11 ᠳ᠋ᠦ᠋ᠭᠡᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ | ᠰᠢᠶᠦ᠋ᠡᠭ ᠤᠯᠠᠭᠠᠨᠪᠠᠯᠭᠠᠰᠤᠨ ᠳᠤ ᠠᠬᠠᠮᠠᠳ ᠺᠠᠳ᠋ᠷᠴᠤᠳ ᠤᠨ ᠠᠵᠢᠯ ᠢ ᠪᠠᠶᠢᠴᠠᠭᠠᠨ ᠰᠤᠳᠤᠯᠵᠤ᠂ ᠴᠢ ᠫᠠᠨ ᠵᠢᠩ ᠠᠭᠤᠷᠬᠠᠢ ᠶᠢᠨ ᠣᠷᠣᠨ ᠳᠤ ᠭᠦᠨᠵᠡᠭᠡᠶᠢᠷᠡᠨ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠥᠷᠨᠢᠭᠦᠯᠦᠨ᠂ ᠠᠬᠠᠮᠠᠳ ᠺᠠᠳ᠋ᠷᠴᠤᠳ ᠤᠨ | ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠦᠴᠢᠷᠳᠡᠯ ᠢ ᠣᠨᠣᠪᠴᠢᠲᠠᠶ ᠪᠥᠭᠡᠳ ᠪᠦᠲᠦᠮᠵᠢᠲᠡᠶ ᠰᠢᠢᠳᠪᠦᠷᠢᠯᠡᠵᠦ ᠥᠭᠪᠡ᠃ | ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | ᠰᠣ᠋ ᡁᠢ ᠰᠢᠶᠦ᠋ᠡᠭ ᠬᠤᠰᠢᠭᠤᠨ ᠤ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠲᠤ ᠬᠦᠷᠴᠦ᠂ ᠲᠥᠪ ᠤᠨ ᠴᠢᠳᠠᠮᠵᠢᠲᠤ ᠣᠷᠣᠨ᠂ | ᠬᠥᠳᠡᠯᠭᠡᠭᠡᠨ ᠤ ᠲᠠᠰᠤᠭ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠵᠤ ᠦᠵᠡᠨ᠂ ᠴᠢᠳᠠᠮᠵᠢ ᠶᠢᠨ ᠲᠣᠬᠢᠷᠠᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ᠂ | ᠦᠢᠯᠡᠴᠢᠯᠡᠭᠡᠨ ᠤ ᠪᠠᠲᠤᠯᠠᠭ᠎ᠠ ᠵᠢᠴᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠣᠶᠢᠯᠠᠭᠠᠵᠤ᠂ ᠣᠷᠣᠰᠢᠵᠤ | ᠪᠠᠶᠢᠭ᠎ᠠ ᠬᠦᠴᠢᠷ ᠠᠰᠠᠭᠤᠳᠠᠯ ᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠪᠡ᠃ ᠲᠡᠷᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ | ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ | ᠰᠠᠨᠠᠭ᠎ᠠ᠂ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ ᠪᠠᠷ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠠᠵᠢᠯ ᠤᠨ ᠴᠢᠨᠠᠷ | ᠴᠢᠨᠰᠠᠭ᠎ᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠬᠠᠮᠠᠳ ᠺᠠᠳ᠋ᠷᠴᠤᠳ ᠤᠨ ᠤᠯᠤᠰ ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ | ᠳᠠᠪᠠᠭᠤᠯᠢᠭ᠂ ᠨᠡᠷ᠎ᠡ ᠬᠦᠨᠳᠦ ᠶᠢᠨ ᠳᠠᠪᠠᠭᠤᠯᠢᠭ ᠢ ᠤᠯᠠᠮ ᠴᠢᠨᠠᠭᠰᠢᠳᠠ ᠪᠠᠳᠠᠷᠠᠭᠤᠯᠵᠤ᠂ ᠲᠡᠳᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠤᠨ᠂ | ᠢᠳᠡᠪᠬᠢᠲᠡᠢ ᠨᠠᠶᠢᠳᠠᠪᠤᠷᠢᠵᠢᠭᠤᠯᠵᠤ᠂ ᠠᠬᠠᠮᠠᠳ ᠺᠠᠳ᠋ᠷᠴᠤᠳ ᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠵᠡᠷᠭᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠵᠤ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠰᠢᠭᠤᠨ ᠤ ᠶᠡᠷᠦᠩᠬᠡᠶᠢᠯᠡᠭᠰᠡᠨ ᠡᠷᠡᠭᠦᠯᠵᠢᠯ | ᠰᠤᠪᠢᠯᠠᠯ ᠤᠨ ᠦᠢᠯᠡᠴᠢᠯᠡᠭᠡᠨ ᠤ ᠲᠥᠪ᠂ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠵᠡᠷᠭᠡ ᠲᠠᠯᠠᠪᠤᠷ ᠢ ᠰᠠᠶᠢᠲᠤᠷ ᠬᠠᠮᠢᠶᠠᠷᠤᠨ ᠠᠰᠢᠭᠯᠠᠵᠤ᠂ | ᠪᠠᠶᠠᠯᠢᠭ ᠠᠭᠤᠯᠭ᠎ᠠ ᠲᠠᠢ ᠰᠣᠶᠣᠯ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠣᠯᠠᠨ ᠡᠰᠢᠲᠦ ᠰᠣᠶᠣᠯ ᠢᠷᠭᠡᠨᠰᠢᠯ ᠤᠨ ᠬᠠᠯᠠᠮᠵᠢᠯᠠᠯ ᠬᠠᠩᠭᠠᠵᠤ᠂ | ᠦᠢᠯᠡᠴᠢᠯᠡᠭᠡᠨ ᠤ ᠪᠠᠲᠤᠯᠠᠭ᠎ᠠ ᠶᠢ ᠨᠢᠮᠪᠠᠢ ᠰᠠᠶᠢᠲᠤᠷ ᠬᠢᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠬᠠᠮᠠᠳ ᠺᠠᠳ᠋ᠷᠴᠤᠳ ᠢ ᠬᠠᠯᠠᠮᠵᠢᠯᠠᠨ | ᠬᠠᠶᠢᠷᠠᠯᠠᠬᠤ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠰᠣ᠋ ᡁᠢ ᠰᠢᠶᠦ᠋ᠡᠭ ᠴᠢ ᠫᠠᠨ ᠵᠢᠩ ᠠᠭᠤᠷᠬᠠᠢ ᠶᠢᠨ ᠣᠷᠣᠨ ᠳᠤ ᠬᠦᠷᠴᠦ᠂ ᠠᠭᠤᠷᠬᠠᠢ ᠶᠢᠨ ᠣᠷᠣᠨ ᠤ ᠵᠠᠮ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ | ᠬᠠᠮᠠᠭᠠᠯᠠᠯᠲᠠ ᠪᠣᠯᠣᠨ ᠴᠠᠬᠢᠯᠭᠠᠨ ᠲᠣᠣᠷ ᠤᠨ ᠠᠵᠢᠯᠯᠠᠭ᠎ᠠ ᠵᠢᠴᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠲᠤᠯᠠᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ | ᠲᠤᠨᠢ ᠪᠠᠶᠢᠴᠠᠭᠠᠵᠤ ᠦᠵᠡᠨ᠂ ᠠᠭᠤᠷᠬᠠᠢ ᠶᠢᠨ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠵᠤ᠂ ᠬᠥᠭᠵᠢᠯᠲᠡ ᠳᠤ | ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠯᠠᠪᠯᠠᠨ᠂ ᠲᠤᠬᠠᠢ ᠶᠢᠨ ᠲᠠᠯᠠᠪᠤᠷ ᠲᠤ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠰᠢᠢᠳᠪᠦᠷᠢᠯᠡᠬᠦ ᠠᠷᠭ᠎ᠠ ᠶᠢ | ᠰᠤᠳᠤᠯᠪᠠ᠃ ᠲᠡᠷᠡ ᠬᠡᠯᠡᠬᠦ ᠳᠡᠭᠡᠨ᠂ ᠠᠭᠤᠷᠬᠠᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯ ᠠᠭᠤᠷᠬᠠᠢ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ︽ᠠᠮᠢᠨ ᠰᠤᠳᠠᠰᠤ︾ ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠣᠭᠤᠰᠢᠯᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠭᠡᠳ ᠠᠮᠢ ᠠᠬᠤᠢ ᠣᠷᠴᠢᠨ ᠲᠣᠭᠤᠷᠢᠨ ᠢ | ᠬᠠᠮᠠᠭᠠᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠵᠦ ᠰᠠᠶᠢᠲᠤᠷ ᠰᠢᠢᠳᠪᠦᠷᠢᠯᠡᠨ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ | ᠪᠠᠶᠢᠩᠭᠤ ᠰᠠᠶᠢᠲᠤᠷ ᠴᠡᠭᠴᠡᠯᠡᠨ ᠵᠠᠰᠠᠵᠤ᠂ ᠠᠭᠤᠷᠬᠠᠢ ᠶᠢᠨ ᠣᠷᠣᠨ ᠤ ᠵᠠᠮ ᠢ ᠨᠡᠪᠲᠡᠷᠡᠯᠴᠡᠭᠦᠯᠬᠦ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ | ᠲᠣᠭᠲᠠᠭᠠᠨ᠂ ᠠᠭᠤᠷᠬᠠᠢ ᠶᠢᠨ ᠣᠷᠣᠨ ᠤ ᠴᠠᠬᠢᠯᠭᠠᠨ ᠲᠣᠣᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠠᠭᠤᠷᠬᠠᠢ ᠶᠢᠨ ᠣᠷᠣᠨ ᠤ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠣᠷᠳᠣᠰ ᠬᠤᠲᠠ ᠶᠢᠨ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ 2.0 ᠬᠡᠪᠯᠡᠯ︾ ᠪᠠ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠤᠷᠢᠳᠴᠢᠯᠠᠨ | ᠦᠢᠯᠡᠴᠢᠯᠡᠵᠦ᠂ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠤᠯᠠᠮ ᠴᠢᠩᠭᠠᠳᠬᠠᠨ᠂ ᠠᠵᠤ ᠠᠬᠤᠶᠢᠯᠠᠯ ᠳᠤ ᠪᠥᠬᠦ ᠲᠠᠯ᠎ᠠ᠂ ᠪᠥᠬᠦ ᠬᠦᠴᠦᠨ ᠵᠦᠢᠯ᠂ ᠪᠥᠬᠦ | ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠠᠵᠤ ᠠᠬᠤᠶᠢᠯᠠᠯ ᠳᠤ | ᠦᠢᠯᠡᠴᠢᠯᠡᠭᠰᠡᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ ᠭᠡᠪᠡ᠃ | |