ᠠᠭᠤᠷᠬᠠᠢ ᠮᠠᠯᠲᠠᠬᠤ ᠦᠢᠯᠡᠰ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠬᠥᠲᠥᠯᠥᠨ ᠳᠠᠭᠠᠭᠤᠯᠪᠠ᠃ 1 — 9 ᠳ᠋ᠦ᠋ᠭᠡᠷ | ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.8% ᠪᠠᠷ | ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 4.8 ᠨᠢᠭᠡᠴᠢ ᠲᠦᠷᠭᠡᠰᠪᠡ᠃ ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ | ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠦ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 125.9% ᠬᠦᠷᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ | ᠬᠢ ᠠᠴᠠ 7.4% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 12.0% ᠪᠣᠯᠪᠠ︔ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 2.0% ᠪᠠᠭᠤᠷᠠᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠪᠣᠯᠬᠤ ᠠᠵᠢᠯ ᠲᠥᠷᠥᠯ ᠲᠤᠯᠭᠠᠭᠤᠷᠢᠯᠠᠬᠤ ᠦᠢᠯᠡᠳᠦᠯ ᠪᠠᠳᠠᠷᠠᠭᠤᠯᠪᠠ᠃ 1 — 9 | ᠳ᠋ᠦ᠋ᠭᠡᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠭᠤᠣᠯ ᠠᠵᠢᠯ ᠲᠦᠷᠤᠯ ᠠᠴᠠ 13 ᠭᠤᠣᠯ ᠠᠵᠢᠯ | ᠲᠦᠷᠤᠯ ᠨᠢ 3 ᠰᠠᠷ᠎ᠠ ᠳᠠᠷᠠᠭᠠᠯᠠᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ ᠶᠢᠨ ᠡᠶᠡᠷᠭᠦ ᠨᠡᠮᠡᠭᠳᠡᠯ ᠢᠶᠠᠨ ᠪᠠᠲᠤᠯᠠᠪᠠ᠃ ᠡᠭᠦᠨ ᠤ ᠳᠣᠲᠣᠷ᠎ᠠ᠄ ᠨᠡᠭᠦᠷᠡᠰᠦ | ᠮᠠᠯᠲᠠᠬᠤ ᠪᠠ ᠤᠬᠢᠶᠠᠵᠤ ᠰᠢᠯᠢᠬᠦ ᠦᠢᠯᠡᠰ 10.3% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ | 6.8% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 7.7% ᠪᠠᠷ ᠨᠡᠮᠡᠭᠳᠡᠪᠡ︔ | ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ 2.9% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠬᠦᠳᠡᠷ | ᠰᠢᠯᠢᠬᠦ ᠦᠢᠯᠡᠰ 21.6% ᠪᠠᠷ ᠨᠡᠮᠡᠭᠳᠡᠪᠡ︔ ᠲᠡᠮᠦᠷᠯᠢᠭ ᠤᠨ ᠪᠦᠲᠦᠭᠡᠭᠳᠡᠬᠦᠨ ᠤ ᠦᠢᠯᠡᠰ 7.5% ᠪᠠᠷ ᠨᠡᠮᠡᠭᠳᠡᠪᠡ︔ ᠭᠤᠮ ᠪᠣᠯᠣᠨ ᠰᠦᠯᠢᠶᠥᠦ | ᠪᠦᠲᠦᠭᠡᠭᠳᠡᠬᠦᠨ ᠤ ᠦᠢᠯᠡᠰ 9.0% ᠪᠠᠷ ᠨᠡᠮᠡᠭᠳᠡᠪᠡ︔ ᠨᠡᠬᠡᠮᠡᠯ ᠤᠨ ᠦᠢᠯᠡᠰ 40.7% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 11.6% ᠪᠠᠷ ᠨᠡᠮᠡᠭᠳᠡᠪᠡ︔ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ 72.5% ᠪᠠᠷ ᠨᠡᠮᠡᠭᠳᠡᠪᠡ︔ ᠬᠠᠷ᠎ᠠ | ᠲᠡᠮᠦᠷᠯᠢᠭ ᠢ ᠪᠣᠯᠪᠠᠰᠤᠷᠠᠭᠤᠯᠬᠤ ᠪᠠ ᠳᠠᠷᠤᠵᠤ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠠᠵᠤ ᠦᠢᠯᠡᠳᠪᠦᠷᠢ 7.4% ᠪᠠᠷ ᠨᠡᠮᠡᠭᠳᠡᠪᠡ︔ ᠢᠳᠡᠭᠡᠨ | ᠪᠣᠯᠪᠠᠰᠤᠷᠠᠭᠤᠯᠬᠤ ᠦᠢᠯᠡᠰ 28.4% ᠪᠠᠷ ᠨᠡᠮᠡᠭᠳᠡᠪᠡ︔ ᠬᠢᠮᠢ ᠶᠢᠨ ᠰᠢᠷᠬᠡᠭ ᠦᠢᠯᠡᠳᠬᠦ ᠦᠢᠯᠡᠰ 5.2% ᠢᠶᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠶᠢᠨ ᠦᠢᠯᠡᠳᠪᠦᠷᠢᠯᠡᠯ ᠲᠣᠭᠲᠠᠭᠤᠨ ᠢᠶᠠᠨ ᠪᠠᠲᠤᠯᠠᠪᠠ᠃ | 1— 9 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ 18 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠠᠴᠠ 11 ᠵᠦᠢᠯ ᠤᠨ | ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 61.1% ᠬᠦᠷᠦᠨ᠂ ᠳᠡᠭᠡᠷ᠎ᠡ ᠰᠠᠷ᠎ᠠ ᠶᠢᠨ | ᠨᠡᠮᠡᠭᠳᠡᠯ ᠤᠨ ᠬᠡᠮᠵᠢᠶ᠎ᠡ ᠠᠴᠠ ᠵᠠᠭᠤᠨ ᠤ 5.6 ᠨᠢᠭᠡᠴᠢ ᠨᠡᠮᠡᠭᠳᠡᠪᠡ᠃ ᠡᠭᠦᠨ ᠳᠤ᠂ ᠰᠢᠭᠡᠰᠦᠯᠢᠭ ᠡᠳ᠋ 58.6 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠴᠠᠬᠢᠯᠠᠭᠤᠷ ᠴᠢᠯᠠᠭᠤ 320.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.8% ᠪᠠᠷ ᠨᠡᠮᠡᠭᠳᠡᠪᠡ︔ ᠢᠳᠡᠮᠡᠬᠡᠢ ᠬᠤᠵᠢᠷ 111.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.9% ᠪᠠᠷ ᠨᠡᠮᠡᠭᠳᠡᠪᠡ︔ | PVC 139.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ︔ ᠣᠨᠴᠠ ᠲᠥᠷᠥᠯ ᠤᠨ ᠰᠢᠷᠬᠡᠭ 0.6 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.4% ᠪᠠᠷ ᠨᠡᠮᠡᠭᠳᠡᠪᠡ︔ ᠴᠠᠬᠢᠭᠤᠷ ᠮᠠᠩᠭᠠᠨ 17.1 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 84.1% ᠪᠠᠷ ᠨᠡᠮᠡᠭᠳᠡᠪᠡ᠃ ᠦᠢᠯᠡᠳᠬᠦᠨ ᠤ ᠭᠠᠷᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠨᠢ ᠠᠵᠤ ᠦᠢᠯᠡᠳᠪᠦᠷᠢ ᠶᠢᠨ | ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠪᠡ᠃ | | | |