— ᠤᠷᠠᠨ ᠬᠠᠳᠬᠠᠮᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠯᠤᠨᠳᠤᠩᠬᠤᠸᠠᠷ ᠲᠠᠪᠤᠨ ᠬᠤᠰᠢᠭᠤ ᠮᠠᠯ ᠤᠨ ᠦᠰᠦ ᠨᠤᠤᠰᠤ ᠪᠠᠷ ᠤᠷᠠᠯᠠᠨ ᠬᠠᠳᠬᠤᠵᠦ ᠤᠳᠤᠭ ᠰᠤᠶᠤᠯ ᠤᠨ ᠷᠢᠳᠢ ᠰᠢᠳᠢ ᠶᠢ ᠢᠯᠡᠷᠡᠬᠦᠯᠦᠨ᠎ᠡ
ᠨᠡᠶᠢᠲᠡᠯᠡᠭᠰᠡᠨ ᠴᠠᠭ᠄
2024/11/8
      ᠳᠤᠮᠳᠠᠳᠤ ᠶᠢᠨ ᠣᠯᠠᠮᠵᠢᠯᠠᠯᠳᠤ ᠰᠣᠶᠣᠯ ᠤᠨ ᠬᠠᠳᠬᠤᠮᠠᠯ ᠤᠷᠠᠯᠢᠭ ᠲᠤ ᠭᠦᠨ ᠵᠤᠵᠠᠭᠠᠨ ᠰᠣᠶᠣᠯ ᠠᠬᠤᠭᠤᠯᠤᠭᠳᠠᠵᠤ᠂ ᠬᠦᠮᠦᠰ ᠤᠨ ᠲᠠᠭᠠᠰᠢᠶᠠᠯ ᠢ ᠣᠯᠤᠭᠰᠠᠭᠠᠷ ᠢᠷᠡᠵᠡᠢ᠃ ᠣᠶᠢᠷ᠎ᠠ ᠳᠤ᠂ ᠠᠷᠪᠠᠰ ᠰᠤᠮᠤᠨ ᠤ ᠬᠦᠬᠡᠲᠤᠯᠤᠭᠠᠢ ᠭᠠᠴᠠᠭᠠᠨ ᠤ ᠯᠤᠨᠳᠤᠩᠬᠤᠸᠠᠷ ᠲᠠᠪᠤᠨ ᠬᠤᠰᠢᠭᠤ ᠮᠠᠯ ᠤᠨ ᠦᠰᠦ ᠨᠤᠤᠰᠤ ᠪᠠᠷ ᠭᠠᠷ ᠤᠷᠠᠯᠠᠯ ᠤᠨ ᠪᠦᠳᠦᠬᠡᠯ ᠤᠷᠠᠯᠠᠨ ᠪᠦᠳᠦᠬᠡᠵᠦ ᠬᠤᠯᠠ ᠤᠶᠢᠷ᠎ᠠ ᠶᠢᠨ ᠮᠠᠯᠴᠢᠳ ᠤᠨ ᠠᠩᠬᠠᠷᠤᠯ ᠢ ᠲᠠᠳᠠᠵᠦ ᠪᠠᠶᠢᠬᠤ ᠰᠤᠷᠠᠭ ᠢᠶᠠᠷ ᠲᠡᠲᠡᠨ ᠤ ᠬᠢᠨ ᠳᠤ ᠬᠦᠷᠴᠦ ᠰᠤᠷᠪᠤᠯᠵᠢᠯᠠᠭᠰᠠᠨ ᠪᠢᠯᠡ᠃      ᠯᠤᠨᠳᠤᠩᠬᠤᠸᠠᠷ ᠬᠠᠷᠠᠬᠠᠨ ᠪᠠᠭ᠎ᠠ ᠠᠴᠠ ᠪᠠᠨ ᠦᠨᠳᠦᠰᠦᠲᠡᠨ ᠤ ᠤᠯᠠᠮᠵᠢᠯᠠᠯᠲᠤ ᠰᠣᠶᠣᠯ᠂ ᠢᠯᠠᠩᠭᠤᠶ᠎ᠠ ᠭᠠᠷ ᠤᠷᠠᠯᠠᠯ ᠳᠤ ᠲᠤᠷ᠎ᠠ ᠪᠠᠭ᠋ᠠᠳᠠᠢ ᠪᠠᠶᠢᠭᠰᠠᠨ ᠪᠤᠯᠬᠤᠷ ᠠᠷᠪᠠᠨ ᠬᠡᠳᠦᠨ ᠨᠠᠰᠤᠲᠠᠶ ᠳᠠᠭᠠᠨ ᠨᠠᠭᠠᠢ ᠡᠵᠢ ᠪᠠᠨ ᠳᠠᠭᠠᠵᠤ ᠢᠰᠢᠬᠡ ᠬᠤᠷᠠᠭ᠎ᠠ ᠠᠳᠤᠭᠤᠯᠬᠤ ᠶᠢᠨ ᠵᠠᠪᠰᠠᠷ ᠴᠢᠯᠦᠬᠡᠨ ᠳᠤ ᠬᠠᠳᠬᠤᠮᠠᠯ ᠬᠠᠳᠬᠤᠵᠦ ᠰᠤᠷᠴᠠᠢ᠃ ᠤᠳᠤ 1000 ᠭᠠᠷᠤᠢ ᠬᠠᠳᠬᠤᠮᠠᠯ᠂ ᠬᠠᠶᠢᠴᠢᠯᠠᠮᠠᠯ ᠤᠨ ᠪᠦᠳᠦᠬᠡᠯ ᠲᠠᠢ ᠪᠠᠶᠢᠵᠦ᠂ ᠮᠤᠩᠭᠤᠯ ᠲᠡᠷᠯᠢᠭ ᠮᠤᠩᠭᠤᠯ ᠭᠤᠳᠤᠯ᠂ ᠶᠠᠩᠵᠦ ᠪᠦᠷᠢ ᠶᠢᠨ ᠬᠠᠳᠬᠤᠮᠠᠯ ᠪᠤᠭᠴᠦ᠂ ᠵᠡᠬᠦᠪᠴᠢ ᠬᠡᠳᠡᠪᠴᠢ᠂ ᠬᠦᠬᠦᠷ ᠤᠨ ᠰᠡᠪᠡ᠂ ᠬᠤᠸᠠᠷ ᠴᠡᠴᠡᠭ ᠵᠡᠷᠭᠡ ᠪᠦᠳᠦᠬᠡᠯ ᠤᠳ ᠨᠢ ᠲᠤᠬᠠᠶ ᠶᠢᠨ ᠭᠠᠵᠠᠷ ᠤᠨ ᠣᠯᠠᠨ ᠲᠦᠮᠡᠨ ᠤ ᠪᠠᠭ᠋ᠠᠷᠬᠠᠯ ᠢ ᠲᠠᠲᠠᠭᠰᠠᠨ ᠢᠶᠠᠷ ᠪᠠᠷᠠᠬᠤ ᠦᠭᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠠᠩᠬᠠᠷᠤᠯ ᠢ ᠲᠠᠲᠠᠵᠤ᠂ ᠤᠯᠠᠨᠳᠠ ᠢᠷᠠᠭᠤ ᠠᠯᠳᠠᠷ ᠬᠦᠷᠲᠡᠪᠡ᠃ 2016 ᠣᠨ ᠳᠤ ᠬᠤᠰᠢᠭᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠠᠷ ᠦᠨᠡᠯᠡᠭᠳᠡᠵᠡᠢ᠃      ᠯᠤᠨᠳᠤᠩᠬᠤᠸᠠᠷ ᠤᠨ ᠪᠦᠲᠦᠭᠡᠯ ᠤᠨ ᠭᠤᠤᠯ ᠰᠡᠳᠦᠪ ᠣᠯᠠᠨ ᠶᠠᠩᠵᠤ ᠶᠢᠨ ᠪᠠᠶᠢᠵᠤ᠂ ᠥᠪᠡᠷᠮᠢᠴᠡ ᠤᠷᠠᠯᠢᠭ ᠤᠨ ᠬᠡᠪ ᠨᠠᠮᠪᠠ ᠪᠣᠯᠤᠨ ᠭᠦᠨ ᠵᠤᠵᠠᠭᠠᠨ ᠦᠨᠳᠦᠰᠦᠲᠡᠨ ᠤ ᠰᠣᠶᠣᠯ ᠤᠨ ᠠᠭᠤᠯᠤᠭᠳᠠᠬᠤᠨ ᠲᠠᠢ ᠪᠠᠶᠢᠳᠠᠭ᠃ ᠲᠡᠬᠦᠨ ᠤ ᠪᠦᠳᠦᠬᠡᠯ ᠤᠳ ᠤᠨ ᠲᠤᠳᠤᠷ᠎ᠠ ᠬᠥᠮᠥᠰ ᠤᠨ ᠠᠩᠬᠠᠷᠤᠯ ᠢ ᠬᠠᠮᠤᠭ ᠤᠨ ᠲᠠᠳᠠᠳᠠᠭ ᠨᠢ ᠢᠮᠡᠭᠠᠨ ᠨᠤᠤᠯᠤᠷ ᠢᠶᠠᠷ ᠤᠷᠠᠯᠠᠵᠦ ᠬᠠᠳᠬᠤᠭᠰᠠᠨ ᠠᠨᠠᠷ ᠤᠨ ᠵᠢᠷᠤᠭ ᠪᠤᠯᠤᠨ᠎ᠠ᠂ ᠠᠨᠠᠷ ᠨᠢ ᠡᠯ᠎ᠡ ᠦᠨᠳᠦᠰᠦᠲᠡᠨ ᠤ ᠴᠡᠴᠡᠭᠯᠡᠨ ᠬᠦᠭᠵᠢᠬᠦ ᠪᠠ ᠪᠦᠯᠬᠦᠮᠳᠡᠨ ᠲᠠᠪᠰᠢᠬᠤ᠂ ᠡᠶ᠎ᠡ ᠨᠠᠶᠢᠷᠲᠠᠶ ᠬᠠᠮᠲᠤ ᠣᠷᠣᠰᠢᠬᠤ ᠶᠢ ᠪᠡᠯᠬᠡᠳᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠬᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪ ᠢ ᠲᠤᠪᠤᠶᠢᠯᠭᠠᠵᠠᠢ᠃ ᠲᠡᠬᠦᠨ ᠤ ᠲᠠᠨᠢᠯᠴᠠᠭᠤᠯᠬᠤ ᠪᠠᠷ᠂ ᠲᠠᠪᠤᠨ ᠬᠤᠰᠢᠭᠤ ᠮᠠᠯ ᠤᠨ ᠦᠰᠦ ᠨᠤᠤᠰᠤ ᠶᠢ ᠰᠤᠩᠭᠤᠨ ᠬᠠᠳᠬᠤᠮᠠᠯ ᠤᠷᠠᠯᠢᠭ ᠤᠨ ᠮᠠᠲ᠋ᠧᠷᠢᠶᠠᠯ ᠪᠤᠯᠭᠠᠳᠠᠭ ᠤᠨ ᠤᠴᠢᠷ ᠬᠡᠪᠡᠯ᠂ ᠡᠳᠡᠭᠡᠷ ᠠᠮᠢᠳᠠᠳ ᠨᠢ ᠮᠠᠯᠴᠢᠳ ᠤᠨ ᠰᠡᠳᠬᠢᠯ ᠳᠤ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠦᠢᠯᠡᠳᠪᠤᠷᠢᠯᠡᠯ ᠠᠮᠢᠳᠤᠷᠠᠯ ᠬᠢᠨᠢ ᠴᠢᠬᠤᠯᠠ ᠪᠦᠷᠢᠯᠳᠦᠭᠦᠨ ᠬᠡᠰᠡᠭ ᠪᠣᠯᠣᠭᠰᠠᠨ ᠠᠴᠠ ᠬᠡᠨ᠎ᠡ ᠪᠢᠯᠡ᠃      ᠨᠠᠷᠢᠯᠢᠭ ᠭᠤᠶᠢᠳᠠ ᠭᠠᠷ ᠤᠷᠠᠯᠠᠯ ᠤᠨ ᠪᠦᠳᠦᠭᠡᠯ ᠢ ᠪᠦᠳᠦᠬᠡᠬᠦ ᠳᠤ ᠰᠠᠨᠠᠭ᠎ᠠ ᠰᠡᠳᠬᠢᠯ ᠲᠤᠭᠳᠠᠭᠤᠨ ᠪᠠᠶᠢᠬᠤ ᠶᠢ ᠱᠠᠭᠠᠷᠳᠠᠳᠠᠭ᠃ ᠯᠤᠨᠳᠤᠩᠬᠤᠸᠠᠷ ᠬᠡᠯᠡᠬᠦ ᠳᠤ ᠪᠠᠨ᠂ ᠤᠳᠤ ᠶᠢᠨ ᠨᠡᠶᠢᠬᠡᠮ ᠤᠨ ᠭᠦᠭᠵᠢᠯᠳᠡ ᠶᠢ ᠲᠠᠭᠠᠯᠳᠤᠨ᠂ ᠬᠦᠮᠦᠰ ᠤᠯᠠᠮ ᠠᠴᠠ ᠤᠯᠠᠮ ᠰᠢᠨ᠎ᠡ ᠤᠷᠤᠰᠬᠠᠯ ᠰᠤᠨᠢᠨ ᠰᠡᠪᠡᠬᠦᠨ ᠵᠦᠢᠯᠡᠰ ᠢ ᠬᠦᠬᠡᠬᠡᠴᠡᠯᠳᠦᠬᠦ ᠪᠤᠯᠵᠠᠢ᠃ ᠭᠡᠲᠡᠯ᠎ᠡ ᠬᠠᠳᠬᠤᠮᠠᠯ ᠬᠠᠳᠬᠤᠬᠤ ᠳᠤ ᠤᠷᠠᠯᠢᠭᠴᠢᠳ ᠢ ᠰᠠᠨᠠᠭ᠎ᠠ ᠰᠡᠳᠬᠢᠯ ᠢᠶᠠᠨ ᠲᠠᠶᠢᠪᠤᠩ ᠪᠠᠶᠢᠯᠭᠠᠵᠦ᠂ ᠠᠩᠬᠠᠷᠤᠯ ᠢᠶᠠᠨ ᠲᠥᠪᠯᠡᠷᠡᠭᠦᠯᠦᠨ ᠠᠯᠳᠠᠭ᠎ᠠ ᠭᠠᠷᠬᠤ ᠠᠴᠠ ᠪᠤᠯᠭᠤᠮᠵᠢᠯᠠᠬᠤ ᠴᠢᠬᠤᠯᠠᠳᠠᠢ᠃ ᠡᠨᠡ ᠨᠢ ᠴᠠᠭᠠᠷᠠᠭᠰᠠᠨ ᠤᠷ᠎ᠠ ᠮᠡᠷᠭᠡᠵᠢᠯ ᠬᠡᠷᠡᠭᠰᠡᠬᠦ ᠪᠠᠷ ᠪᠠᠷᠠᠬᠤ ᠦᠭᠡᠢ᠂ ᠨᠡᠩ ᠴᠤ ᠤᠷᠠᠯᠢᠭᠴᠢᠳ ᠤᠨ ᠬᠦᠴᠦ ᠲᠠᠮᠢᠷ ᠪᠣᠯᠣᠨ ᠬᠠᠯᠠᠭᠤᠨ ᠰᠡᠳᠬᠢᠯᠭᠡ ᠶᠢ ᠱᠠᠭᠠᠷᠳᠠᠳᠠᠭ ᠶᠤᠮ᠃ ᠶᠠᠭ ᠡᠶᠢᠨᠬᠦ ᠲᠡᠰᠪᠦᠷᠢ ᠲᠡᠪᠴᠢᠶᠡᠷᠢ ᠪᠠ ᠪᠠᠷᠢᠮᠲᠠᠯᠠᠯ ᠪᠣᠯ ᠬᠠᠳᠬᠤᠮᠠᠯ ᠤᠷᠠᠯᠢᠭ ᠤᠨ ᠥᠪᠡᠷᠮᠢᠴᠡ ᠷᠢᠳᠢ ᠰᠢᠳᠢ ᠶᠢᠨ ᠨᠢᠭᠡ ᠮᠥᠨ ᠬᠡᠯ᠎ᠡ᠃      ᠬᠠᠳᠬᠤᠮᠠᠯ ᠠᠴᠠ ᠭᠠᠳᠠᠨ᠎ᠠ᠂ ᠲᠡᠷᠡ ᠪᠠᠰᠠ ᠴᠠᠭᠠᠰᠤᠨ ᠬᠠᠶᠢᠴᠢᠯᠠᠮᠠᠯ ᠬᠠᠶᠢᠴᠢᠯᠠᠳᠠᠭ᠃ ᠴᠠᠭᠠᠰᠤᠨ ᠬᠠᠶᠢᠴᠢᠯᠠᠮᠠᠯ ᠬᠠᠶᠢᠴᠢᠯᠠᠬᠤ ᠳᠤ ᠪᠠᠨ ᠯᠤᠨᠳᠤᠩᠬᠤᠸᠠᠷ ᠥᠪᠡᠷ ᠤᠨ ᠪᠣᠳᠣᠯ ᠰᠡᠳᠬᠢᠯᠭᠡ ᠪᠠᠨ ᠪᠦᠳᠦᠬᠡᠯ ᠳᠤ ᠪᠠᠨ ᠠᠭᠤᠰᠬᠠᠨ ᠤᠷᠤᠭᠤᠯᠵᠦ᠂ ᠠᠮᠢᠳᠤᠷᠠᠯ ᠤᠨ ᠠᠭᠤᠷ ᠠᠮᠢᠰᠬᠤᠯ ᠪᠠ ᠤᠷᠠᠯᠢᠭ ᠤᠨ ᠷᠢᠳᠢ ᠰᠢᠳᠢ ᠪᠠᠷ ᠪᠢᠯᠬᠠᠨ᠂ ᠲᠠᠯ᠎ᠠ ᠨᠤᠲᠤᠭ ᠤᠨ ᠠᠷᠠᠳ ᠲᠦᠮᠡᠨ ᠤ ᠡᠬᠡ ᠤᠷᠤᠨ᠂ ᠨᠤᠳᠤᠭ ᠤᠰᠤᠨ ᠳᠠᠭᠠᠨ ᠬᠠᠶᠢᠷᠠᠳᠠᠢ᠂ ᠬᠦᠮᠦᠨ ᠪᠠᠶᠢᠭᠠᠯᠢ ᠡᠶ᠎ᠡ ᠵᠣᠬᠢᠴᠠᠩᠭᠤᠢ᠂ ᠵᠣᠯ ᠵᠢᠷᠭᠠᠯᠲᠤ ᠠᠮᠢᠳᠤᠷᠠᠯ ᠢ ᠪᠡᠯᠭᠡᠳᠡᠵᠦ᠂ ᠣᠲᠤᠭ ᠤᠨ ᠥᠨᠢ ᠤᠳᠠᠭᠠᠨ ᠲᠡᠦᠬᠡ ᠰᠣᠶᠣᠯ  ᠶᠢ ᠢᠯᠡᠷᠡᠬᠦᠯᠵᠡᠢ᠃      ᠣᠳᠣᠬᠠᠨ ᠳᠤ᠂ ᠯᠤᠨᠳᠤᠩᠬᠤᠸᠠᠷ ᠤᠨ ᠥᠬᠢᠨ ᠨᠢ ᠡᠵᠢ ᠶᠢᠨ ᠢᠶᠠᠨ ᠨᠥᠯᠥᠭᠡ ᠪᠠᠷ ᠬᠠᠳᠬᠤᠮᠠᠯ ᠬᠠᠶᠢᠴᠢᠯᠠᠮᠠᠯ ᠳᠤ ᠳᠤᠷ᠎ᠠ ᠪᠠᠬ᠎ᠠ ᠲᠠᠢ ᠪᠤᠯᠵᠦ᠂ ᠠᠵᠢᠯ ᠤᠨ  ᠢᠶᠠᠨ ᠴᠢᠯᠦᠬᠡ ᠪᠠᠷ ᠢᠶᠠᠨ ᠲᠤᠷᠭᠠᠨ ᠬᠠᠨᠵᠢᠶᠠᠷ᠂ ᠭᠠᠷ ᠪᠣᠭᠴᠣ᠂ ᠬᠦᠬᠦᠷ ᠤᠨ ᠰᠡᠪᠡ ᠵᠡᠷᠭᠡ ᠶᠢ ᠤᠷᠠᠯᠠᠨ ᠪᠦᠳᠦᠬᠡᠵᠦ᠂ ᠴᠠᠭ ᠦᠶ᠎ᠡ ᠶᠢᠨ ᠬᠦᠭ ᠠᠶ᠎ᠡ ᠶᠢ ᠪᠦᠳᠦᠬᠡᠯ ᠳᠤ ᠪᠠᠨ ᠰᠢᠩᠭᠡᠭᠡᠭᠰᠡᠨ ᠪᠠᠶᠢᠯ᠎ᠠ᠃ ᠡᠨᠡ ᠪᠣᠯ ᠥᠪ ᠤᠯᠠᠮᠵᠢᠯᠠᠯ᠂ ᠨᠡᠩ ᠴᠤ ᠭᠡᠷ ᠪᠦᠯᠢ ᠶᠢᠨ ᠬᠠᠶᠢᠷ᠎ᠠ ᠰᠡᠳᠬᠢᠯᠭᠡ ᠶᠢᠨ ᠬᠤᠯᠪᠣᠭᠠᠰᠤ᠃                                                 ᠰᠤᠷᠪᠤᠯᠵᠢᠯᠠᠭᠴᠢ᠄ ᠪᠠᠢ ᠰᠠᠶᠢᠨᠪᠢᠯᠢᠭ᠌   ᠡᠷᠳᠡᠨᠢᠲᠠᠨ᠎ᠠ
ᠢᠷᠡᠯᠲᠡ᠄ ᠣᠲᠤᠭ ᠨᠡᠶᠢᠲᠡᠯᠡᠯ