2024 ᠣᠨ ᠤ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠢᠳᠡᠪᠬᠢᠲᠡᠢ ᠪᠠᠷ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠲᠠᠢ ᠪᠣᠯᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠨᠡᠶᠢᠲᠡ 2179.3 ᠳ᠋ᠦᠩᠰᠢᠭᠤᠷ ᠲᠥᠭᠦᠷᠢᠭ ᠲᠤ ᠬᠦᠷᠴᠦ᠂ | ᠡᠵᠡᠩᠨᠡᠯᠲᠡ ᠶᠢᠨ ᠣᠷᠣᠯᠭ᠎ᠠ ᠶᠢ ᠨᠡᠶᠢᠲᠡ 856.7 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 6.1% ᠪᠠᠷ ᠪᠠᠭᠤᠷᠠᠪᠠ︔ | ᠡᠵᠡᠩᠨᠡᠯᠲᠡ ᠶᠢᠨ ᠥᠪᠡᠷ ᠤᠨ ᠥᠷᠲᠡᠭ 705.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠪᠠᠭᠤᠷᠠᠪᠠ︔ | ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 41.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠪᠡ︔ | 96 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠠᠰᠢᠭ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠪᠠ︔ | ᠡᠵᠡᠩᠨᠡᠯᠲᠡ ᠠᠴᠠ ᠭᠠᠳᠠᠨᠠᠬᠢ ᠣᠷᠣᠯᠭ᠎ᠠ ᠶᠢ 5.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 210.5% ᠪᠠᠷ ᠨᠡᠮᠡᠭᠳᠡᠪᠡ︔ | ᠨᠡᠶᠢᠲᠡ ᠪᠡᠶᠡᠯᠡᠭᠦᠯᠦᠭᠰᠡᠨ ᠠᠰᠢᠭ ᠣᠷᠣᠯᠭ᠎ᠠ ᠶᠢᠨ ᠪᠥᠬᠦ ᠲᠤᠭ᠎ᠠ 95.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% | ᠪᠠᠷ ᠪᠠᠭᠤᠷᠠᠪᠠ︔ ᠭᠠᠶᠢᠯᠢ ᠶᠢᠨ ᠮᠥᠩᠭᠦ ᠲᠤᠰᠢᠶᠠᠭᠰᠠᠨ ᠶᠡᠷᠦᠩᠬᠡᠢ ᠲᠤᠭ᠎ᠠ 45.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.6% ᠪᠠᠷ ᠪᠠᠭᠤᠷᠠᠪᠠ᠃ | ᠲᠥᠷᠥᠯ ᠵᠦᠢᠯ ᠢᠶᠠᠷ ᠨᠢ ᠬᠤᠪᠢᠶᠠᠪᠠᠯ᠂ ᠠᠭᠤᠷᠬᠠᠢ ᠮᠠᠯᠲᠠᠬᠤ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ | 284.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠨ᠂ 59.5 ᠳ᠋ᠦᠩᠰᠢᠭᠤᠷ ᠲᠥᠭᠦᠷᠢᠭ ᠤᠨ | ᠡᠵᠡᠩᠨᠡᠯᠲᠡ ᠶᠢᠨ ᠠᠰᠢᠭ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.4% ᠪᠠᠷ ᠨᠡᠮᠡᠭᠳᠡᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ | ᠶᠡᠷᠦᠩᠬᠡᠢ ᠲᠤᠭ᠎ᠠ 28.3 ᠳ᠋ᠦᠩᠰᠢᠭᠤᠷ ᠲᠥᠭᠦᠷᠢᠭ ᠲᠤ ᠬᠦᠷᠪᠡ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 442.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14% ᠪᠠᠷ ᠪᠠᠭᠤᠷᠠᠨ᠂ ᠡᠵᠡᠩᠨᠡᠯᠲᠡ ᠶᠢᠨ ᠠᠰᠢᠭ ᠣᠷᠣᠯᠭ᠎ᠠ 22.4 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50% ᠪᠠᠷ ᠪᠠᠭᠤᠷᠠᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 12.9 | ᠳ᠋ᠦᠩᠰᠢᠭᠤᠷ ᠲᠥᠭᠦᠷᠢᠭ ᠲᠤ ᠬᠦᠷᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠡᠵᠡᠩᠨᠡᠯᠲᠡ ᠶᠢᠨ ᠣᠷᠣᠯᠭ᠎ᠠ 129.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠨ᠂ | ᠡᠵᠡᠩᠨᠡᠯᠲᠡ ᠶᠢᠨ ᠠᠰᠢᠭ ᠣᠷᠣᠯᠭ᠎ᠠ 14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 278.4% ᠪᠠᠷ ᠨᠡᠮᠡᠭᠳᠡᠨ᠂ | ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 4.4 ᠳ᠋ᠦᠩᠰᠢᠭᠤᠷ ᠲᠥᠭᠦᠷᠢᠭ ᠲᠤ ᠬᠦᠷᠪᠡ᠃ | | |