ᠲᠦᠷᠦᠭᠦᠸ ᠭᠤᠷᠪᠠᠨ ᠤᠯᠠᠷᠢᠯ ᠤᠨ ᠣᠲᠤᠭ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/11/6
      2024 ᠣᠨ ᠤ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠡᠶᠢᠲᠡ 111 ︵8 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠪᠠᠭᠲᠠᠨ᠎ᠠ︶ ᠪᠠᠶᠢᠵᠤ᠂ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃       ᠭᠤᠷᠪᠠᠨ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠬᠤᠶᠠᠷ ᠨᠢ ᠨᠡᠮᠡᠭᠳᠡᠵᠦ ᠨᠢᠭᠡ ᠨᠢ ᠪᠠᠭᠤᠷᠠᠨ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠰᠢᠪᠲᠤᠯᠤᠯᠲᠠ ᠶᠢᠨ ᠮᠠᠶ᠋ᠢᠭ ᠤᠨ ᠨᠡᠮᠡᠭᠳᠡᠯ ᠢ ᠪᠡᠶᠡᠯᠡᠭᠦᠯᠪᠡ᠃ ᠲᠦᠷᠦᠭᠦᠸ ᠭᠤᠷᠪᠠᠨ ᠤᠯᠠᠷᠢᠯ ᠳᠤ᠂ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.1 ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 3.9 ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 13.3 ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.0% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ ᠵᠠᠭᠤᠨ ᠤ 6.7 ᠨᠢᠭᠡᠴᠢ ᠪᠠᠭᠤᠷᠠᠭᠤᠯᠪᠠ᠃       ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠢᠯᠡᠳᠲᠡ ᠬᠤᠪᠢ ᠨᠡᠮᠡᠷᠢ ᠦᠵᠡᠭᠦᠯᠵᠦ᠂ ᠮᠠᠨ ᠤ ᠬᠤᠰᠢᠭᠤᠨ ᠤ ᠪᠡᠯᠡ ᠣᠷᠣᠭᠤᠯᠤᠯᠲᠠ ᠶᠢᠨ ︽ᠭᠤᠣᠯ ᠬᠥᠳᠡᠯᠭᠡᠭᠦᠷ︾ ᠪᠣᠯᠪᠠ᠃ ᠲᠦᠷᠦᠭᠦᠸ ᠭᠤᠷᠪᠠᠨ ᠤᠯᠠᠷᠢᠯ ᠳᠤ᠂ ᠮᠠᠨ ᠤ ᠬᠤᠰᠢᠭᠤᠨ ᠤ ᠶᠡᠷᠦᠩᠬᠡᠢ ᠪᠡᠯᠡ ᠣᠷᠣᠭᠤᠯᠤᠯᠲᠠ ᠳᠠᠬᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ 11.5% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 90.6% ᠶᠢ ᠡᠵᠡᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.7 ᠨᠢᠭᠡᠴᠢ ᠳᠡᠭᠡᠭᠰᠢᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 10.3 ᠨᠢᠭᠡᠴᠢ ᠳᠠᠶᠢᠴᠢᠯᠠᠪᠠ᠃ ᠡᠭᠦᠨ ᠳᠤ᠂ ᠶᠡᠷᠦᠩᠬᠡᠢ ᠪᠡᠯᠡ ᠣᠷᠣᠭᠤᠯᠤᠯᠲᠠ ᠳᠠᠬᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 66.0% ᠶᠢ ᠡᠵᠡᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.9  ᠨᠢᠭᠡᠴᠢ ᠳᠡᠭᠡᠭᠰᠢᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 7.8 ᠨᠢᠭᠡᠴᠢ ᠳᠠᠶᠢᠴᠢᠯᠠᠪᠠ᠃       ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠡᠷᠴᠢᠮᠲᠡᠢ ᠪᠠᠶᠢᠵᠤ᠂ ᠬᠥᠭᠵᠢᠯᠲᠡ ᠶᠢᠨ ᠬᠠᠨᠳᠤᠰᠢ ᠦᠷᠭᠦᠯᠵᠢᠯᠡᠨ ᠰᠠᠶᠢᠵᠢᠷᠠᠪᠠ᠃ ᠲᠦᠷᠦᠭᠦᠸ ᠭᠤᠷᠪᠠᠨ ᠤᠯᠠᠷᠢᠯ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.3 ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 42.3% ᠬᠦᠷᠴᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 35.8 ᠨᠢᠭᠡᠴᠢ ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠨᠡᠯᠢᠶᠡᠳ ᠶᠡᠭᠡ ᠪᠠᠷ ᠳᠠᠶᠢᠴᠢᠯᠠᠪᠠ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.2 ᠳᠠᠬᠢᠨ ᠨᠡᠮᠡᠭᠳᠡᠵᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 93.7% ᠬᠦᠷᠴᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 3.7 ᠳᠠᠬᠢᠨ ᠳᠠᠶᠢᠴᠢᠯᠠᠪᠠ᠃       ᠠᠷᠠᠳ ᠤᠨ ᠪᠡᠯᠡ ᠣᠷᠣᠭᠤᠯᠤᠯᠲᠠ ᠲᠣᠭᠲᠠᠭᠤᠨ ᠨᠡᠮᠡᠭᠳᠡᠯ ᠢᠶᠠᠨ ᠪᠠᠲᠤᠯᠠᠨ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠪᠠ᠃ ᠲᠦᠷᠦᠭᠦᠸ ᠭᠤᠷᠪᠠᠨ ᠤᠯᠠᠷᠢᠯ ᠳᠤ᠂ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 60.2% ᠢ ᠡᠵᠡᠯᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 6.7 ᠨᠢᠭᠡᠴᠢ ᠳᠠᠶᠢᠴᠢᠯᠠᠪᠠ᠃ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢᠯᠡᠷᠬᠡᠢ ᠪᠠᠶᠢᠵᠤ᠂ ᠨᠢᠭᠡᠨᠲᠡ ᠮᠠᠨ ᠤ ᠬᠤᠰᠢᠭᠤᠨ ᠤ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢ ᠬᠦᠴᠦᠨ ᠪᠣᠯᠵᠤ᠂ ᠮᠠᠨ ᠤ ᠬᠤᠰᠢᠭᠤᠨ ᠤ ᠪᠡᠯᠡ ᠣᠷᠣᠭᠤᠯᠤᠯᠲᠠ ᠶᠢᠨ ᠦᠷᠭᠦᠯᠵᠢᠯᠡᠨ ᠨᠡᠮᠡᠭᠳᠡᠬᠦ ᠶᠢ ᠢᠳᠡᠪᠬᠢᠲᠡᠢ ᠠᠬᠢᠭᠤᠯᠵᠤ ᠪᠠᠶᠢᠨ᠎ᠠ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ