11 ᠳ᠋ᠦ᠋ᠭᠡᠷ ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ | ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | | | | ᠬᠤᠷᠠᠯ ᠠᠴᠠ ᠪᠥᠬᠦ ᠬᠤᠰᠢᠭᠤᠨ ᠤ ᠨᠡᠶᠢᠭᠡᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠣᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠨᠡᠶᠢᠭᠡᠮ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠂ ᠮᠠᠨ ᠤ ᠬᠤᠰᠢᠭᠤᠨ ᠤ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠶᠢᠨ | ᠲᠣᠪᠣᠶᠢᠮ᠎ᠠ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ | ᠠᠵᠢᠯ ᠢᠶᠠᠷ ᠭᠠᠷᠳᠠᠴᠠ ᠪᠣᠯᠭᠠᠨ᠂ ᠰᠤᠷᠪᠤᠯᠵᠢᠯᠠᠯ ᠢ ᠬᠦᠯᠢᠶᠡᠨ ᠠᠪᠬᠤ ᠪᠠ ᠦᠨᠳᠦᠰᠦᠨ ᠱᠠᠲᠤᠨ ᠳᠤ ᠪᠠᠭᠤᠵᠤ ᠪᠠᠶᠢᠳᠠᠯ ᠢ ᠣᠶᠢᠯᠠᠭᠠᠬᠤ ᠠᠵᠢᠯ ᠢ ᠶᠡᠬᠡᠪᠡᠷ | ᠥᠷᠨᠢᠭᠦᠯᠵᠦ᠂ ︽ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠳᠠᠷᠤᠶᠢᠬᠠᠨ ᠰᠢᠢᠳᠪᠦᠷᠢᠯᠡᠬᠦ︾ ᠶᠢ ︽ᠵᠠᠭᠠᠯᠳᠤᠭᠰᠠᠨ ᠦᠭᠡᠢ ᠪᠠᠷ ᠤᠷᠢᠳᠠᠪᠠᠷ ᠰᠢᠢᠳᠪᠦᠷᠢᠯᠡᠬᠦ︾ | ᠪᠣᠯᠭᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠤᠨ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠰᠢᠭᠤ ᠳᠠᠶᠠᠭᠠᠷ ᠢᠶᠠᠨ ᠬᠠᠮᠵᠢᠯᠴᠠᠨ᠂ ᠳᠡᠭᠡᠳᠦ | ᠳᠣᠣᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ᠂ ᠨᠢᠭᠡᠳᠦᠯᠲᠡᠢ ᠰᠢᠰᠲ᠋ᠧᠮᠵᠢᠭᠦᠯᠦᠭᠰᠡᠨ᠂ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ᠂ ᠣᠷᠭᠠᠨᠢᠭ ᠢᠶᠠᠷ | ᠠᠪᠴᠠᠯᠳᠤᠭᠤᠯᠤᠭᠰᠠᠨ ᠠᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠮᠠᠨ ᠤ ᠬᠤᠰᠢᠭᠤᠨ ᠤ 2024 ᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ | ᠴᠢᠩᠭᠠᠳᠬᠠᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠵᠥᠷᠢᠴᠡᠨ ᠭᠠᠵᠠᠷ ᠬᠡᠷᠡᠭᠯᠡᠬᠦ ᠶᠢ | ᠪᠥᠬᠦ ᠲᠠᠯ᠎ᠠ ᠪᠠᠷ ᠬᠤᠷᠢᠭᠯᠠᠨ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ | ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠳᠠᠭᠠᠳᠬᠠᠯ ᠢ ᠠᠮᠢᠳᠤᠯᠢᠭ ᠢᠶᠠᠷ ᠰᠠᠶᠢᠲᠤᠷ | ᠬᠡᠷᠡᠭᠯᠡᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤ ᠰᠠᠬᠢᠬᠤ ᠬᠡᠷᠡᠭᠲᠡᠢ᠃ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠤᠳᠠᠯᠳᠤᠨ ᠠᠪᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ | ᠠᠮᠤ ᠪᠤᠳᠠᠭ᠎ᠠ ᠨᠥᠭᠡᠴᠡᠯᠡᠬᠦ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠠᠮᠤ ᠪᠤᠳᠠᠭᠠᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ | ᠬᠠᠩᠭᠠᠯᠭ᠎ᠠ ᠶᠢ ᠪᠠᠲᠤᠯᠠᠬᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠮᠠᠨ ᠤ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠣᠭᠰᠣᠴᠠ ᠪᠠᠨ ᠳᠡᠭᠡᠭᠰᠢᠯᠡᠭᠦᠯᠦᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠨ᠂ ︽ᠤᠯᠤᠰ ᠤᠨ ᠶᠡᠭᠡ ᠶᠠᠪᠤᠳᠠᠯ︾ ᠢ ᠬᠠᠯᠠᠮᠵᠢᠯᠠᠬᠤ ᠳᠤᠮᠳᠠ ᠬᠥᠭᠵᠢᠯᠲᠡ ᠶᠢᠨ | ᠴᠢᠭᠯᠡᠯ ᠢᠶᠠᠨ ᠣᠨᠣᠪᠴᠢᠲᠠᠶ ᠡᠷᠢᠨ ᠣᠯᠵᠤ᠂ ᠦᠨᠡᠨᠬᠦ ᠥᠨᠳᠥᠷ ᠲᠦᠪᠰᠢᠨ ᠪᠦᠬᠦᠢ ᠲᠥᠯᠦᠪᠵᠢᠭᠦᠯᠭᠡ ᠪᠠᠷ ᠪᠥᠬᠦ ᠬᠤᠰᠢᠭᠤᠨ ᠤ ᠨᠠᠩ ᠴᠢᠨᠠᠷ ᠰᠠᠶᠢᠲᠠᠢ | ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠳᠠᠶᠢᠴᠢᠯᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠬᠤᠷᠢᠶᠠᠬᠤ ᠶᠢᠨ ᠬᠠᠮᠲᠤ ᠬᠦᠯᠢᠶᠡᠨ ᠠᠪᠴᠦ᠂ ᠨᠡᠶᠢᠭᠡᠮ ᠤᠨ ᠬᠦᠰᠡᠯ ᠨᠠᠶᠢᠳᠠᠯᠭ᠎ᠠ᠂ ᠤᠯᠠᠨ ᠲᠦᠮᠡᠨ ᠤ ᠤᠶᠤᠨ ᠤᠬᠠᠭᠠᠨ᠂ ᠦᠨᠳᠦᠰᠦᠨ ᠱᠠᠲᠤᠨ ᠤ | ᠲᠤᠷᠰᠢᠯᠭ᠎ᠠ ᠶᠢ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠣᠷᠣᠭᠤᠯᠬᠤ ᠪᠠᠷ ᠴᠢᠷᠮᠠᠶᠢᠨ᠂ | ᠲᠥᠯᠦᠪᠵᠢᠭᠦᠯᠭᠡ ᠶᠢᠨ ᠢᠯᠡ ᠲᠣᠳᠣ ᠬᠡᠮᠵᠢᠶ᠎ᠡ ᠪᠠ ᠨᠡᠶᠢᠭᠡᠮ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠭᠦᠨᠵᠡᠭᠡᠢ ᠰᠤᠳᠤᠯᠵᠤ᠂ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠱᠠᠭᠠᠷᠳᠠᠯᠭ᠎ᠠ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠡᠵᠡᠮᠳᠡᠨ᠂ ᠲᠤᠰᠬᠠᠢ ᠮᠡᠷᠭᠡᠵᠢᠯᠲᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠢᠯᠡᠳᠦᠯ ᠢ | ᠪᠠᠳᠠᠷᠠᠭᠤᠯᠬᠤ ᠶᠢ ᠴᠢᠬᠤᠯᠠᠴᠢᠯᠠᠵᠤ᠂ ᠲᠥᠯᠦᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠪᠣᠯᠣᠮᠵᠢᠲᠤ ᠴᠢᠨᠠᠷ ᠪᠠ ᠬᠠᠨᠳᠤᠯᠭᠠᠲᠤ ᠴᠢᠨᠠᠷ ᠢ ᠪᠠᠲᠤᠯᠠᠬᠤ ᠬᠡᠷᠡᠭᠲᠡᠢ᠃ | ᠳᠡᠭᠡᠳᠦ ᠱᠠᠲᠤ ᠲᠠᠢ ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ ᠳᠡᠭᠡᠳᠦ ᠱᠠᠲᠤᠨ ᠤ ᠴᠢᠬᠤᠯᠠ ᠵᠦᠢᠯᠡᠰ ᠲᠤ ᠪᠥᠬᠦ | ᠬᠦᠴᠦᠨ ᠢᠶᠠᠷ ᠢᠶᠠᠨ ᠣᠷᠣᠭᠤᠯᠤᠨ᠂ ᠴᠢᠬᠤᠯᠠ ᠶᠡᠭᠡ ᠵᠦᠢᠯᠡᠰ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠳᠤ ᠮᠡᠳᠡᠷᠡᠭᠳᠡᠬᠦ ᠬᠡᠮᠵᠢᠶ᠎ᠡ ᠶᠢ | ᠳᠡᠭᠡᠭᠰᠢᠯᠡᠭᠦᠯᠵᠦ᠂ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠲᠤᠪᠤᠶᠢᠯᠭᠠᠵᠤ᠂ ᠤᠳᠤᠭ ᠤᠨ ᠪᠣᠳᠠᠲᠤ ᠪᠠᠶᠢᠳᠠᠯ ᠲᠠᠢ ᠭᠦᠨᠵᠡᠭᠡᠢ ᠤᠶᠠᠯᠳᠤᠭᠤᠯᠤᠨ᠂ ᠲᠣᠮᠣ ᠠᠵᠤ | ᠦᠢᠯᠡᠳᠪᠦᠷᠢ ᠶᠢᠨ ᠲᠡᠰ ᠳᠡᠪᠰᠢᠭᠦᠯᠬᠦ ᠪᠠᠶᠢᠯᠳᠤᠬᠤ ᠪᠣᠳᠣᠯᠭ᠎ᠠ᠂ ᠮᠠᠯ ᠠᠵᠤ ᠠᠬᠤᠢ ᠠᠵᠤ ᠦᠢᠯᠡᠳᠪᠦᠷᠢ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠶᠢᠯᠳᠤᠬᠤ | ᠪᠣᠳᠣᠯᠭ᠎ᠠ᠂ ᠰᠣᠶᠣᠯ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠭᠦᠨᠵᠡᠭᠡᠢ | ᠰᠦᠪᠡᠭᠴᠢᠯᠡᠨ ᠪᠣᠳᠠᠲᠠᠢ ᠲᠥᠯᠥᠪᠵᠢᠭᠦᠯᠵᠦ᠂ ᠲᠥᠯᠦᠪᠵᠢᠭᠦᠯᠭᠡ ᠶᠢᠨ ᠲᠣᠬᠢᠷᠠᠮᠵᠢᠲᠤ ᠴᠢᠨᠠᠷ᠂ ᠠᠵᠢᠯᠯᠠᠭᠠᠨ ᠤ ᠴᠢᠨᠠᠷ ᠪᠣᠯᠣᠨ ᠪᠠᠷᠠᠭᠠᠯᠬᠢᠯᠠᠯᠳᠤ ᠴᠢᠨᠠᠷ ᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠤᠰᠬᠠᠢ ᠬᠠᠷᠠᠯᠲᠠᠲᠤ ᠬᠢᠨᠠᠨ ᠰᠢᠯᠭᠠᠷᠠᠭᠤᠯᠤᠯᠲᠠ ᠶᠢᠨ | ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ | ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠨᠢᠭᠡᠳ ᠨᠢᠭᠡ ᠪᠠᠷ ᠵᠠᠳᠠᠯᠤᠨ᠂ ᠡᠯ᠎ᠡ | ᠵᠦᠢᠯ ᠤᠨ ᠭᠦᠢᠴᠡᠳᠬᠡᠯ ᠲᠤᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ | ᠨᠢᠭᠲᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠡᠭᠦᠷᠭᠡᠯᠡᠨ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠨ | ᠰᠢᠯᠭᠠᠷᠠᠭᠤᠯᠤᠯᠲᠠ ᠶᠢᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | |