11 ᠳ᠋ᠦ᠋ᠭᠡᠷ ᠰᠠᠷ᠎ᠠ ᠶᠢᠨ 26 ᠤ ᠡᠳᠦᠷ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠺᠠᠷᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠺᠣᠮᠫᠠᠨᠢ᠂ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠲᠠᠢ ᠪᠥᠬᠦ ᠬᠤᠰᠢᠭᠤᠨ ᠤ ᠣᠶᠤᠨᠲᠤ ᠮᠠᠰᠢᠨ ᠲᠡᠷᠭᠡᠨ ᠤ | ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠺᠠᠷᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠺᠣᠮᠫᠠᠨᠢ ᠶᠢᠨ CEO ᠸᠧᠢ ᠵᠢᠶᠦ᠋ᠨ ᠴᠢᠩ᠂ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠶᠤᠸᠠᠨ | ᠫᠢᠩ᠂ ᠣᠲᠤᠭ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠩ ᠬᠤᠷᠠᠯ ᠳᠤ ᠣᠷᠣᠯᠴᠠᠪᠠ᠃ | | | | | ᠺᠠᠷᠯ ᠤᠨ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠠᠵᠤ ᠠᠬᠤᠶᠢᠯᠠᠯ ᠤᠨ ᠡᠷᠭᠢᠯᠲᠡ ᠶᠢᠨ ᠬᠥᠭᠵᠢᠯᠲᠡ᠂ | ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ | ᠨᠠᠷᠢᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠣᠶᠤᠨᠴᠢᠯᠠᠬᠤ ᠰᠦᠯᠵᠢᠶᠡᠴᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠢᠯᠣᠭᠤᠴᠢ ᠦᠭᠡᠢ | ᠮᠡᠷᠭᠡᠵᠢᠯ ᠤᠨ ᠦᠢᠯᠡᠳᠦᠯᠭᠡ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠰᠠᠨᠠᠯ ᠨᠢᠭᠡᠳᠪᠡ᠃ | ᠰᠣ᠋ ᡁᠢ ᠰᠢᠶᠦ᠋ᠡᠭ ᠠᠴᠠ ᠸᠧᠢ ᠵᠢᠶᠦ᠋ᠨ ᠴᠢᠩ᠂ ᠶᠤᠸᠠᠨ ᠫᠢᠩ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | ᠲᠡᠷᠡ ᠬᠡᠯᠡᠬᠦ ᠳᠡᠭᠡᠨ᠂ ᠣᠳᠣᠬᠠᠨ ᠳᠤ ᠣᠲᠤᠭ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ | ᠡᠭᠦᠷᠭᠡ ᠶᠢ ᠪᠠᠲᠤ ᠡᠵᠡᠮᠳᠡᠵᠦ᠂ ᠣᠶᠤᠨᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠤᠷᠤᠰᠬᠠᠯ ᠳᠤ ᠢᠳᠡᠪᠬᠢᠲᠡᠢ ᠵᠣᠬᠢᠴᠠᠨ᠂ ᠣᠳᠣᠬᠠᠨ ᠤ ᠡᠬᠢ | ᠪᠠᠶᠠᠯᠢᠭ ᠢ ᠰᠢᠯᠢᠳᠡᠭᠵᠢᠭᠦᠯᠵᠦ᠂ ᠠᠵᠦ ᠦᠢᠯᠡᠰ ᠤᠨ ᠬᠡᠪᠴᠢᠶ᠎ᠡ ᠶᠢ ᠥᠷᠭᠡᠳᠬᠡᠨ᠂ ᠬᠤᠪᠢᠷᠠᠯᠲᠠ ᠶᠢ ᠠᠮᠢᠳᠤᠯᠢᠭ ᠢᠶᠠᠷ ᠠᠷᠭᠠᠴᠠᠭᠠᠬᠤ ᠶᠢ ᠭᠤᠶᠢᠪᠢᠰᠢ ᠦᠭᠡᠢ | ᠪᠠᠷᠢᠮᠲᠠᠯᠠᠵᠤ᠂ ᠠᠵᠤ ᠦᠢᠯᠡᠰ ᠤᠨ ᠰᠦᠷᠦᠭᠵᠢᠯ ᠢ ᠦᠷᠭᠦᠯᠵᠢᠯᠡᠨ ᠪᠤᠵᠠᠭᠠᠶᠢᠷᠠᠭᠤᠯᠤᠨ᠂ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠦᠴᠦᠷᠬᠡᠭᠵᠢᠭᠦᠯᠵᠦ᠂ ᠠᠵᠤ | ᠦᠢᠯᠡᠰ ᠤᠨ ᠠᠮᠢ ᠠᠬᠤᠢ ᠶᠢ ᠰᠢᠯᠢᠳᠡᠭᠵᠢᠭᠦᠯᠬᠦ ᠪᠠᠷ ᠴᠢᠷᠮᠠᠶᠢᠵᠤ ᠪᠣᠢ᠃ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠪᠣᠯᠣᠨ ᠺᠠᠷᠯ | ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠨᠢ ᠣᠲᠤᠭ ᠬᠤᠰᠢᠭᠤ ᠯᠤᠭ᠎ᠠ ᠳᠡᠭᠡᠳᠦ ᠬᠡᠮᠵᠢᠶ᠎ᠡ ᠪᠠᠷ ᠵᠣᠬᠢᠴᠠᠭᠰᠠᠨ ᠠᠵᠤ | ᠦᠢᠯᠡᠰ ᠤᠨ ᠪᠠᠶᠢᠷᠢᠰᠢᠯ ᠪᠣᠯᠣᠨ ᠬᠥᠭᠵᠢᠯᠲᠡ ᠶᠢᠨ ᠢᠷᠡᠭᠡᠳᠦᠢ ᠲᠠᠢ ᠶᠤᠮ᠃ ᠣᠲᠤᠭ ᠬᠤᠰᠢᠭᠤ ᠠᠵᠤ ᠠᠬᠤᠶᠢᠯᠠᠯ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ | ᠠᠳᠠᠯᠢ ᠪᠠᠷ ᠪᠥᠬᠦ ᠬᠦᠴᠦᠨ ᠢᠶᠠᠷ ᠢᠶᠠᠨ ᠳᠡᠮᠵᠢᠵᠦ᠂ ᠣᠶᠤᠨᠲᠤ ᠮᠠᠰᠢᠨ ᠲᠡᠷᠭᠡᠨ ᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠷᠭᠡ ᠬᠠᠷᠠᠯᠲᠠ ᠪᠠᠨ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠡᠯ᠎ᠡ ᠲᠥᠷᠥᠯ ᠤᠨ | ᠲᠠᠯᠠᠪᠤᠷ ᠤᠨ ᠲᠤᠷᠰᠢᠯᠲᠠ ᠵᠡᠷᠭᠡ ᠲᠠᠯ᠎ᠠ ᠳᠤ ᠪᠥᠬᠦ ᠲᠠᠯ᠎ᠠ ᠶᠢᠨ ᠰᠢᠯᠢᠳᠡᠭ ᠦᠢᠯᠡᠴᠢᠯᠡᠭᠡ ᠬᠠᠩᠭᠠᠨ᠂ ᠪᠥᠬᠦ ᠶᠠᠪᠤᠴᠠ ᠶᠢᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ | ᠬᠢᠨ᠎ᠡ᠃ ᠬᠠᠮᠢᠶ᠎ᠠ ᠪᠦᠬᠦᠢ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠨ᠂ ᠬᠦᠴᠦᠯᠡᠨ ᠴᠢᠷᠮᠠᠶᠢᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ | ᠲᠦᠷᠭᠡᠳᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠵᠤ | ᠬᠥᠭᠵᠢᠭᠦᠯᠦᠨ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠶᠤᠨᠲᠤ ᠮᠠᠰᠢᠨ ᠲᠡᠷᠭᠡᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠳᠡᠮᠵᠢᠬᠦ ᠶᠢ ᠬᠦᠰᠡᠵᠦ ᠪᠠᠶᠢᠨ᠎ᠠ ᠭᠡᠪᠡ᠃ | ᠸᠧᠢ ᠵᠢᠶᠦ᠋ᠨ ᠴᠢᠩ᠂ ᠶᠤᠸᠠᠨ ᠫᠢᠩ ᠠᠴᠠ ᠤᠷᠲᠤ ᠬᠤᠭᠤᠴᠠᠭᠠᠨ ᠤ ᠲᠤᠷᠰᠢ ᠣᠲᠤᠭ ᠬᠤᠰᠢᠭᠤᠨ ᠤ ᠠᠵᠤ ᠠᠬᠤᠶᠢᠯᠠᠯ ᠳᠤ ᠦᠵᠡᠭᠦᠯᠦᠭᠰᠡᠨ ᠬᠦᠴᠦᠲᠡᠢ | ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠵᠡᠷᠭᠡᠪᠡᠷ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠷᠢᠯᠴᠠᠭ᠎ᠠ | ᠰᠣᠯᠢᠯᠴᠠᠭ᠎ᠠ ᠪᠠᠨ ᠤᠯᠠᠮ ᠴᠢᠩᠭᠠᠳᠬᠠᠨ᠂ ᠭᠠᠷ ᠢᠶᠠᠨ ᠬᠤᠯᠪᠣᠨ ᠬᠠᠮᠲᠤᠪᠠᠷ ᠤᠷᠤᠭᠰᠢᠯᠠᠵᠤ᠂ ᠬᠠᠮᠲᠤᠷᠠᠯᠴᠠᠭᠠᠨ ᠤ ᠲᠥᠷᠥᠯ ᠵᠦᠢᠯ ᠤᠨ ᠤᠷᠤᠭᠰᠢᠲᠠᠢ | ᠬᠡᠷᠡᠭᠵᠢᠭᠦᠯᠦᠭᠳᠡᠬᠦ ᠶᠢ ᠬᠠᠮᠲᠤᠪᠠᠷ ᠠᠬᠢᠭᠤᠯᠤᠨ᠂ ᠣᠲᠤᠭ ᠬᠤᠰᠢᠭᠤᠨ ᠤ ᠭᠠᠵᠠᠷ ᠣᠷᠣᠨ ᠤ ᠠᠵᠤ ᠦᠢᠯᠡᠰ ᠢ ᠵᠣᠬᠢᠴᠠᠭᠤᠯᠤᠨ ᠬᠥᠭᠵᠢᠭᠦᠯᠬᠦ᠂ ᠵᠠᠮ | ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠬᠦ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠲᠠᠯ᠎ᠠ ᠳᠤ ᠪᠥᠬᠦ | ᠲᠠᠯ᠎ᠠ ᠪᠠᠷ ᠬᠦᠴᠦᠨ ᠨᠡᠮᠡᠷᠢᠯᠡᠵᠦ᠂ ᠣᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃ | ᠯᠢ ᡁᠢ ᠪᠢᠶᠣᠣ᠂ ᠪᠠᠲᠤᠮᠥ᠋ᠩᠬᠡ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | |