ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠺᠠᠷᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠲᠠᠢ ᠪᠥᠬᠦ ᠬᠤᠰᠢᠭᠤᠨ ᠤ ᠣᠶᠤᠨᠲᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2024/11/28
      11 ᠳ᠋ᠦ᠋ᠭᠡᠷ ᠰᠠᠷ᠎ᠠ ᠶᠢᠨ 26 ᠤ ᠡᠳᠦᠷ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠺᠠᠷᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠲᠠᠢ ᠪᠥᠬᠦ ᠬᠤᠰᠢᠭᠤᠨ ᠤ ᠣᠶᠤᠨᠲᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠺᠠᠷᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠶᠢᠨ CEO ᠸᠧᠢ ᠵᠢᠶᠦ᠋ᠨ ᠴᠢᠩ᠂ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠶᠤᠸᠠᠨ ᠫᠢᠩ᠂ ᠣᠲᠤᠭ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠩ ᠬᠤᠷᠠᠯ ᠳᠤ ᠣᠷᠣᠯᠴᠠᠪᠠ᠃      ᠺᠠᠷᠯ ᠤᠨ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠠᠵᠤ ᠠᠬᠤᠶᠢᠯᠠᠯ ᠤᠨ ᠡᠷᠭᠢᠯᠲᠡ ᠶᠢᠨ ᠬᠥᠭᠵᠢᠯᠲᠡ᠂ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠣᠶᠤᠨᠴᠢᠯᠠᠬᠤ ᠰᠦᠯᠵᠢᠶᠡᠴᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠢᠯᠣᠭᠤᠴᠢ ᠦᠭᠡᠢ ᠮᠡᠷᠭᠡᠵᠢᠯ ᠤᠨ ᠦᠢᠯᠡᠳᠦᠯᠭᠡ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠰᠠᠨᠠᠯ ᠨᠢᠭᠡᠳᠪᠡ᠃      ᠰᠣ᠋ ᡁᠢ ᠰᠢᠶᠦ᠋ᠡᠭ ᠠᠴᠠ ᠸᠧᠢ ᠵᠢᠶᠦ᠋ᠨ ᠴᠢᠩ᠂ ᠶᠤᠸᠠᠨ ᠫᠢᠩ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠣᠲᠤᠭ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠣᠶᠤᠨᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠤᠷᠤᠰᠬᠠᠯ ᠳᠤ ᠢᠳᠡᠪᠬᠢᠲᠡᠢ ᠵᠣᠬᠢᠴᠠᠨ᠂ ᠣᠳᠣᠬᠠᠨ ᠤ ᠡᠬᠢ ᠪᠠᠶᠠᠯᠢᠭ ᠢ ᠰᠢᠯᠢᠳᠡᠭᠵᠢᠭᠦᠯᠵᠦ᠂ ᠠᠵᠦ ᠦᠢᠯᠡᠰ ᠤᠨ ᠬᠡᠪᠴᠢᠶ᠎ᠡ ᠶᠢ ᠥᠷᠭᠡᠳᠬᠡᠨ᠂ ᠬᠤᠪᠢᠷᠠᠯᠲᠠ ᠶᠢ ᠠᠮᠢᠳᠤᠯᠢᠭ ᠢᠶᠠᠷ  ᠠᠷᠭᠠᠴᠠᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠦᠢᠯᠡᠰ ᠤᠨ ᠰᠦᠷᠦᠭᠵᠢᠯ ᠢ ᠦᠷᠭᠦᠯᠵᠢᠯᠡᠨ ᠪᠤᠵᠠᠭᠠᠶᠢᠷᠠᠭᠤᠯᠤᠨ᠂ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠦᠴᠦᠷᠬᠡᠭᠵᠢᠭᠦᠯᠵᠦ᠂ ᠠᠵᠤ ᠦᠢᠯᠡᠰ ᠤᠨ ᠠᠮᠢ ᠠᠬᠤᠢ ᠶᠢ ᠰᠢᠯᠢᠳᠡᠭᠵᠢᠭᠦᠯᠬᠦ ᠪᠠᠷ ᠴᠢᠷᠮᠠᠶᠢᠵᠤ ᠪᠣᠢ᠃ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠪᠣᠯᠣᠨ ᠺᠠᠷᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠨᠢ ᠣᠲᠤᠭ ᠬᠤᠰᠢᠭᠤ ᠯᠤᠭ᠎ᠠ ᠳᠡᠭᠡᠳᠦ ᠬᠡᠮᠵᠢᠶ᠎ᠡ ᠪᠠᠷ ᠵᠣᠬᠢᠴᠠᠭᠰᠠᠨ ᠠᠵᠤ ᠦᠢᠯᠡᠰ ᠤᠨ ᠪᠠᠶᠢᠷᠢᠰᠢᠯ ᠪᠣᠯᠣᠨ ᠬᠥᠭᠵᠢᠯᠲᠡ ᠶᠢᠨ ᠢᠷᠡᠭᠡᠳᠦᠢ ᠲᠠᠢ ᠶᠤᠮ᠃ ᠣᠲᠤᠭ ᠬᠤᠰᠢᠭᠤ ᠠᠵᠤ ᠠᠬᠤᠶᠢᠯᠠᠯ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠪᠥᠬᠦ ᠬᠦᠴᠦᠨ ᠢᠶᠠᠷ ᠢᠶᠠᠨ ᠳᠡᠮᠵᠢᠵᠦ᠂ ᠣᠶᠤᠨᠲᠤ ᠮᠠᠰᠢᠨ ᠲᠡᠷᠭᠡᠨ ᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠷᠭᠡ ᠬᠠᠷᠠᠯᠲᠠ ᠪᠠᠨ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠡᠯ᠎ᠡ ᠲᠥᠷᠥᠯ ᠤᠨ ᠲᠠᠯᠠᠪᠤᠷ ᠤᠨ ᠲᠤᠷᠰᠢᠯᠲᠠ ᠵᠡᠷᠭᠡ ᠲᠠᠯ᠎ᠠ ᠳᠤ ᠪᠥᠬᠦ ᠲᠠᠯ᠎ᠠ ᠶᠢᠨ ᠰᠢᠯᠢᠳᠡᠭ ᠦᠢᠯᠡᠴᠢᠯᠡᠭᠡ ᠬᠠᠩᠭᠠᠨ᠂ ᠪᠥᠬᠦ ᠶᠠᠪᠤᠴᠠ ᠶᠢᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠨ᠎ᠡ᠃ ᠬᠠᠮᠢᠶ᠎ᠠ ᠪᠦᠬᠦᠢ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠨ᠂ ᠬᠦᠴᠦᠯᠡᠨ ᠴᠢᠷᠮᠠᠶᠢᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ ᠬᠦᠴᠦᠨ ᠢ  ᠪᠣᠶᠢᠵᠢᠭᠤᠯᠵᠤ ᠬᠥᠭᠵᠢᠭᠦᠯᠦᠨ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠶᠤᠨᠲᠤ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠳᠡᠮᠵᠢᠬᠦ ᠶᠢ ᠬᠦᠰᠡᠵᠦ ᠪᠠᠶᠢᠨ᠎ᠠ ᠭᠡᠪᠡ᠃      ᠸᠧᠢ ᠵᠢᠶᠦ᠋ᠨ ᠴᠢᠩ᠂ ᠶᠤᠸᠠᠨ ᠫᠢᠩ ᠠᠴᠠ ᠤᠷᠲᠤ ᠬᠤᠭᠤᠴᠠᠭᠠᠨ ᠤ ᠲᠤᠷᠰᠢ ᠣᠲᠤᠭ ᠬᠤᠰᠢᠭᠤᠨ ᠤ ᠠᠵᠤ ᠠᠬᠤᠶᠢᠯᠠᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠵᠡᠷᠭᠡᠪᠡᠷ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠷᠢᠯᠴᠠᠭ᠎ᠠ ᠰᠣᠯᠢᠯᠴᠠᠭ᠎ᠠ ᠪᠠᠨ ᠤᠯᠠᠮ ᠴᠢᠩᠭᠠᠳᠬᠠᠨ᠂ ᠭᠠᠷ ᠢᠶᠠᠨ ᠬᠤᠯᠪᠣᠨ ᠬᠠᠮᠲᠤᠪᠠᠷ ᠤᠷᠤᠭᠰᠢᠯᠠᠵᠤ᠂ ᠬᠠᠮᠲᠤᠷᠠᠯᠴᠠᠭᠠᠨ ᠤ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠬᠠᠮᠲᠤᠪᠠᠷ ᠠᠬᠢᠭᠤᠯᠤᠨ᠂ ᠣᠲᠤᠭ ᠬᠤᠰᠢᠭᠤᠨ ᠤ ᠭᠠᠵᠠᠷ ᠣᠷᠣᠨ ᠤ ᠠᠵᠤ ᠦᠢᠯᠡᠰ ᠢ ᠵᠣᠬᠢᠴᠠᠭᠤᠯᠤᠨ ᠬᠥᠭᠵᠢᠭᠦᠯᠬᠦ᠂ ᠵᠠᠮ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠬᠦ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠲᠠᠯ᠎ᠠ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠵᠦ᠂ ᠣᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃      ᠯᠢ ᡁᠢ ᠪᠢᠶᠣᠣ᠂ ᠪᠠᠲᠤᠮᠥ᠋ᠩᠬᠡ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ