠠᠵᠢᠯᠯᠠᠭ᠎ᠠ ᠶᠢ ᠡᠷᠬᠢᠯᠡᠵᠦ᠂ ᠴᠢᠳᠠᠪᠤᠷᠢᠲᠠᠨ ᠢ ᠬᠥᠭᠵᠢᠭᠦᠯᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃       18. ᠴᠢᠳᠠᠪᠤᠷᠢᠲᠠᠨ ᠳᠤ ᠦᠢᠯᠡᠴᠢᠯᠡᠬᠦ ᠲᠤᠰᠬᠠᠢ ᠲᠤᠰᠢᠶᠠᠯᠲᠠᠨ ᠤ ᠡᠩᠨᠡᠭᠡ ᠶᠢ ᠪᠠᠶᠢᠭᠤᠯᠤᠨ᠎ᠠ᠃ ᠳᠡᠭᠡᠳᠦ ᠳᠡᠰ ᠤᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠳᠠᠭᠠᠭᠤᠯᠤᠨ ᠬᠥᠮᠥᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ ᠴᠢᠳᠠᠪᠤᠷᠢᠲᠠᠨ ᠢ ᠤᠷᠢᠨ ᠠᠪᠴᠢᠷᠠᠬᠤ᠂ ᠬᠥᠮᠥᠵᠢᠭᠦᠯᠬᠦ᠂ ᠪᠠᠲᠤᠯᠠᠵᠤ ᠦᠢᠯᠡᠴᠢᠯᠡᠬᠦ ᠲᠤᠰᠬᠠᠢ ᠲᠣᠭᠤᠷᠢᠭ ᠲᠣᠬᠢᠷᠠᠭᠤᠯᠤᠨ᠂ ᠴᠢᠳᠠᠪᠤᠷᠢ ᠲᠠᠢ ᠬᠦᠴᠦᠨ ᠢ ᠰᠣᠩᠭᠤᠵᠤ ᠴᠢᠳᠠᠪᠤᠷᠢᠲᠠᠨ ᠤ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠡᠩᠨᠡᠭᠡ ᠶᠢ ᠪᠦᠷᠢᠯᠳᠦᠭᠦᠯᠵᠦ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠵᠢᠴᠢ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ᠂ ᠴᠢᠳᠠᠪᠤᠷᠢᠲᠠᠨ ᠤ ᠲᠥᠷᠥᠯ ᠵᠦᠢᠯ ᠢ ᠵᠣᠯᠭᠠᠭᠤᠯᠤᠨ ᠵᠥᠪᠳᠡᠯᠴᠡᠬᠦ ᠵᠡᠷᠭᠡ ᠠᠵᠢᠯ ᠢ ᠬᠠᠷᠢᠭᠤᠴᠠᠵᠤ᠂ ᠠᠵᠤ ᠠᠬᠤᠶᠢᠯᠠᠯ᠂ ᠴᠢᠳᠠᠪᠤᠷᠢᠲᠠᠨ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠶᠢᠨ ᠬᠠᠮᠲᠤᠷᠠᠯᠴᠠᠭ᠎ᠠ ᠳᠤ ᠬᠤᠯᠪᠣᠭᠠᠰᠤ ᠬᠦᠭᠦᠷᠭᠡ ᠪᠣᠯᠣᠨ᠎ᠠ᠃ ᠡᠭᠦᠨ ᠤ ᠬᠠᠮᠲᠤ᠂ ᠴᠢᠳᠠᠪᠤᠷᠢᠲᠠᠨ ᠤ ᠦᠢᠯᠡᠴᠢᠯᠡᠭᠡᠨ ᠤ ᠲᠤᠰᠬᠠᠢ ᠲᠤᠰᠢᠶᠠᠯᠲᠠᠨ ︽ᠨᠢᠭᠡᠳ ᠨᠢᠭᠡ ᠪᠠᠷ︾ ᠬᠠᠷᠢᠯᠴᠠᠵᠤ ᠦᠢᠯᠡᠴᠢᠯᠡᠬᠦ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠳᠠᠪᠤᠷᠢᠲᠠᠨ ᠪᠠ ᠪᠦᠯᠬᠦᠮ ᠨᠡᠶᠢᠲᠡ ᠶᠢ ᠬᠠᠷᠢᠭᠤᠴᠠᠵᠤ᠂ ᠪᠣᠳᠠᠲᠠᠢ ᠠᠰᠠᠭᠤᠳᠠᠯ ᠢ  ᠵᠣᠬᠢᠴᠠᠭᠤᠯᠵᠤ ᠰᠢᠢᠳᠪᠦᠷᠢᠯᠡᠨ᠂ ᠣᠷᠣᠰᠢᠨ ᠰᠠᠭᠤᠷᠢᠰᠢᠬᠤ᠂ ᠬᠠᠨᠢ ᠨᠥᠬᠦᠷ  ᠨᠢ ᠠᠵᠢᠯ ᠣᠯᠬᠤ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ ᠳᠤ ᠦᠢᠯᠡᠴᠢᠯᠡᠬᠦ ᠵᠡᠷᠭᠡ ᠶᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠵᠢᠯ ᠪᠦᠷᠢ ᠦᠢᠯᠡᠴᠢᠯᠡᠭᠡᠨ ᠤ ᠦᠷ᠎ᠡ ᠪᠦᠲᠦᠮᠵᠢ ᠪᠠᠨ ᠦᠨᠳᠦᠰᠦᠯᠡᠨ᠂ ᠴᠢᠳᠠᠪᠤᠷᠢᠲᠠᠨ ᠤ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠢ ᠬᠥᠬᠢᠭᠦᠯᠦᠨ ᠱᠠᠩᠨᠠᠨ᠎ᠠ᠃       ᠲᠣᠰ ᠲᠥᠷᠥ ᠶᠢᠨ ᠪᠣᠳᠣᠯᠭ᠎ᠠ ᠪᠣᠯ ᠬᠤᠲᠠ ᠶᠢᠨ ︽ᠴᠢᠳᠠᠪᠤᠷᠢᠲᠠᠨ ᠤ 30 ᠵᠤᠷᠪᠤᠰ ᠰᠢᠨ᠎ᠡ ᠲᠥᠷᠥ ᠶᠢᠨ ᠪᠣᠳᠣᠯᠭ᠎ᠠ︾᠂ ︽ᠴᠢᠳᠠᠪᠤᠷᠢᠲᠠᠨ ᠤ 2.0 ᠵᠠᠭᠪᠤᠷ ᠤᠨ ᠰᠢᠨ᠎ᠡ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠢᠵᠢ ᠪᠦᠷᠢᠳᠦᠭᠦᠯᠦᠨ ᠨᠥᠬᠦᠪᠦᠷᠢᠯᠡᠵᠦ ᠲᠣᠭᠲᠠᠭᠠᠭᠰᠠᠨ ᠲᠥᠷᠥ ᠶᠢᠨ ᠪᠣᠳᠣᠯᠭ᠎ᠠ ᠪᠣᠯᠣᠨ᠎ᠠ᠂ ᠬᠤᠲᠠ ᠵᠢᠴᠢ ᠬᠤᠲᠠ ᠶᠢᠨ ᠲᠠᠰ ᠠᠴᠠ ᠳᠡᠭᠡᠭᠰᠢᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤ ᠨᠡᠶᠢᠴᠡᠬᠦ ᠴᠢᠳᠠᠪᠤᠷᠢᠲᠠᠨ ᠪᠠ ᠪᠦᠯᠬᠦᠮ ᠨᠡᠶᠢᠲᠡ ᠶᠢ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠢᠳᠡᠪᠬᠢᠲᠡᠢ ᠵᠣᠬᠢᠴᠠᠭᠤᠯᠵᠤ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ   ᠴᠢᠷᠮᠠᠶᠢᠨ᠂ ᠬᠤᠲᠠ ᠶᠢᠨ ᠪᠠ ᠬᠤᠲᠠ ᠶᠢᠨ ᠲᠠᠰ ᠠᠴᠠ ᠳᠡᠭᠡᠭᠰᠢᠬᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠨᠥᠬᠦᠴᠡᠯ ᠳᠤ ᠳᠤ ᠲᠦᠷ ᠨᠡᠶᠢᠴᠡᠬᠦ ᠦᠭᠡᠢ ᠴᠢᠳᠠᠪᠤᠷᠢᠲᠠᠨ ᠪᠠ ᠪᠦᠯᠬᠦᠮ ᠨᠡᠶᠢᠲᠡ ᠨᠢ  ᠬᠤᠰᠢᠭᠤ ᠱᠠᠲᠤᠨ ᠤ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠪᠡᠯ᠂ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠣᠭᠲᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠦᠨ᠎ᠡ᠃ ᠠᠳᠠᠯᠢ ᠨᠢᠭᠡᠨ ᠤᠴᠢᠷ ᠶᠠᠪᠤᠳᠠᠯ ᠨᠢ ᠣᠯᠠᠨ ᠵᠦᠢᠯ ᠤᠨ ᠱᠠᠩᠨᠠᠨ ᠬᠥᠬᠢᠭᠦᠯᠦᠯ᠂ ᠨᠥᠬᠦᠪᠦᠷᠢ ᠲᠠᠢ ᠬᠤᠯᠪᠣᠭᠳᠠᠪᠠᠯ᠂ ︽ᠥᠨᠳᠥᠷ ᠪᠠᠷᠢᠮᠵᠢᠶ᠎ᠠ ᠪᠠᠷ  ᠨᠢ ᠥᠭᠬᠦ᠂ ᠳᠠᠪᠬᠤᠷᠳᠠᠭᠤᠯᠬᠤ ᠦᠭᠡᠢ ᠪᠠᠶᠢᠯᠭᠠᠬᠤ︾ ᠵᠠᠷᠴᠢᠮ ᠢᠶᠠᠷ ᠬᠡᠷᠡᠭᠵᠢᠭᠦᠯᠦᠨ᠎ᠡ᠃ ᠲᠣᠰ ᠲᠥᠷᠥ ᠶᠢᠨ ᠪᠣᠳᠣᠯᠭ᠎ᠠ ᠳᠤ ᠬᠤᠯᠪᠣᠭᠳᠠᠬᠤ ᠵᠠᠷᠤᠳᠠᠯ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠠᠵᠢᠯ ᠣᠯᠭᠤᠬᠤ ᠦᠢᠯᠡᠰ ᠪᠦᠲᠦᠭᠡᠬᠦ ᠵᠡᠷᠭᠡ ᠲᠤᠰᠬᠠᠢ ᠪᠡᠯᠡ ᠮᠥᠩᠭᠦᠨ ᠤ ᠲᠣᠬᠢᠷᠠᠭᠤᠯᠤᠯᠲᠠ ᠲᠠᠢ ᠠᠴᠠ ᠭᠠᠳᠠᠨᠠᠬᠢ ᠶᠢ ᠬᠤᠰᠢᠭᠤᠨ ᠤ ᠴᠢᠳᠠᠪᠤᠷᠢᠲᠠᠨ ᠤ ᠲᠤᠰᠬᠠᠢ ᠪᠡᠯᠡ ᠮᠥᠩᠭᠦ ᠳᠣᠲᠣᠷ᠎ᠠ ᠠᠴᠠ ᠭᠠᠷᠭᠠᠨ᠎ᠠ᠃ ᠲᠣᠰ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ 2022 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ ᠣᠲᠣ ᠪᠣᠯᠲᠠᠯ᠎ᠠ ᠴᠢᠳᠠᠪᠤᠷᠢᠲᠠᠨ ᠤ ᠲᠥᠷᠥᠯ ᠵᠦᠢᠯ ᠵᠢᠴᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠣᠭᠠᠳᠤᠢ ᠨᠢ ᠮᠥᠨ ᠬᠦ ᠭᠤᠶᠤᠴᠢᠯᠠᠨ ᠮᠡᠳᠡᠭᠦᠯᠵᠦ ᠪᠣᠯᠣᠨ᠎ᠠ᠂ ᠪᠣᠳᠠᠲᠠᠢ ᠠᠭᠤᠯᠭ᠎ᠠ ᠶᠢ ᠲᠣᠰ ᠪᠢᠴᠢᠭ ᠮᠠᠲ᠋ᠧᠷᠢᠶᠠᠯ ᠢ ᠦᠨᠳᠦᠰᠦᠯᠡᠨ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠲᠤᠷᠠᠨ ᠲᠠᠶᠢᠯᠪᠤᠷᠢᠯᠠᠨ᠎ᠠ᠃          
ᠢᠷᠡᠯᠲᠡ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶ᠎ᠠ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ