ᠤᠯᠠᠨ ᠲᠦᠮᠡᠨ ᠤ ᠤᠴᠢᠷ ᠶᠠᠪᠤᠳᠠᠯ ᠢ ᠰᠠᠶᠢᠲᠤᠷ ᠭᠦᠢᠴᠡᠳᠬᠡᠬᠦ ᠪᠣᠯ ᠲᠡᠷᠢᠭᠦᠨ ᠴᠢᠬᠤᠯᠠ ᠶᠠᠪᠤᠳᠠᠯ ᠮᠥᠨ
ᠨᠡᠶᠢᠲᠡᠯᠡᠭᠰᠡᠨ ᠴᠠᠭ᠄
2024/11/30
      ᠴᠢ ᠫᠠᠨ ᠵᠢᠩ ᠪᠠᠯᠭᠠᠰᠤ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠭᠠᠰᠢ᠂ 33 ᠺᠠᠳ᠋ᠷ ᠢ ᠭᠠᠴᠠᠭ᠎ᠠ ᠲᠣᠰᠬᠤᠨ ᠳᠤ ᠪᠠᠭᠤᠯᠭᠠᠵᠤ ᠠᠵᠢᠯᠯᠠᠭᠤᠯᠤᠨ᠂ ︽4+1︾᠂ ︽ᠭᠤᠷᠪᠠᠨ1︾᠂ ︽6+N︾᠂ ᠨᠢᠭᠤᠷᠳᠠᠨ ᠦᠢᠯᠡᠴᠢᠯᠡᠬᠦ ᠡᠳᠦᠷ ᠵᠡᠷᠭᠡ ᠪᠦᠷᠢᠨ ᠲᠥᠬᠦᠷ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠪᠡ᠃      ᠭᠠᠴᠠᠭ᠎ᠠ ᠲᠣᠰᠬᠤᠨ ᠳᠤ ᠪᠠᠭᠤᠭᠰᠠᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠ ᠬᠠᠷᠠᠯᠲᠠ ᠲᠣᠳᠣᠷᠬᠠᠢ᠂ ᠲᠡᠳᠡ ᠲᠥᠷᠥ ᠶᠢᠨ ᠪᠣᠳᠣᠯᠭ᠎ᠠ ᠶᠢᠨ ᠰᠠᠶᠢᠨ ᠤᠬᠠᠭᠤᠯᠤᠭᠴᠢ ᠪᠣᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠳᠤ ᠤᠬᠠᠭᠤᠯᠤᠨ᠂ ᠣᠯᠠᠨ ᠲᠦᠮᠡᠨ ᠳᠤ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠨ ᠢ ᠬᠠᠪᠰᠤᠷᠤᠨ 2.3 ᠳ᠋ᠦᠩᠰᠢᠭᠤᠷ ᠲᠥᠭᠦᠷᠢᠭ ᠤᠨ 1386 ᠥᠨᠳᠥᠷ ᠬᠦᠦ ᠲᠠᠢ ᠵᠢᠭᠡᠯᠡᠯᠭᠡ ᠶᠢᠨ ᠬᠦᠦ ᠮᠥᠩᠭᠦ ᠶᠢ ᠪᠠᠭᠤᠷᠠᠭᠤᠯᠵᠤ ᠥᠭᠪᠡ︔ ᠪᠠᠰᠠ ᠵᠥᠷᠢᠴᠡᠯ ᠤᠨ ᠰᠠᠶᠢᠨ ᠡᠶᠡᠳᠡᠭᠦᠯᠦᠭᠴᠢ ᠪᠣᠯᠵᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠪᠥᠭᠡᠳ ᠪᠦᠲᠦᠮᠵᠢᠲᠡᠢ ᠰᠢᠢᠳᠪᠦᠷᠢᠯᠡᠨ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠭᠰᠡᠨ ᠨᠣᠷᠮ᠎ᠠ 100% ᠳᠤ ᠬᠦᠷᠴᠦ᠂ᠵᠥᠷᠢᠴᠡᠯ ᠵᠢᠭᠤᠷᠠᠯᠳᠤᠭᠠᠨ ᠲᠠᠢ ᠡᠯ᠎ᠡ ᠲᠠᠯ᠎ᠠ ᠶᠢᠨ ᠲᠤᠬᠠᠢ ᠶᠢᠨ ᠬᠥᠮᠥᠨ ᠭᠠᠴᠠᠭ᠎ᠠ ᠲᠣᠰᠬᠤᠨ ᠳᠤ ᠪᠠᠭᠤᠭᠰᠠᠨ ᠺᠠᠳ᠋ᠷᠴᠤᠳ ᠤᠨ ᠴᠢᠷᠮᠠᠶᠢᠯᠭ᠎ᠠ ᠪᠠᠷ ᠬᠡᠯᠡᠯᠴᠡᠵᠦ ᠣᠯᠣᠯᠴᠠᠨ᠂ ᠭᠠᠷ ᠠᠳᠬᠤᠨ ᠡᠪᠰᠡᠪᠡ᠃      ᠠᠵᠢᠯ ᠤᠨ ᠡᠬᠡ ᠳᠠᠩᠰᠠ᠂ ᠠᠵᠢᠯ ᠤᠨ ᠡᠳᠦᠷ ᠤᠨ ᠲᠡᠮᠳᠡᠭᠯᠡᠯ ᠪᠠ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠨᠢ ᠪᠦᠷ ︽ᠳᠥᠷᠪᠡ ᠶᠢ ᠴᠣᠮᠬᠠᠳᠬᠠᠵᠤ ᠳᠥᠷᠪᠡ ᠶᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠣᠳᠣᠯᠬᠢᠯᠠᠨ᠂ ᠬᠦᠴᠢᠷ ᠵᠣᠪᠠᠭᠤᠷᠢ ᠶᠢ ᠨᠢ ᠰᠢᠢᠳᠪᠦᠷᠢᠯᠡᠭᠰᠡᠨ ᠤ ᠪᠣᠳᠠᠲᠤ ᠵᠢᠷᠤᠭᠯᠠᠯ ᠪᠣᠯᠣᠨ᠎ᠠ᠂ ᠣᠳᠣᠬᠠᠨ ᠪᠣᠯᠲᠠᠯ᠎ᠠ᠂ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠶᠢ ᠨᠡᠶᠢᠲᠡ 56 ᠤᠳᠠᠭ᠎ᠠ ᠥᠷᠨᠢᠭᠦᠯᠵᠦ᠂ ᠣᠯᠠᠨ ᠲᠦᠮᠡᠨ ᠳᠤ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠬᠦ᠂ ᠮᠠᠯ ᠤᠨᠤᠭ᠎ᠠ ᠶᠢ ᠣᠨᠣᠰᠢᠯᠠᠨ ᠡᠮᠨᠡᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ 4500 ᠭᠠᠷᠤᠢ ᠤᠳᠠᠭ᠎ᠠ ᠬᠠᠩᠭᠠᠨ᠂ ᠦᠬᠡᠷ ᠮᠠᠯ ᠢ ᠨᠢ ᠲᠦᠷ ᠬᠠᠷᠠᠭᠠᠯᠵᠠᠬᠤ᠂ ᠲᠦᠷᠭᠡᠨ ᠬᠦᠷᠭᠡᠯᠲᠡ ᠶᠢ ᠨᠢ ᠣᠷᠣᠯᠠᠨ ᠬᠤᠷᠢᠶᠠᠵᠤ ᠢᠯᠡᠭᠡᠬᠦ ᠵᠡᠷᠭᠡ ᠭᠡᠷ ᠲᠤᠨᠢ ᠬᠦᠷᠴᠦ ᠦᠢᠯᠡᠴᠢᠯᠡᠬᠦ ᠦᠢᠯᠡᠴᠢᠯᠡᠭᠡ ᠶᠢ 100 ᠭᠠᠷᠤᠢ ᠤᠳᠠᠭ᠎ᠠ ᠥᠷᠨᠢᠭᠦᠯᠵᠦ᠂ 3 ᠲᠦᠮᠡ ᠭᠠᠷᠤᠢ ᠬᠥᠮᠥᠨ ᠳᠤ ᠰᠢᠭᠤᠳ ᠦᠢᠯᠡᠴᠢᠯᠡᠨ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠵᠦ᠂ ᠬᠤᠰᠢᠭᠤ ᠱᠠᠲᠤᠨ ᠠᠴᠠ ᠳᠡᠭᠡᠭᠰᠢᠬᠢ ᠵᠠᠬᠢᠳᠠᠯ ᠰᠤᠷᠪᠤᠯᠵᠢᠯᠠᠯ ᠬᠢᠬᠦ ᠦᠭᠡᠢ ᠪᠠᠶᠢᠬᠤ ᠶᠢ ᠪᠡᠶᠡᠯᠡᠭᠦᠯᠦᠨ᠂ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠳᠠᠷᠤᠶᠢᠬᠠᠨ ᠭᠦᠢᠴᠡᠳᠬᠡᠬᠦ ᠠᠵᠢᠯ ᠤᠨ ᠲᠤᠭ᠎ᠠ ᠬᠡᠮᠵᠢᠶ᠎ᠡ ᠶᠢ ᠠᠳᠠᠯᠢ ᠬᠤᠭᠤᠴᠠᠭᠠᠨ ᠤ  ᠬᠢ ᠠᠴᠠ 20% ᠪᠠᠷ ᠪᠠᠭᠤᠷᠠᠭᠤᠯᠪᠠ᠃      ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠭᠡᠳᠡᠭ ᠨᠢ ᠵᠥᠪᠬᠡᠨ ᠠᠮᠠᠨ ᠳᠠᠭᠠᠨ ᠬᠡᠯᠡᠳᠡᠭ ᠤᠷᠢᠶ᠎ᠠ ᠪᠢᠰᠢ᠂ ᠬᠠᠷᠢᠨ ᠴᠢ ᠫᠠᠨ ᠵᠢᠩ ᠪᠠᠯᠭᠠᠰᠤᠨ ᠤ ᠺᠠᠳ᠋ᠷᠴᠤᠳ ᠤᠨ ᠴᠢᠷᠮᠠᠶᠢᠨ ᠠᠵᠢᠯᠯᠠᠭᠰᠠᠨ ᠢᠳᠡᠪᠬᠢᠲᠡᠢ ᠠᠵᠢᠯᠯᠠᠭ᠎ᠠ ᠮᠥᠨ᠂ ᠨᠡᠩ ᠴᠤ ᠤᠯᠠᠨ ᠲᠦᠮᠡᠨ ᠤ ᠪᠢᠴᠢᠭᠰᠡᠨ ᠰᠡᠳᠬᠢᠯ ᠬᠠᠨᠤᠮᠵᠢᠲᠠᠢ ᠪᠠᠶᠢᠬᠤ ᠨᠠᠷᠢᠨ ᠳᠠᠩᠰᠠ ᠮᠥᠨ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ