ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠡᠯᠡᠭᠦᠴᠡᠯ ᠤᠨ ᠭᠠᠵᠠᠷ ᠢ ᠨᠡᠮᠡᠨ ᠪᠠᠶᠢᠭᠤᠯᠵᠤ᠂ ᠰᠢᠪᠠᠷ ᠱᠠᠯᠴᠢᠭ ᠲᠠᠢ ᠵᠡᠭᠡᠯᠢ ᠭᠤᠳᠤᠮᠵᠢ ᠶᠢᠨ ᠵᠠᠮ ᠢ | ᠵᠠᠰᠠᠨ᠂ ᠲᠠᠮᠢᠷ ᠤᠨ ᠲᠠᠯᠠᠪᠤᠷ ᠤᠨ ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠠᠭᠤᠭᠠᠯᠢ ᠲᠣᠭᠤᠷᠢᠭ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠰᠠᠶᠢᠵᠢᠷᠠᠭᠤᠯᠪᠠ ᠁ ᠠᠷᠠᠳ ᠲᠤ ᠠᠰᠢᠭ ᠬᠦᠷᠲᠡᠭᠡᠬᠦ ᠠᠮᠠᠯᠠᠯᠲᠠ ᠨᠤᠭᠤᠳ ᠢ ᠨᠢᠭᠡᠳ ᠨᠢᠭᠡ ᠪᠠᠷ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠳ ᠢ ᠪᠣᠳᠠᠲᠠᠢ ᠨᠠᠶᠢᠳᠠᠪᠤᠷᠢᠵᠢᠭᠤᠯᠪᠠ᠃ | ᠥᠨᠥ ᠵᠢᠯ ᠠᠴᠠ ᠨᠠᠭᠠᠰᠢ᠂ ᠴᠢ ᠫᠠᠨ ᠵᠢᠩ ᠪᠠᠯᠭᠠᠰᠤ ᠦᠨᠳᠦᠰᠦᠨ ᠱᠠᠲᠤᠨ ᠤ ᠬᠡᠷᠡᠭ ᠵᠥᠪᠯᠡᠬᠦ ᠶᠢ ᠠᠬᠢᠭᠤᠯᠬᠤ ᠶᠠᠪᠤᠳᠠᠯ ᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠣᠯᠳᠠᠯᠭ᠎ᠠ ᠪᠣᠯᠭᠠᠵᠤ᠂ ᠦᠨᠳᠦᠰᠦᠨ ᠱᠠᠲᠤᠨ ᠤ ᠣᠯᠠᠨ | ᠲᠦᠮᠡᠨ ᠤ ᠠᠷᠠᠳᠴᠢᠯᠠᠯ ᠢᠶᠠᠷ ᠵᠥᠪᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠣᠯᠠᠨ ᠡᠰᠢᠵᠢᠭᠰᠡᠨ ᠵᠥᠪᠯᠡᠬᠦ ᠲᠠᠯᠠᠪᠤᠷ ᠢ ᠪᠠᠶᠢᠭᠤᠯᠵᠤ᠂ ᠣᠯᠠᠨ | ᠶᠠᠩᠵᠤ ᠶᠢᠨ ᠵᠥᠪᠯᠡᠬᠦ ᠠᠷᠭ᠎ᠠ ᠵᠠᠮ ᠢ ᠥᠷᠭᠡᠳᠬᠡᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠬᠠᠮᠤᠭ ᠤᠨ ᠶᠡᠭᠡ ︽ᠶᠡᠷᠦᠩᠬᠡᠢ ᠬᠤᠷᠢᠶᠠᠭᠴᠢ ᠲᠤᠭ᠎ᠠ︾ | ᠶᠢ ᠣᠨᠣᠪᠴᠢᠲᠠᠶ ᠡᠷᠢᠨ ᠣᠯᠵᠤ᠂ ᠣᠯᠠᠨ ᠲᠦᠮᠡᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ | ᠰᠠᠨᠠᠭ᠎ᠠ ᠳᠤ ᠨᠡᠶᠢᠴᠡᠭᠦᠯᠬᠦ ᠠᠵᠢᠯ ᠢ ᠬᠦᠴᠦᠯᠡᠨ ᠬᠢᠪᠡ᠃ | ᠣᠯᠠᠨ ᠲᠦᠮᠡᠨ ᠤ ᠰᠠᠨᠠᠯ ᠢ ᠰᠣᠨᠣᠰᠴᠤ᠂ ︽ᠠᠷᠠᠳ ᠤᠨ ᠰᠠᠨᠠᠯ︾ ᠢᠶᠠᠷ ︽ᠠᠷᠠᠳ ᠤᠨ ᠠᠮᠢᠳᠤᠷᠠᠯ︾ ᠢ ᠠᠬᠢᠭᠤᠯᠪᠠ | ︽ᠮᠠᠨ ᠤ ᠡᠨᠡ ᠰᠠᠭᠤᠭᠠᠯᠢ ᠲᠣᠭᠤᠷᠢᠭ ᠢ ᠪᠠᠶᠢᠭᠤᠯᠤᠭᠰᠠᠨ ᠠᠴᠠ ᠠᠪᠤᠭᠠᠳ ᠣᠳᠣ ᠪᠣᠯᠲᠠᠯ᠎ᠠ ᠵᠤᠭ᠎ᠠ ᠰᠡᠯᠡᠭᠦᠴᠡᠯ ᠤᠨ ᠭᠠᠵᠠᠷ ᠭᠡᠵᠦ ᠦᠭᠡᠢ᠂ | ᠨᠠᠰᠤᠲᠠᠶᠢᠴᠤᠳ ᠵᠣᠭᠤᠭᠳᠠᠬᠤ᠂ ᠬᠥᠵᠥᠷ ᠲᠣᠭᠯᠠᠬᠤ ᠲᠠᠯᠠᠪᠤᠷ ᠦᠭᠡᠢ᠂ ᠣᠳᠣ ᠨᠡᠶᠢᠭᠡᠮ ᠲᠣᠭᠤᠷᠢᠭ ᠠᠴᠠ ᠪᠢᠳᠡᠨ ᠳᠤ ᠰᠠᠭᠤᠭᠠᠯᠢ ᠠᠷᠠᠳ ᠤᠨ ᠬᠥᠳᠡᠯᠭᠡᠭᠡᠨ ᠤ | ᠲᠠᠰᠤᠭ ᠢ ᠪᠠᠶᠢᠭᠤᠯᠵᠤ ᠥᠭᠭᠦᠭᠰᠡᠨ ᠨᠢ ᠦᠨᠡᠬᠡᠷ ᠠᠷᠠᠳ ᠲᠤ ᠠᠰᠢᠭ ᠬᠦᠷᠲᠡᠭᠡᠭᠰᠡᠨ ᠰᠠᠶᠢᠨ ᠶᠠᠪᠤᠳᠠᠯ ᠮᠥᠨ︾ ᠭᠡᠵᠦ ᠴᠢ ᠫᠠᠨ ᠵᠢᠩ ᠪᠠᠯᠭᠠᠰᠤ ᠶᠢᠨ ᠰᠢᠨ ᠲᠦᠩ | ᠬᠤᠢ ᠵᠢᠩ ᠶᠤᠸᠠᠨ ᠰᠠᠭᠤᠭᠠᠯᠢ ᠲᠣᠭᠤᠷᠢᠭ ᠤᠨ ᠠᠷᠠᠳ ᠬᠡᠯᠡᠵᠦ ᠪᠠᠶᠢᠯ᠎ᠠ᠃ ᠣᠶᠢᠯᠠᠭᠠᠭᠰᠠᠨ ᠢᠶᠠᠷ᠂ ᠲᠣᠰ ᠰᠠᠭᠤᠭᠠᠯᠢ ᠲᠣᠭᠤᠷᠢᠭ ᠲᠤ ᠨᠡᠶᠢᠲᠡ 1010 ᠪᠠᠶᠢᠩᠭᠤ | ᠰᠠᠭᠤᠭ᠎ᠠ ᠬᠥᠮᠥᠨ ᠠᠮᠠ ᠲᠠᠢ ᠪᠣᠯᠪᠠᠴᠤ ᠰᠠᠭᠤᠭᠠᠯᠢ ᠲᠣᠭᠤᠷᠢᠭ ᠢ ᠪᠠᠶᠢᠭᠤᠯᠤᠭᠰᠠᠨ ᠠᠴᠠ ᠨᠠᠭᠠᠰᠢ ᠰᠠᠭᠤᠭᠠᠯᠢ ᠠᠷᠠᠳ ᠤᠨ ᠬᠥᠳᠡᠯᠭᠡᠭᠡᠨ ᠤ ᠲᠠᠰᠤᠭ ᠪᠠᠶᠢᠬᠤ ᠦᠭᠡᠢ᠂ | ᠰᠠᠭᠤᠭᠠᠯᠢ ᠠᠷᠠᠳ ᠤᠨ ᠰᠣᠶᠣᠯ ᠴᠡᠩᠭᠡᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠵᠠᠢ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠢ | ᠪᠡᠶᠡᠯᠡᠭᠦᠯᠬᠦ ᠪᠠᠷ ᠨᠡᠶᠢᠭᠡᠮ ᠲᠣᠭᠤᠷᠢᠭ ᠤᠨ ᠬᠢᠨ ︽ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠮᠴᠢᠲᠡᠳ ᠤᠨ ᠵᠥᠪᠯᠡᠯ᠂ ᠥᠮᠴᠢᠲᠡᠨ ᠤ ᠲᠥᠯᠥᠭᠡᠯᠡᠭᠴᠢ᠂ ᠠᠳᠠᠯ ᠠᠬᠤᠢ᠂ ᠰᠠᠭᠤᠭᠠᠯᠢ ᠠᠷᠠᠳ ᠤᠨ | ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠬᠡᠷᠡᠭ ᠵᠥᠪᠯᠡᠬᠦ ᠬᠤᠷᠠᠯ ᠢ ᠬᠤᠷᠠᠯᠳᠤᠭᠤᠯᠤᠨ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠴᠤᠭᠯᠠᠭᠤᠯᠤᠭᠠᠳ ᠡᠴᠦᠰ ᠲᠡᠭᠡᠨ ᠰᠠᠭᠤᠭᠠᠯᠢ ᠲᠣᠭᠤᠷᠢᠭ ᠲᠤ 120 ᠲᠡᠭᠰᠢ ᠳᠥᠷᠪᠡᠯᠵᠢᠨ ᠮᠧᠲᠷ ᠤᠨ ᠬᠥᠳᠡᠯᠭᠡᠭᠡᠨ ᠤ ᠲᠠᠰᠤᠭ ᠢ ᠰᠢᠨ᠎ᠡ ᠪᠠᠷ | ᠪᠠᠶᠢᠭᠤᠯᠬᠤ ᠪᠠᠷ ᠲᠣᠭᠲᠠᠵᠠᠢ᠂ ᠬᠥᠳᠡᠯᠭᠡᠭᠡᠨ ᠤ ᠲᠠᠰᠤᠭ ᠢ 8 ᠳ᠋ᠤᠭᠠᠷ ᠰᠠᠷ᠎ᠠ ᠶᠢᠨ 23 ᠤ ᠡᠳᠦᠷ ᠠᠴᠠ ᠡᠬᠢᠯᠡᠨ ᠪᠠᠶᠢᠭᠤᠯᠵᠤ᠂ 10 ᠳ᠋ᠤᠭᠠᠷ ᠰᠠᠷ᠎ᠠ ᠶᠢᠨ 31 ᠤ | ᠡᠳᠦᠷ ᠳᠠᠭᠤᠰᠬᠠᠨ᠂ ᠣᠲᠣ ᠨᠢᠭᠡᠨᠲᠡ ᠠᠰᠢᠭᠯᠠᠯᠲᠠ ᠳᠤ ᠣᠷᠣᠭᠤᠯᠪᠠ᠃ | ᠦᠨᠳᠦᠰᠦᠨ ᠱᠠᠲᠤᠨ ᠤ ᠣᠯᠠᠨ ᠲᠦᠮᠡᠨ ᠤ ᠥᠷᠭᠡᠨ ᠢᠶᠠᠷ ᠣᠷᠣᠯᠴᠠᠭᠰᠠᠨ ᠡᠶᠢᠮᠦᠷᠬᠦ ᠬᠡᠷᠡᠭ ᠵᠥᠪᠯᠡᠬᠦ ᠦᠵᠡᠭᠳᠡᠯ ᠨᠢ ᠴᠢ ᠫᠠᠨ ᠵᠢᠩ ᠪᠠᠯᠭᠠᠰᠤᠨ ᠤ ᠡᠯ᠎ᠡ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠦᠷᠭᠦᠯᠵᠢ ᠬᠠᠷᠠᠭᠳᠠᠳᠠᠭ᠃ ᠠᠷᠠᠳ ᠲᠦᠮᠡᠨ ᠤ ᠲᠥᠯᠥᠭᠡ ᠵᠥᠪᠳᠡᠯᠴᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ | ᠴᠢ ᠫᠠᠨ ᠵᠢᠩ ᠪᠠᠯᠭᠠᠰᠤᠨ ᠤ ᠬᠢᠨ ︽ᠨᠠᠮ ᠤᠨ ᠬᠤᠷᠢᠶ᠎ᠠ ᠤᠳᠤᠷᠢᠳᠤᠨ᠂ ᠵᠠᠰᠠᠭ ᠤᠨ ᠣᠷᠳᠣᠨ ᠳᠡᠮᠵᠢᠵᠦ᠂ ᠤᠯᠤᠰ ᠲᠥᠷᠥ ᠶᠢᠨ ᠵᠥᠪᠯᠡᠯᠭᠡᠨ ᠲᠠᠪᠴᠠᠩ | ᠪᠠᠶᠢᠭᠤᠯᠤᠨ᠂ ᠣᠯᠠᠨ ᠲᠠᠯ᠎ᠠ ᠶᠢᠨ ᠬᠢᠨ ᠬᠠᠮᠵᠢᠯᠴᠠᠵᠤ᠂ ᠰᠠᠭᠤᠭᠠᠯᠢ ᠠᠷᠠᠳ ᠣᠷᠣᠯᠴᠠᠭᠰᠠᠨ︾᠂ ︽1+4︾ ᠶᠢᠨ ᠬᠡᠷᠡᠭ ᠵᠥᠪᠯᠡᠬᠦ ᠪᠠᠶᠢᠷᠢᠰᠢᠯ ᠢ ᠪᠣᠶ ᠪᠣᠯᠭᠠᠪᠠ᠃ | ᠣᠳᠣᠬᠠᠨ ᠪᠣᠯᠲᠠᠯ᠎ᠠ᠂ ︽ᠣᠯᠠᠭᠤᠯᠠ ᠪᠠᠷ ᠢᠶᠠᠨ ᠴᠤᠭᠯᠠᠷᠠᠵᠤ ᠤᠴᠢᠷ ᠶᠠᠪᠤᠳᠠᠯ ᠢ ᠵᠥᠪᠯᠡᠬᠦ︾᠂ ︽ᠴᠠᠢ ᠤᠤᠭᠤᠵᠤ ᠤᠴᠢᠷ ᠵᠥᠪᠯᠡᠬᠦ︾᠂ ︽ᠦᠨᠳᠦᠰᠦᠨ | ᠱᠠᠲᠤᠨ ᠤ ᠵᠥᠪᠯᠡᠯᠭᠡ ᠶᠢ ᠰᠠᠭᠤᠭᠠᠯᠢ ᠲᠣᠭᠤᠷᠢᠭ ᠲᠤ ᠣᠷᠣᠭᠤᠯᠬᠤ︾ ᠵᠡᠷᠭᠡ ᠬᠡᠯᠪᠡᠷᠢ ᠪᠠᠷ 60 ᠭᠠᠷᠤᠢ ᠤᠳᠠᠭ᠎ᠠ ᠬᠡᠷᠡᠭ ᠵᠥᠪᠯᠡᠬᠦ ᠠᠵᠢᠯᠯᠠᠭ᠎ᠠ ᠥᠷᠨᠢᠭᠦᠯᠵᠦ᠂ | ᠬᠡᠷᠡᠭ ᠵᠥᠪᠯᠡᠬᠦ ᠪᠠᠷ ᠳᠠᠮᠵᠢᠭᠤᠯᠤᠨ ᠵᠡᠭᠡᠯᠢ ᠭᠤᠳᠤᠮᠵᠢ ᠶᠢ ᠵᠠᠰᠠᠬᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠥᠷᠲᠡᠭᠡ ᠶᠢ ᠰᠢᠨ᠎ᠡ ᠪᠠᠷ | ᠪᠠᠶᠢᠭᠤᠯᠬᠤ᠂ ᠵᠠᠮ ᠤᠨ ᠳ᠋ᠧᠩ ᠤᠭᠰᠠᠷᠠᠬᠤ ᠵᠡᠷᠭᠡ ᠠᠷᠠᠳ ᠤᠨ ᠠᠮᠢᠳᠤᠷᠠᠯ ᠤᠨ 25 ᠴᠢᠬᠤᠯᠠ ᠶᠠᠪᠤᠳᠠᠯ ᠢ ᠲᠣᠭᠲᠠᠭᠠᠪᠠ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠦᠨᠡᠨᠬᠦ ᠬᠡᠷᠡᠭᠵᠢᠭᠦᠯᠪᠡ | ︽ᠵᠠᠮ ᠤᠨ ᠳ᠋ᠧᠩ ᠤᠭᠰᠠᠷᠠᠭᠰᠠᠨ ᠠᠴᠠ ᠬᠠᠷᠠᠩᠭᠤᠢ ᠪᠠᠷ ᠰᠥᠨᠢ ᠶᠢᠨ ᠡᠭᠡᠯᠵᠢᠨ ᠳᠤ ᠭᠠᠷᠬᠤ ᠪᠠᠨ ᠪᠣᠯᠢᠯ᠎ᠠ︕︾᠂ ︽ᠳ᠋ᠧᠩ ᠲᠠᠢ ᠪᠣᠯᠤᠭᠰᠠᠨ ᠤ ᠳᠠᠷᠠᠭ᠎ᠠ | ᠦᠳᠡᠰᠢ ᠣᠷᠣᠢ ᠭᠠᠳᠠᠭᠰᠢ ᠭᠠᠷᠬᠤ ᠳᠤ ᠰᠠᠨᠠᠭ᠎ᠠ ᠠᠮᠤᠷ ᠪᠣᠯᠣᠯ᠎ᠠ︕︾ ᠭᠡᠵᠦ ᠶᠠᠷᠢᠵᠠᠭᠠᠨ᠎ᠠ᠃ ᠣᠶᠢᠷ᠎ᠠ ᠳᠤ᠂ ᠬᠥ᠋ ᠶᠧ ᠨᠡᠶᠢᠭᠡᠮ ᠲᠣᠭᠤᠷᠢᠭ ᠤᠨ ᠠᠵᠢᠯᠲᠠᠳ | ᠠᠶᠢᠯ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠳᠠᠭᠠᠨ 929 ᠪᠠᠶᠢᠰᠢᠩ ᠭᠡᠷ ᠤᠨ ᠰᠠᠭᠤᠭᠠᠯᠢ ᠲᠣᠭᠤᠷᠢᠭ ᠤᠨ ᠵᠡᠭᠡᠯᠢ ᠭᠤᠳᠤᠮᠵᠢ ᠳᠤ ᠵᠠᠮ ᠤᠨ ᠳ᠋ᠧᠩ ᠦᠭᠡᠢ | ᠪᠣᠯᠬᠤᠷ ᠰᠠᠭᠤᠭᠠᠯᠢ ᠠᠷᠠᠳ ᠤᠨ ᠰᠥᠨᠢ ᠪᠠᠷ ᠶᠠᠪᠤᠵᠤ ᠰᠠᠭᠤᠬᠤ ᠪᠠ ᠲᠡᠷᠭᠡ ᠵᠢᠯᠤᠭᠤᠳᠬᠤ ᠶᠢ ᠨᠥᠯᠥᠭᠡᠯᠡᠵᠦ᠂ ᠠᠮᠤᠷ ᠲᠦᠪᠰᠢᠨ ᠤ ᠳᠠᠯᠳᠠ ᠬᠡᠮ ᠣᠷᠣᠰᠢᠵᠤ | ᠪᠠᠶᠢᠬᠤ ᠶᠢ ᠣᠯᠵᠦ ᠮᠡᠳᠡᠭᠰᠡᠨ ᠤ ᠳᠠᠷᠠᠭ᠎ᠠ᠂ ᠨᠡᠶᠢᠭᠡᠮ ᠲᠣᠭᠤᠷᠢᠭ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ᠂ ᠡᠯ᠎ᠡ | ᠲᠥᠷᠥᠯ ᠤᠨ ᠡᠬᠢ ᠪᠠᠶᠠᠯᠢᠭ ᠢ ᠠᠰᠢᠭᠯᠠᠨ᠂ ᠰᠠᠭᠤᠭᠠᠯᠢ ᠲᠣᠭᠤᠷᠢᠭ ᠲᠤ 48 ᠨᠡᠷᠡᠨ ᠡᠨᠧᠷᠭᠢ ᠶᠢᠨ ᠵᠠᠮ ᠤᠨ ᠳ᠋ᠧᠩ ᠢ ᠰᠢᠨ᠎ᠡ ᠪᠠᠷ ᠤᠭᠰᠠᠷᠠᠵᠤ᠂ ᠵᠢᠵᠢᠭ | ᠭᠤᠳᠤᠮᠵᠢ ᠶᠢᠨ ᠵᠠᠮ ᠢ ᠭᠡᠷᠡᠯᠲᠦᠭᠦᠯᠦᠨ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠪᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠳᠠᠭ᠂ ᠴᠢ ᠫᠠᠨ ᠵᠢᠩ | ᠪᠠᠯᠭᠠᠰᠤ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ︽ᠬᠠᠷᠢᠭᠤᠴᠠᠯᠭ᠎ᠠ ᠶᠢᠨ ᠨᠠᠷᠢᠨ ᠲᠠᠩᠰᠠ︾ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠪᠠ᠃ | ᠣᠳᠣᠬᠠᠨ ᠪᠣᠯᠲᠠᠯ᠎ᠠ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠥᠷᠲᠡᠭᠡ ᠶᠢ ᠰᠢᠨ᠎ᠡ ᠪᠠᠷ 13 ᠪᠠᠶᠢᠭᠤᠯᠵᠤ᠂ ᠰᠠᠭᠤᠭᠠᠯᠢ ᠲᠣᠭᠤᠷᠢᠭ ᠤᠨ ᠨᠡᠷᠡᠨ | ᠡᠨᠧᠷᠭᠢ ᠶᠢᠨ ᠵᠠᠮ ᠤᠨ ᠳ᠋ᠧᠩ ᠢ 70 ᠤᠭᠰᠠᠷᠠᠨ᠂ ᠬᠢᠨᠠᠨ ᠡᠵᠡᠮᠳᠡᠬᠦ ᠲᠥᠬᠦᠭᠡᠷᠦᠮᠵᠢ ᠶᠢ 10 ᠤᠭᠰᠠᠷᠠᠵᠤ᠂ ᠰᠡᠷᠡᠮᠵᠢᠯᠡᠭᠦᠯᠬᠦ ᠵᠠᠮ ᠤᠨ ᠢᠯᠡᠷᠬᠡᠶᠢᠯᠡᠯ ᠢ 50 | ᠭᠠᠷᠭᠠᠨ᠂ ᠵᠡᠭᠡᠯᠢ ᠭᠤᠳᠤᠮᠵᠢ ᠶᠢᠨ 2 ᠵᠠᠮ ᠢ ᠵᠠᠰᠠᠨ ᠰᠡᠯᠪᠢᠵᠦ᠂ ᠬᠠᠮᠲᠤ ᠪᠠᠷ ᠠᠰᠢᠭᠯᠠᠬᠤ ᠪᠥᠮᠪᠥᠭᠡᠨ ᠲᠠᠯᠠᠪᠤᠷ ᠢ 2 ᠪᠠᠶᠢᠭᠤᠯᠤᠭᠰᠠᠨ ᠪᠥᠭᠡᠳ ᠪᠠᠰᠠ ᠠᠯᠢ ᠣᠯᠠᠨ | ᠬᠠᠮᠲᠤ ᠪᠠᠷ ᠠᠰᠢᠭᠯᠠᠬᠤ ᠬᠤᠭᠤᠯᠠᠨ ᠭᠡᠷ᠂ ᠬᠠᠮᠲᠤ ᠪᠠᠷ ᠠᠰᠢᠭᠯᠠᠬᠤ ᠣᠶᠣᠳᠠᠯ ᠤᠨ ᠭᠠᠵᠠᠷ᠂ ᠬᠠᠮᠲᠤ ᠪᠠᠷ ᠠᠰᠢᠭᠯᠠᠬᠤ ᠪᠠᠭᠠᠵᠢ ᠬᠡᠷᠡᠭᠰᠡᠯ ᠤᠨ ᠥᠷᠥᠭᠡ ᠵᠡᠷᠭᠡ ᠶᠢ | ᠪᠠᠶᠢᠭᠤᠯᠪᠠ᠃ | ᠦᠷᠭᠦᠯᠵᠢᠯᠡᠨ ᠣᠨᠣᠪᠴᠢᠲᠠᠢ ᠬᠦᠴᠦᠯᠡᠵᠦ᠂ ᠠᠷᠠᠳ ᠤᠨ ᠰᠠᠨᠠᠭᠠᠨ ᠳᠤ ᠨᠡᠶᠢᠴᠡᠭᠦᠯᠪᠡ | ᠰᠠᠨ ᠸᠧᠢ ᠵᠡᠭᠡᠯᠢ ᠶᠢᠨ ᠪᠠᠶᠢᠰᠢᠩ ᠭᠡᠷ ᠤᠨ ᠲᠣᠭᠤᠷᠢᠭ ᠤᠨ ᠵᠡᠭᠡᠯᠢ ᠭᠤᠳᠤᠮᠵᠢ ᠶᠢᠨ ᠵᠠᠮ ᠨᠢ ᠡᠪᠳᠡᠷᠡᠵᠦ ᠬᠠᠭᠠᠷᠠᠨ᠂ ᠡᠩᠬᠦᠯ ᠳᠤᠩᠬᠤᠯ ᠪᠣᠯᠵᠦ᠂ ᠪᠣᠷᠣᠭᠠᠨ | ᠴᠠᠰᠤ ᠣᠷᠣᠬᠤ ᠪᠣᠯᠭᠠᠨ ᠠᠮᠠᠷᠬᠠᠨ ᠤᠰᠤ ᠬᠤᠷᠠᠭᠠᠳ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠵᠦ᠂ ᠰᠠᠭᠤᠭᠠᠯᠢ | ᠠᠷᠠᠳ ᠤᠨ ︽ᠰᠡᠳᠬᠢᠯ ᠤᠨ ᠡᠪᠡᠳᠴᠢᠨ︾ ᠪᠣᠯᠤᠭᠰᠠᠨ ᠪᠠᠶᠢᠨ᠎ᠠ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠬᠢᠨ ᠲᠡᠷᠡ ᠳᠠᠷᠤᠢ ᠳᠤᠨᠢ | ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠡᠷᠦᠬᠡ ᠳᠤ ᠬᠦᠷᠴᠦ ᠪᠠᠶᠢᠳᠠᠯ ᠢ ᠣᠶᠢᠯᠠᠭᠠᠨ᠂ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠨᠢᠭᠡᠴᠢ | ᠲᠠᠢ ᠬᠠᠮᠲᠤᠷᠠᠨ ᠣᠯᠠᠨ ᠤᠳᠠᠭ᠎ᠠ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠢ ᠪᠠᠶᠢᠴᠠᠭᠠᠨ ᠦᠵᠡᠵᠦ᠂ ᠵᠠᠮ ᠢ ᠰᠡᠯᠪᠢᠨ ᠵᠠᠰᠠᠬᠤ ᠲᠥᠰᠥᠯ ᠢ | ᠵᠥᠪᠳᠡᠯᠴᠡᠨ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠨᠡᠶᠢᠭᠡᠮ ᠲᠣᠭᠤᠷᠢᠭ ᠤᠨ ᠠᠵᠢᠯᠲᠠᠳ ᠨᠡᠩ ᠴᠤ ᠪᠡᠶ᠎ᠡ ᠪᠠᠷ ᠢᠶᠠᠨ ᠭᠠᠪᠰᠢᠭᠠᠶᠢᠯᠠᠨ᠂ ᠬᠦᠷᠵᠡ | ᠬᠦᠷᠵᠡ ᠪᠠᠷ ᠬᠠᠶᠢᠷ ᠴᠢᠯᠠᠭᠤ ᠵᠥᠭᠡᠭᠡᠵᠦ ᠵᠠᠮ ᠳᠡᠪᠢᠰᠪᠡ᠃ ᠲᠡᠭᠰᠢ ᠳᠠᠷᠳᠠᠩ ᠵᠠᠮ ᠨᠢ ᠪᠠᠶᠢᠰᠢᠩ ᠭᠡᠷ ᠤᠨ ᠲᠣᠭᠤᠷᠢᠭ ᠤᠨ ᠰᠠᠭᠤᠭᠠᠯᠢ ᠠᠷᠠᠳ ᠤᠨ ᠶᠠᠪᠤᠵᠤ | ᠰᠠᠭᠤᠬᠤ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠡᠷᠬᠢᠨ ᠲᠣᠭᠤᠷᠢᠨ ᠤ ᠰᠠᠭᠤᠭᠠᠯᠢ | ᠠᠷᠠᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ | ᠴᠢ ᠫᠠᠨ ᠵᠢᠩ ᠪᠠᠯᠭᠠᠰᠤ ᠶᠢᠨ ᠬᠢᠨ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠲᠠᠯ᠎ᠠ ᠪᠠᠷ ᠪᠣᠳᠠᠲᠠᠢ ᠠᠷᠭ᠎ᠠ ᠰᠦᠪᠡᠭᠴᠢᠯᠡᠵᠦ᠂ ᠨᠠᠷᠢᠯᠢᠭ | ᠣᠨᠣᠪᠴᠢᠲᠠᠢ ᠠᠬᠢᠭᠤᠯᠬᠤ ᠲᠠᠯ᠎ᠠ ᠪᠠᠷ ᠪᠣᠳᠠᠲᠠᠢ ᠴᠢᠷᠮᠠᠶᠢᠯᠭ᠎ᠠ ᠭᠠᠷᠭᠠᠨ᠂ ᠤᠯᠠᠨ ᠲᠦᠮᠡᠨ ᠤ ︽ᠵᠠᠩᠭᠢᠯᠠᠭ᠎ᠠ ᠶᠢᠨ ᠶᠠᠪᠤᠳᠠᠯ︾ ᠤᠨ ᠲᠣᠭᠤᠷᠢᠨ ᠳᠤ ᠤᠯᠠᠨ ᠲᠦᠮᠡᠨ ᠤ | ᠳᠡᠷᠭᠡᠳᠡᠬᠢ ᠰᠡᠳᠬᠢᠯ ᠢ ᠨᠢ ᠮᠡᠳᠡᠭᠴᠢ ᠪᠣᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠤᠯᠪᠣᠬᠤ ᠬᠥᠭᠦᠷᠭᠡ ᠶᠢᠨ ᠦᠢᠯᠡᠳᠦᠯ ᠢ ᠪᠠᠳᠠᠷᠠᠭᠤᠯᠤᠨ᠂ ︽ᠤᠯᠠᠨ | ᠲᠦᠮᠡᠨ ᠤ ᠬᠦᠰᠡᠯ︾ ᠢ ︽ᠵᠠᠰᠠᠭ ᠤᠨ ᠣᠷᠳᠣᠨ ᠤ ᠠᠵᠢᠯᠯᠠᠭ᠎ᠠ︾ ᠪᠣᠯᠭᠠᠵᠤ᠂ ︽ᠰᠠᠭᠤᠭᠠᠯᠢ ᠠᠷᠠᠳ ᠤᠨ ᠬᠦᠰᠡᠯ︾ ᠢ ︽ᠰᠠᠭᠤᠭᠠᠯᠢ ᠠᠷᠠᠳ ᠤᠨ ᠮᠠᠭᠲᠠᠭᠠᠯ︾ | ᠪᠣᠯᠭᠠᠬᠤ ᠪᠠᠷ ᠴᠢᠷᠮᠠᠶᠢᠪᠠ᠃ | |