ᠨᠠᠮ ᠤᠨ ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ | ᠪᠥᠬᠦ ᠺᠠᠳ᠋ᠷ ᠠᠵᠢᠯᠲᠠᠨ ᠤ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠬᠦ ᠪᠠᠷ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠶᠢ | ᠠᠬᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠠᠭᠠᠨᠪᠠᠯᠭᠠᠰᠤ ᠶᠢᠨ ᠬᠢᠨ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ | ᠬᠦᠴᠦᠷᠬᠡᠭᠵᠢᠭᠦᠯᠬᠦ︾ ᠲᠤᠰᠬᠠᠢ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠺᠠᠳ᠋ᠷ ᠤᠨ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠨ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ︽ᠠᠷᠠᠳ ᠤᠨ ᠬᠦᠴᠢᠷᠳᠡᠯ ᠢ ᠰᠢᠢᠳᠪᠦᠷᠢᠯᠡᠬᠦ︾ ᠪᠠᠷ ᠵᠣᠷᠢᠯᠭ᠎ᠠ ᠪᠠᠨ ᠪᠣᠯᠭᠠᠪᠠ᠃ | ᠨᠢᠭᠡ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠺᠠᠳ᠋ᠷ ᠣᠯᠠᠨ ᠲᠦᠮᠡᠨ ᠤ ︽ᠰᠡᠳᠬᠢᠯ ᠤᠨ ᠬᠤᠯᠪᠣᠭᠠᠰᠤ︾ ᠶᠢ ᠪᠠᠶᠢᠭᠤᠯᠪᠠ | ᠤᠯᠠᠭᠠᠨᠪᠠᠯᠭᠠᠰᠤ ᠨᠠᠮ ᠤᠨ ᠬᠤᠷᠢᠶᠠᠨ ᠤ ᠬᠤᠷᠠᠯ ᠬᠤᠷᠠᠯᠳᠤᠭᠤᠯᠵᠤ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ | ᠬᠦᠴᠦᠷᠬᠡᠭᠵᠢᠭᠦᠯᠬᠦ︾ ᠠᠵᠢᠯ ᠢ ᠲᠤᠰᠬᠠᠢ ᠰᠡᠳᠦᠪ ᠢᠶᠠᠷ ᠰᠤᠳᠤᠯᠤᠨ᠂ ︽ᠤᠯᠠᠭᠠᠨᠪᠠᠯᠭᠠᠰᠤ ᠶᠢᠨ ᠠᠵᠢᠯ ᠤᠨ ᠰᠤᠷᠲᠠᠯ ᠢ ᠰᠠᠶᠢᠵᠢᠷᠠᠭᠤᠯᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ ︿ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ﹀ ᠶᠢ | ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ︽ᠪᠠᠯᠭᠠᠰᠤᠨ ᠤ ᠨᠠᠮ ᠤᠨ ᠬᠤᠷᠢᠶ᠎ᠠ + ᠭᠠᠴᠠᠭ᠎ᠠ ᠲᠣᠰᠬᠤᠨ ᠤ ᠨᠠᠮ ᠤᠨ ᠡᠭᠦᠷ + ᠭᠠᠴᠠᠭ᠎ᠠ | ᠲᠣᠰᠬᠤᠨ ᠳᠤ ᠰᠠᠭᠤᠬᠤ ᠠᠵᠢᠯᠯᠠᠬᠤ ᠠᠩᠭᠢ︾ ᠶᠢᠨ ᠭᠤᠷᠪᠠᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭᠤᠯᠭ᠎ᠠ ᠡᠭᠦᠷᠭᠡᠯᠡᠬᠦ ᠲᠣᠭᠲᠠᠴᠠ ᠶᠢ | ᠪᠠᠶᠢᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠨᠠᠮ ᠤᠨ ᠬᠤᠷᠢᠶᠠᠨ ᠤ ᠳᠡᠳ᠋ ᠱᠦᠵᠢ ᠪᠠᠷ | ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ 8 ᠠᠵᠢᠯᠯᠠᠬᠤ ᠠᠩᠭᠢ ᠭᠠᠷᠭᠠᠨ᠂ ᠡᠯ᠎ᠡ ᠬᠤᠪᠢᠶᠠᠨ | ᠬᠠᠮᠢᠶᠠᠷᠴᠤ ᠪᠦᠬᠦᠢ ᠤᠳᠤᠷᠢᠳᠤᠯᠭ᠎ᠠ ᠬᠠᠷᠢᠯᠴᠠᠵᠤ ᠪᠠᠶᠢᠭ᠎ᠠ ᠭᠠᠴᠠᠭ᠎ᠠ ᠲᠣᠰᠬᠤᠨ ᠳᠠᠭᠠᠨ ᠪᠠᠭᠤᠬᠤ ᠳᠦᠷᠢᠮ ᠢ ᠲᠣᠭᠲᠠᠭᠠᠵᠤ᠂ ︽ᠦᠨᠳᠦᠰᠦᠨ ᠳ᠋ᠠᠶᠢᠲ᠋ᠠ ᠬᠥᠮᠥᠷᠭᠡ︾ | ᠳᠤ ᠲᠦᠰᠢᠭᠯᠡᠨ ᠡᠷᠦᠬᠡ ᠪᠦᠷᠢ ᠳᠤ ᠭᠡᠷ ᠪᠦᠯᠢ ᠶᠢᠨ ᠦᠨᠳᠦᠰᠦᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ | ᠬᠡᠷᠡᠭᠴᠡᠭᠡ ᠱᠠᠭᠠᠷᠳᠠᠯᠭ᠎ᠠ ᠵᠡᠷᠭᠡ ᠶᠢ ᠪᠠᠭᠲᠠᠭᠠᠭᠰᠠᠨ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠵᠤ᠂ ︽ᠠᠷᠠᠳ ᠤᠨ ᠪᠠᠶᠢᠳᠠᠯ ᠤᠨ ᠲᠠᠩᠰᠠ︾ ᠶᠢ ᠪᠥᠬᠦ | ᠲᠠᠯ᠎ᠠ ᠪᠠᠷ ᠡᠵᠡᠮᠰᠢᠪᠡ᠃ ︽1+1+N︾ ᠬᠤᠯᠪᠣᠭᠠᠯᠠᠨ ᠳᠠᠭᠠᠭᠠᠴᠢᠯᠠᠬᠤ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠰᠢᠶᠠᠩ ᠪᠠᠯᠭᠠᠰᠤ ᠶᠢᠨ 1 ᠺᠠᠳ᠋ᠷ ᠬᠢᠭᠡᠳ | ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ 1 ᠺᠠᠳ᠋ᠷ ᠪᠤᠶᠤ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ N ᠡᠷᠦᠬᠡ ᠶᠢᠨ ᠣᠯᠠᠨ ᠲᠦᠮᠡᠨ ᠢ ᠬᠤᠯᠪᠣᠭᠠᠯᠠᠨ | ᠳᠠᠭᠠᠭᠠᠴᠢᠯᠠᠵᠤ᠂ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠮᠠᠯᠴᠢᠨ ᠲᠠᠷᠢᠶᠠᠴᠢᠨ ᠲᠠᠢ ᠵᠣᠭᠤᠭᠳᠠᠬᠤ ᠳᠤᠮᠳᠠ ᠠᠷᠠᠳ ᠤᠨ ᠰᠠᠨᠠᠯ ᠪᠣᠳᠣᠯ ᠢ ᠬᠤᠷᠢᠶᠠᠵᠤ᠂ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠢ | ᠪᠣᠳᠠᠲᠠᠢ ᠨᠠᠶᠢᠳᠠᠪᠤᠷᠢᠵᠢᠭᠤᠯᠪᠠ᠃ ᠣᠳᠣᠬᠠᠨ ᠳᠤ᠂ ᠪᠥᠬᠦ ᠪᠠᠯᠭᠠᠰᠤᠨ ᠤ ᠤᠳᠤᠷᠢᠳᠬᠤ ᠺᠠᠳ᠋ᠷᠴᠤᠳ ᠦᠨᠳᠦᠰᠦᠨ ᠱᠠᠲᠤᠨ ᠳᠤ ᠪᠣᠳᠠᠲᠠᠢ ᠭᠦᠨᠵᠡᠭᠡᠶᠢᠷᠡᠨ᠂ ᠮᠠᠯᠴᠢᠨ | ᠲᠠᠷᠢᠶᠠᠴᠢᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠣᠶᠢᠯᠠᠭᠠᠵᠤ᠂ ᠣᠨᠣᠪᠴᠢᠲᠠᠢ ᠦᠢᠯᠡᠴᠢᠯᠡᠭᠡ ᠬᠠᠩᠭᠠᠨ᠂ ᠺᠠᠳ᠋ᠷ ᠣᠯᠠᠨ ᠲᠦᠮᠡᠨ ᠤ ︽ | ᠰᠡᠳᠬᠢᠯ ᠤᠨ ᠬᠤᠯᠪᠣᠭᠠᠰᠤ︾ ᠶᠢ ᠪᠠᠶᠢᠭᠤᠯᠪᠠ᠃ ᠣᠳᠣᠬᠠᠨ ᠪᠣᠯᠲᠠᠯ᠎ᠠ᠂ ᠪᠦᠬᠦ ᠪᠠᠯᠭᠠᠰᠤ ᠪᠠᠷ ᠢᠶᠠᠨ ᠨᠡᠶᠢᠳᠡ 500 ᠤᠯᠠᠨ ᠲᠦᠮᠡᠨ ᠤ ᠭᠡᠷ ᠲᠤᠨᠢ ᠬᠦᠷᠴᠦ | ᠪᠠᠶᠢᠳᠠᠯ ᠢ ᠣᠶᠢᠯᠠᠭᠠᠨ᠂ 30 ᠤᠳᠠᠭ᠎ᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ 120 ᠰᠠᠨᠠᠭᠤᠯᠭ᠎ᠠ ᠶᠢ ᠬᠤᠷᠢᠶᠠᠪᠠ᠃ | ᠬᠤᠶᠠᠷ᠂ ᠨᠠᠶᠢᠳᠠᠪᠤᠷᠢᠵᠢᠭᠤᠯᠤᠯᠲᠠ ᠶᠢ ᠡᠷᠴᠢᠮᠲᠡᠢ ᠴᠢᠩᠭᠠᠳᠬᠠᠵᠤ᠂ ᠤᠯᠠᠨ ᠲᠦᠮᠡᠨ ᠤ ᠰᠡᠳᠬᠢᠯ ᠢ ᠣᠶᠢᠯᠠᠭᠠᠬᠤ ᠪᠠᠷ ᠴᠢᠷᠮᠠᠶᠢᠪᠠ | ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ | ᠤᠯᠠᠭᠠᠨᠪᠠᠯᠭᠠᠰᠤ ᠶᠢᠨ ᠬᠢᠨ ᠤᠳᠤᠷᠢᠳᠬᠤ ᠺᠠᠳ᠋ᠷᠴᠤᠳ ᠤᠨ ᠠᠶᠢᠯ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠡᠷᠴᠢᠮ ᠢᠶᠠᠨ ᠴᠢᠩᠭᠠᠷᠠᠭᠤᠯᠪᠠ᠃ ︽ᠠᠪᠠᠭ᠎ᠠ | ᠠᠨᠢᠶ᠎ᠠ ᠨᠠᠷ ᠡ᠂ ᠲᠠ ᠨᠠᠷ ᠡᠨᠡ ᠵᠢᠯ ᠤᠨ ᠡᠮᠴᠢᠯᠡᠭᠡᠨ ᠤ ᠳᠠᠭᠠᠳᠬᠠᠯ ᠢᠶᠠᠨ ᠲᠤᠰᠢᠶᠠᠴᠢᠬᠠᠪᠠ ᠤᠤ︖ ᠲᠠᠨ ᠤ ᠬᠢᠨ ᠤ ᠵᠣᠷᠯᠣᠩ ᠤᠨ ᠥᠭᠡᠷᠡᠴᠢᠯᠡᠯᠲᠡ ᠳᠤ ᠶᠠᠮᠠᠷ | ᠠᠰᠠᠭᠤᠳᠠᠯ ᠣᠷᠣᠰᠢᠵᠤ ᠪᠠᠶᠢᠨ᠎ᠠ ᠪᠣᠢ︖ ᠲᠠ ᠨᠠᠷ ᠲᠤ ᠥᠭᠡᠷ᠎ᠡ ᠪᠢᠳᠡᠨ ᠢᠶᠠᠷ ᠬᠠᠪᠰᠤᠷᠤᠭᠤᠯᠤᠨ ᠰᠢᠢᠳᠪᠦᠷᠢᠯᠡᠭᠦᠯᠬᠦ ᠴᠢᠬᠤᠯᠠᠲᠠᠢ ᠵᠦᠢᠯ ᠪᠠᠶᠢᠨ᠎ᠠ ᠦᠦ︖ | ᠳᠡᠭᠡᠷᠡᠬᠢ ᠠᠰᠠᠭᠤᠳᠠᠯ ᠪᠠᠶᠢᠪᠠᠯ ᠪᠢᠳᠠᠨ ᠳᠤ ᠬᠡᠯᠡᠭᠡᠷᠡᠢ᠂ ᠪᠢᠳᠡ ᠲᠠ ᠨᠠᠷ ᠲᠤ ᠬᠠᠪᠰᠤᠷᠤᠨ ᠬᠢᠵᠦ ᠥᠭᠭᠦᠶ᠎ᠡ︾ ᠭᠡᠵᠦ ᠬᠡᠯᠡᠬᠦ ᠨᠢ ᠤᠯᠠᠭᠠᠨᠪᠠᠯᠭᠠᠰᠤᠨ ᠤ | ᠺᠠᠳ᠋ᠷᠴᠤᠳ ᠤᠨ ᠠᠮᠠᠨ ᠠᠶᠠᠯᠭᠤ ᠪᠣᠯᠵᠤ᠂ ᠪᠥᠬᠦ ᠪᠠᠯᠭᠠᠰᠤ ᠪᠠᠷ ᠢᠶᠠᠨ ᠰᠡᠳᠬᠢᠯ ᠨᠢᠭᠡᠳᠦᠨ᠂ ᠣᠯᠠᠨ ᠲᠦᠮᠡᠨ ᠤ ᠳᠡᠷᠭᠡᠳᠡᠬᠢ ︽ᠵᠠᠩᠭᠢᠯᠠᠭ᠎ᠠ ᠶᠢᠨ ᠶᠠᠪᠤᠳᠠᠯ︾ ᠳᠤ | ᠠᠩᠬᠠᠷᠤᠯ ᠢᠶᠠᠨ ᠲᠥᠪᠯᠡᠷᠡᠭᠦᠯᠵᠦ᠂ ︽ᠶᠠᠷᠢᠬᠤ᠂ ᠦᠵᠡᠬᠦ᠂ ᠰᠣᠨᠣᠰᠬᠤ᠂ ᠠᠰᠠᠭᠤᠬᠤ᠂ ᠬᠠᠪᠰᠤᠷᠬᠤ︾ ᠲᠠᠪᠤᠨ ᠦᠰᠦᠭ ᠤᠨ ᠠᠵᠢᠯ ᠤᠨ ᠠᠷᠭ᠎ᠠ ᠶᠢ ᠪᠦᠬᠦ ᠲᠠᠯ᠎ᠠ ᠪᠠᠷ | ᠦᠢᠯᠡᠳᠦᠯᠭᠡᠵᠢᠭᠦᠯᠦᠨ᠂ ᠮᠠᠯᠴᠢᠨ ᠲᠠᠷᠢᠶᠠᠴᠢᠨ ᠤ ᠭᠡᠷ ᠲᠤᠨᠢ ᠬᠦᠷᠴᠦ᠂ ᠬᠤᠲᠠ ᠬᠥᠳᠡᠭᠡ ᠶᠢᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠬᠤ᠂ ᠨᠠᠰᠤᠵᠢᠯ ᠤᠨ | ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠭᠡ ᠬᠢᠬᠦ᠂ ᠬᠠᠤᠯᠢ ᠠᠴᠠ ᠵᠥᠷᠢᠴᠡᠭᠰᠡᠨ ᠵᠢᠷᠤᠭ ᠢ ᠴᠡᠭᠴᠡᠯᠡᠨ ᠰᠠᠶᠢᠵᠢᠷᠠᠭᠤᠯᠬᠤ᠂ ᠵᠥᠷᠢᠴᠡᠯ ᠢ ᠡᠶᠡᠳᠡᠭᠦᠯᠬᠦ᠂ ᠶᠠᠳᠠᠭᠤ ᠠᠴᠠ | ᠠᠩᠭᠢᠵᠢᠷᠠᠭᠰᠠᠨ ᠡᠷᠦᠬᠡ ᠬᠢᠨᠠᠨ ᠬᠡᠮᠵᠢᠬᠦ ᠡᠷᠦᠬᠡ ᠳᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠭᠰᠠᠨ | ᠪᠠᠶᠢᠳᠠᠯ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠠᠵᠢᠯ ᠢ ᠥᠷᠨᠢᠭᠦᠯᠵᠦ᠂ ︽ᠠᠯᠪᠠᠨ ᠭᠡᠷ ᠲᠡᠭᠡᠨ ᠰᠠᠭᠤᠵᠤ ᠬᠦᠯᠢᠶᠡᠬᠦ︾ ᠠᠴᠠ ᠪᠠᠨ ︽ᠰᠠᠨᠠᠭᠠᠴᠢᠯᠠᠭ᠎ᠠ | ᠠᠴᠠ ᠪᠠᠨ ᠭᠡᠷ ᠲᠤᠨᠢ ᠬᠦᠷᠬᠦ︾ ᠪᠣᠯᠭᠠᠵᠤ ᠬᠤᠪᠢᠷᠠᠭᠤᠯᠤᠨ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ | ᠢᠳᠡᠪᠬᠢᠲᠡᠢ ᠰᠢᠢᠳᠪᠦᠷᠢᠯᠡᠵᠦ᠂ ᠦᠨᠡᠨᠬᠦ ᠣᠯᠠᠨ ᠲᠦᠮᠡᠨ ᠤ ᠰᠡᠳᠬᠢᠯ ᠢ ᠣᠶᠢᠯᠭᠠᠭᠴᠢ ᠪᠣᠯᠵᠤ᠂ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ | ᠯᠠᠪᠳᠠᠭᠤᠨ ᠪᠠᠲᠤᠲᠠᠢ ᠰᠠᠶᠢᠲᠤᠷ ᠵᠠᠮᠨᠠᠪᠠ᠃ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠠᠴᠠ ᠨᠠᠭᠠᠰᠢ᠂ ᠤᠯᠠᠨ ᠲᠦᠮᠡᠨ ᠳᠤ ᠨᠡᠶᠢᠳᠡ 500 ᠭᠠᠷᠤᠢ ᠵᠦᠢᠯ ᠤᠨ ᠦᠢᠯᠡᠴᠢᠯᠡᠭᠡᠨ ᠤ ᠤᠴᠢᠷ ᠶᠠᠪᠤᠳᠠᠯ ᠢ ᠰᠢᠢᠳᠪᠦᠷᠢᠯᠡᠵᠦ ᠥᠭᠪᠡ᠃ | ᠳᠠᠷᠠᠭ᠎ᠠ ᠠᠯᠬᠤᠮ ᠳᠤ᠂ ᠤᠯᠠᠭᠠᠨᠪᠠᠯᠭᠠᠰᠤᠨ ᠤ ᠪᠦᠬᠦ ᠤᠳᠤᠷᠢᠳᠬᠤ ᠺᠠᠳ᠋ᠷᠴᠤᠳ ᠠᠶᠢᠯ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠠᠵᠢᠯ ᠢ | ᠦᠷᠭᠦᠯᠵᠢᠯᠡᠨ ᠪᠠᠶᠢᠩᠭᠤ ᠶᠢᠨ ᠴᠢᠨᠠᠷᠲᠠᠢ ᠪᠠᠷ ᠥᠷᠨᠢᠭᠦᠯᠦᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ | ᠲᠥᠷᠥᠯ ᠤᠨ ︽ᠪᠣᠭᠤᠮᠢ︾ ᠵᠢᠴᠢ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠣᠯᠠᠨ ᠵᠦᠢᠯ ᠤᠨ ᠠᠰᠢᠭ ᠲᠤᠰᠠ ᠶᠢ ᠬᠤᠯᠪᠣᠬᠤ ᠠᠷᠭ᠎ᠠ ᠮᠠᠶ᠋ᠢᠭ ᠢ ᠳᠡᠯᠭᠡᠷᠡᠭᠦᠯᠦᠨ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ ᠪᠠ | ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠦᠨᠳᠦᠰᠦᠨ ᠱᠠᠲᠤᠨ ᠳᠤ ᠪᠠᠭᠤᠬᠤ︾ ᠳᠤ ᠵᠣᠷᠢᠯᠭ᠎ᠠ ᠲᠠᠢ᠂ ︽ᠠᠷᠠᠳ ᠤᠨ ᠰᠠᠨᠠᠭ᠎ᠠ ᠶᠢ | ᠰᠣᠨᠣᠰᠬᠤ︾ ᠳᠤ ᠭᠤᠣᠯᠳᠠᠯᠭ᠎ᠠ ᠲᠠᠢ᠂ ︽ᠠᠷᠠᠳ ᠤᠨ ᠬᠦᠴᠢᠷᠳᠡᠯ ᠢ ᠰᠢᠢᠳᠪᠦᠷᠢᠯᠡᠬᠦ︾ ᠳᠤ ᠠᠷᠭ᠎ᠠ ᠪᠣᠳᠣᠯᠭ᠎ᠠ ᠲᠠᠢ᠂ ︽ᠬᠥᠭᠵᠢᠯᠲᠡ ᠶᠢ ᠶᠠᠷᠢᠯᠴᠠᠬᠤ︾ ᠳᠤ | ᠰᠡᠳᠬᠢᠴᠡ ᠲᠠᠢ᠂ ︽ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠳᠤ ᠦᠷ᠎ᠡ ᠪᠦᠲᠦᠮᠵᠢ ᠲᠠᠢ ᠪᠣᠯᠭᠠᠨ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ | ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | | |