2024 ᠣᠨ ᠤ 1 — 9 ᠳ᠋ᠦ᠋ᠭᠡᠷ ᠰᠠᠷ᠎ᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭᠠᠨ ᠤ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/11/6
      2024 ᠣᠨ ᠤ 1 — 9 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠬᠥᠭᠵᠢᠶᠡᠨᠲᠡᠢ ᠪᠠᠶᠢᠳᠠᠯ ᠢᠶᠠᠨ ᠪᠠᠲᠤᠯᠠᠪᠠ᠃ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 26.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ ᠡᠭᠦᠨ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 3.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 17.0% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠶᠢᠳᠠᠯ ᠢᠶᠠᠷ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠭᠤᠯᠠᠨ ᠵᠠᠷᠤᠳᠠᠯ ᠤᠨ ᠣᠷᠣᠯᠭ᠎ᠠ ᠨᠡᠶᠢᠲᠡ 1.3 ᠳ᠋ᠦᠩᠰᠢᠭᠤᠷ ᠲᠥᠭᠦᠷᠢᠭ ᠲᠤ ᠬᠦᠷᠴᠦ᠂ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠣᠷᠣᠯᠭ᠎ᠠ ᠨᠡᠶᠢᠲᠡ 2.6 ᠳ᠋ᠦᠩᠰᠢᠭᠤᠷ ᠲᠥᠭᠦᠷᠢᠭ ᠲᠤ ᠬᠦᠷᠴᠡᠢ᠃ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠡᠷᠭᠢᠯᠲᠡ ᠶᠢᠨ ᠪᠠᠶᠢᠳᠠᠯ ᠨᠢ ᠳᠣᠣᠷᠠᠬᠢ ᠮᠡᠲᠦ᠄       ᠨᠢᠭᠡ᠂ ᠵᠢᠵᠢᠭᠯᠡᠨ ᠪᠣᠷᠣᠯᠠᠭᠤᠯᠬᠤ ᠦᠢᠯᠡᠰ ᠤᠨ ᠦᠨᠳᠦᠰᠦᠨ ᠪᠠᠶᠢᠳᠠᠯ       1 — 9 ᠳ᠋ᠦ᠋ᠭᠡᠷ ᠰᠠᠷ᠎ᠠ ᠳᠤ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠪᠣᠷᠣᠯᠠᠭᠤᠯᠬᠤ ᠦᠢᠯᠡᠰ ᠲᠤ ᠨᠡᠮᠡᠭᠳᠡᠯ ᠤᠨ ᠬᠠᠨᠳᠤᠰᠢ ᠢᠯᠡᠷᠡᠨ᠂ ᠵᠢᠵᠢᠭᠯᠡᠨ  ᠪᠣᠷᠣᠯᠠᠭᠤᠯᠤᠭᠰᠠᠨ ᠲᠤᠭ᠎ᠠ ᠨᠡᠶᠢᠲᠡ 2.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ35.4% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠯᠭᠠᠯ ᠢ ᠦᠨᠳᠦᠰᠦᠯᠡᠪᠡᠯ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ ᠬᠦᠷᠢᠶ᠎ᠡ ᠬᠡᠪᠴᠢᠶ᠎ᠡ ᠳᠠᠬᠢ ᠵᠢᠵᠢᠭᠯᠡᠨ ᠪᠣᠷᠣᠯᠠᠭᠤᠯᠤᠭᠰᠠᠨ ᠲᠤᠭ᠎ᠠ ᠢᠯᠡᠳᠲᠡ ᠨᠡᠮᠡᠭᠳᠡᠪᠡ᠃ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠵᠦ᠂ ᠤᠮᠳᠠᠭᠠᠨ ᠤ ᠵᠦᠢᠯ ᠤᠨ ᠵᠢᠵᠢᠭᠯᠡᠨ  ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 36.4% ᠪᠠᠷ ᠨᠡᠮᠡᠭᠳᠡᠨ᠂ ᠠᠷᠢᠬᠢ ᠲᠠᠮᠠᠬᠢᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 30.6% ᠪᠠᠷ ᠨᠡᠮᠡᠭᠳᠡᠪᠡ᠃ ᠵᠠᠰᠠᠯ ᠴᠢᠮᠡᠭᠯᠡᠯ ᠤᠨ ᠡᠳ᠋ ᠤᠨ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 36.3% ᠪᠠᠷ ᠨᠡᠮᠡᠭᠳᠡᠪᠡ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 29.0% ᠪᠠᠷ ᠨᠡᠮᠡᠭᠳᠡᠪᠡ︔ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 61.1% ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠬᠦᠷᠢᠶᠡᠨ ᠳᠤ᠂ ᠵᠢᠵᠢᠭᠯᠡᠨ  ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 68.3% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 376.8% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠯᠤᠲᠤ ᠶᠡᠭᠡ ᠳᠠᠯᠳᠠ ᠬᠦᠴᠦᠨ ᠪᠠ ᠢᠷᠡᠭᠡᠳᠦᠢ ᠶᠢᠨ ᠲᠥᠯᠥᠪ ᠢ ᠢᠯᠡᠷᠡᠭᠦᠯᠪᠡ᠃       ᠬᠤᠶᠠᠷ᠂ ᠬᠤᠨᠤᠭ ᠤᠨ ᠭᠠᠵᠠᠷ ᠢᠳᠡᠭᠡᠨ ᠤᠮᠳᠠᠭᠠᠨ ᠤ ᠦᠢᠯᠡᠰ ᠤᠨ ᠦᠨᠳᠦᠰᠦᠨ ᠪᠠᠶᠢᠳᠠᠯ       1 — 9 ᠳ᠋ᠦ᠋ᠭᠡᠷ ᠰᠠᠷ᠎ᠠ ᠳᠤ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ 0.19 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 29.9% ᠪᠠᠷ ᠪᠠᠭᠤᠷᠠᠪᠠ᠃ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠬᠤᠭᠤᠯᠠᠨ ᠵᠠᠷᠤᠳᠠᠯ ᠤᠨ ᠣᠷᠣᠯᠭ᠎ᠠ ᠨᠡᠶᠢᠲᠡ 1.3 ᠳ᠋ᠦᠩᠰᠢᠭᠤᠷ ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.1% ᠪᠠᠷ ᠪᠠᠭᠤᠷᠠᠪᠠ᠃       ᠭᠤᠷᠪᠠ᠂ ᠳ᠋ᠦᠩᠨᠡᠯᠲᠡ ᠪᠠ ᠰᠠᠨᠠᠭᠤᠯᠭ᠎ᠠ       ᠶᠡᠷᠦᠩᠬᠡᠢ ᠳᠤᠨᠢ ᠠᠪᠴᠤ ᠦᠵᠡᠪᠡᠯ᠂ ᠪᠥᠬᠦ ᠬᠤᠰᠢᠭᠤᠨ ᠤ 1 — 9 ᠳ᠋ᠦ᠋ᠭᠡᠷ ᠰᠠᠷ᠎ᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠰᠠᠶᠢᠵᠢᠷᠠᠬᠤ ᠶᠢᠨ ᠳᠠᠭᠠᠤ ᠪᠠᠰᠠ ᠪᠠᠭᠤᠷᠠᠬᠤ ᠬᠠᠨᠳᠤᠰᠢ ᠲᠠᠢ ᠪᠠᠶᠢᠨ᠎ᠠ᠃ ᠵᠢᠵᠢᠭᠯᠡᠨ ᠪᠣᠷᠣᠯᠠᠭᠤᠯᠬᠤ ᠦᠢᠯᠡᠰ ᠤᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠣᠯᠠᠨ ᠬᠦᠷᠢᠶᠡᠨ ᠳᠤ ᠨᠡᠯᠢᠶᠡᠳ ᠥᠨᠳᠥᠷ ᠨᠡᠮᠡᠭᠳᠡᠯ ᠲᠠᠢ ᠪᠣᠯᠵᠤ᠂ ᠢᠯᠠᠩᠭᠤᠶ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠭᠡᠪᠡᠴᠦ ᠬᠤᠨᠤᠭ ᠤᠨ ᠭᠠᠵᠠᠷ ᠪᠠ ᠢᠳᠡᠭᠡᠨ ᠤᠮᠳᠠᠭᠠᠨ ᠤ ᠦᠢᠯᠡᠰ ᠠᠳᠠᠯᠢ ᠪᠤᠰᠤ ᠬᠡᠮᠵᠢᠶ᠎ᠡ ᠪᠠᠷ  ᠪᠠᠭᠤᠷᠠᠵᠠᠢ᠃ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠳᠣᠣᠷᠠᠬᠢ ᠠᠷᠭ᠎ᠠ ᠬᠡᠮᠵᠢᠶ᠎ᠡ ᠶᠢ ᠪᠣᠳᠣᠯᠬᠢᠯᠠᠵᠤ ᠪᠣᠯᠣᠨ᠎ᠠ᠄       ︵ᠨᠢᠭᠡ︶ ᠵᠢᠵᠢᠭᠯᠡᠨ ᠪᠣᠷᠣᠯᠠᠭᠤᠯᠬᠤ ᠦᠢᠯᠡᠰ       ᠵᠢᠵᠢᠭᠯᠡᠨ ᠪᠣᠷᠣᠯᠠᠭᠤᠯᠬᠤ ᠦᠢᠯᠡᠰ ᠤᠨ ᠲᠠᠯ᠎ᠠ ᠪᠠᠷ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠠᠯᠠᠮᠰᠢᠯ ᠬᠦᠷᠢᠶᠡᠨ ᠳᠠᠬᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠦᠷᠭᠦᠯᠵᠢᠯᠡᠨ ᠨᠡᠮᠡᠭᠳᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠤᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠨ᠎ᠠ᠃       ︵ᠬᠤᠶᠠᠷ︶ ᠬᠤᠨᠤᠭ ᠤᠨ ᠭᠠᠵᠠᠷ ᠢᠳᠡᠭᠡᠨ ᠤᠮᠳᠠᠭᠠᠨ ᠤ ᠦᠢᠯᠡᠰ       ᠬᠤᠨᠤᠭ ᠤᠨ ᠭᠠᠵᠠᠷ ᠢᠳᠡᠭᠡᠨ ᠤᠮᠳᠠᠭᠠᠨ ᠤ ᠦᠢᠯᠡᠰ ᠤᠨ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠣᠶᠢᠯᠠᠭᠠᠨ᠂ ᠦᠢᠯᠡᠴᠢᠯᠡᠭᠡᠨ ᠤ ᠲᠦᠪᠰᠢᠨ ᠪᠠ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠮᠠᠨ ᠤ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠵᠡᠷᠭᠡ ᠲᠠᠢ ᠤᠶᠠᠯᠳᠤᠭᠤᠯᠤᠨ᠂ ᠥᠪᠡᠷᠮᠢᠴᠡ ᠣᠨᠴᠠᠯᠢᠭ ᠲᠠᠢ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠩ ᠣᠯᠠᠨ ᠬᠡᠷᠡᠭᠯᠡᠭᠴᠢᠳ ᠤᠨ ᠰᠣᠨᠢᠷᠬᠠᠯ ᠢ ᠲᠠᠲᠠᠨ᠎ᠠ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ