ᠰᠣ᠋ ᡁᠢ ᠰᠢᠶᠦ᠋ᠡᠭ ᠤᠯᠠᠭᠠᠨᠪᠠᠯᠭᠠᠰᠤ᠂ ᠴᠢ ᠫᠠᠨ ᠵᠢᠩ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/29
      11 ᠳ᠋ᠦ᠋ᠭᠡᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠤᠯᠠᠭᠠᠨᠪᠠᠯᠭᠠᠰᠤᠨ ᠳᠤ ᠠᠬᠠᠮᠠᠳ ᠺᠠᠳ᠋ᠷᠴᠤᠳ ᠤᠨ ᠠᠵᠢᠯ ᠢ ᠪᠠᠶᠢᠴᠠᠭᠠᠨ ᠰᠤᠳᠤᠯᠵᠤ᠂ ᠴᠢ ᠫᠠᠨ ᠵᠢᠩ ᠠᠭᠤᠷᠬᠠᠢ ᠶᠢᠨ ᠣᠷᠣᠨ ᠳᠤ ᠭᠦᠨᠵᠡᠭᠡᠶᠢᠷᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠥᠷᠨᠢᠭᠦᠯᠦᠨ᠂ ᠠᠬᠠᠮᠠᠳ ᠺᠠᠳ᠋ᠷᠴᠤᠳ ᠤᠨ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠦᠴᠢᠷᠳᠡᠯ ᠢ ᠣᠨᠣᠪᠴᠢᠲᠠᠶ ᠪᠥᠭᠡᠳ ᠪᠦᠲᠦᠮᠵᠢᠲᠡᠶ ᠰᠢᠢᠳᠪᠦᠷᠢᠯᠡᠵᠦ ᠥᠭᠪᠡ᠃ ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃      ᠰᠣ᠋ ᡁᠢ ᠰᠢᠶᠦ᠋ᠡᠭ ᠬᠤᠰᠢᠭᠤᠨ ᠤ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠲᠤ ᠬᠦᠷᠴᠦ᠂ ᠲᠥᠪ ᠤᠨ ᠴᠢᠳᠠᠮᠵᠢᠲᠤ ᠣᠷᠣᠨ᠂ ᠬᠥᠳᠡᠯᠭᠡᠭᠡᠨ ᠤ ᠲᠠᠰᠤᠭ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠵᠤ ᠦᠵᠡᠨ᠂ ᠴᠢᠳᠠᠮᠵᠢ ᠶᠢᠨ ᠲᠣᠬᠢᠷᠠᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠵᠢᠴᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠪᠡ᠃ ᠲᠡᠷᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ᠂ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ ᠪᠠᠷ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠠᠵᠢᠯ ᠤᠨ ᠴᠢᠨᠠᠷ ᠴᠢᠨᠰᠠᠭ᠎ᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠬᠠᠮᠠᠳ ᠺᠠᠳ᠋ᠷᠴᠤᠳ ᠤᠨ ᠤᠯᠤᠰ ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ᠂ ᠨᠡᠷ᠎ᠡ ᠬᠦᠨᠳᠦ ᠶᠢᠨ ᠳᠠᠪᠠᠭᠤᠯᠢᠭ ᠢ ᠤᠯᠠᠮ ᠴᠢᠨᠠᠭᠰᠢᠳᠠ ᠪᠠᠳᠠᠷᠠᠭᠤᠯᠵᠤ᠂ ᠲᠡᠳᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠤᠨ᠂ ᠢᠳᠡᠪᠬᠢᠲᠡᠢ ᠨᠠᠶᠢᠳᠠᠪᠤᠷᠢᠵᠢᠭᠤᠯᠵᠤ᠂ ᠠᠬᠠᠮᠠᠳ ᠺᠠᠳ᠋ᠷᠴᠤᠳ ᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ  ᠦᠢᠯᠡᠳᠦᠯ ᠢᠶᠠᠨ ᠪᠠᠳᠠᠷᠠᠭᠤᠯᠵᠤ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠰᠢᠭᠤᠨ ᠤ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯ ᠤᠨ ᠦᠢᠯᠡᠴᠢᠯᠡᠭᠡᠨ ᠤ ᠲᠥᠪ᠂ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠵᠡᠷᠭᠡ ᠲᠠᠯᠠᠪᠤᠷ ᠢ ᠰᠠᠶᠢᠲᠤᠷ ᠬᠠᠮᠢᠶᠠᠷᠤᠨ ᠠᠰᠢᠭᠯᠠᠵᠤ᠂ ᠪᠠᠶᠠᠯᠢᠭ ᠠᠭᠤᠯᠭ᠎ᠠ ᠲᠠᠢ ᠰᠣᠶᠣᠯ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠣᠯᠠᠨ ᠡᠰᠢᠲᠦ ᠰᠣᠶᠣᠯ ᠢᠷᠭᠡᠨᠰᠢᠯ ᠤᠨ ᠬᠠᠯᠠᠮᠵᠢᠯᠠᠯ ᠬᠠᠩᠭᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠨᠢᠮᠪᠠᠢ ᠰᠠᠶᠢᠲᠤᠷ ᠬᠢᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠬᠠᠮᠠᠳ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠰᠣ᠋ ᡁᠢ ᠰᠢᠶᠦ᠋ᠡᠭ ᠴᠢ ᠫᠠᠨ ᠵᠢᠩ ᠠᠭᠤᠷᠬᠠᠢ ᠶᠢᠨ ᠣᠷᠣᠨ ᠳᠤ ᠬᠦᠷᠴᠦ᠂ ᠠᠭᠤᠷᠬᠠᠢ ᠶᠢᠨ ᠣᠷᠣᠨ ᠤ ᠵᠠᠮ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠬᠠᠮᠠᠭᠠᠯᠠᠯᠲᠠ ᠪᠣᠯᠣᠨ ᠴᠠᠬᠢᠯᠭᠠᠨ ᠲᠣᠣᠷ ᠤᠨ  ᠠᠵᠢᠯᠯᠠᠭ᠎ᠠ ᠵᠢᠴᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠲᠤᠯᠠᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠵᠤ ᠦᠵᠡᠨ᠂ ᠠᠭᠤᠷᠬᠠᠢ ᠶᠢᠨ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠵᠤ᠂ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠯᠠᠪᠯᠠᠨ᠂ ᠲᠤᠬᠠᠢ ᠶᠢᠨ ᠲᠠᠯᠠᠪᠤᠷ ᠲᠤ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠲᠡᠷᠡ ᠬᠡᠯᠡᠬᠦ ᠳᠡᠭᠡᠨ᠂ ᠠᠭᠤᠷᠬᠠᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯ ᠠᠭᠤᠷᠬᠠᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ︽ᠠᠮᠢᠨ ᠰᠤᠳᠠᠰᠤ︾ ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠭᠡᠳ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠵᠦ ᠰᠠᠶᠢᠲᠤᠷ ᠰᠢᠢᠳᠪᠦᠷᠢᠯᠡᠨ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠪᠠᠶᠢᠩᠭᠤ ᠰᠠᠶᠢᠲᠤᠷ ᠴᠡᠭᠴᠡᠯᠡᠨ ᠵᠠᠰᠠᠵᠤ᠂ ᠠᠭᠤᠷᠬᠠᠢ ᠶᠢᠨ ᠣᠷᠣᠨ ᠤ ᠵᠠᠮ ᠢ ᠨᠡᠪᠲᠡᠷᠡᠯᠴᠡᠭᠦᠯᠬᠦ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠣᠭᠲᠠᠭᠠᠨ᠂ ᠠᠭᠤᠷᠬᠠᠢ ᠶᠢᠨ ᠣᠷᠣᠨ ᠤ ᠴᠠᠬᠢᠯᠭᠠᠨ ᠲᠣᠣᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠭᠤᠷᠬᠠᠢ ᠶᠢᠨ ᠣᠷᠣᠨ ᠤ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠣᠷᠳᠣᠰ ᠬᠤᠲᠠ ᠶᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ 2.0 ᠬᠡᠪᠯᠡᠯ︾ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠤᠯᠠᠮ ᠴᠢᠩᠭᠠᠳᠬᠠᠨ᠂ ᠠᠵᠤ ᠠᠬᠤᠶᠢᠯᠠᠯ ᠳᠤ ᠪᠥᠬᠦ ᠲᠠᠯ᠎ᠠ᠂ ᠪᠥᠬᠦ ᠬᠦᠴᠦᠨ ᠵᠦᠢᠯ᠂ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠠᠵᠤ ᠠᠬᠤᠶᠢᠯᠠᠯ ᠳᠤ ᠦᠢᠯᠡᠴᠢᠯᠡᠭᠰᠡᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ ᠭᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ