ᠥᠨᠥ ᠵᠢᠯ ᠠᠴᠠ ᠨᠠᠭᠠᠰᠢ᠂ ᠤᠲᠤᠭ ᠬᠤᠰᠢᠭᠤᠨ ᠤ ᠴᠢ ᠫᠠᠨ ᠵᠢᠩ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠬᠦ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠤᠨ᠂ | ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠬᠦᠴᠦᠯᠡᠨ ᠠᠬᠢᠭᠤᠯᠵᠤ᠂ ︽ᠤᠯᠠᠨ ᠲᠦᠮᠡᠨ | ᠠᠰᠠᠭᠤᠳᠠᠯ ᠳᠤᠷᠠᠳᠬᠤ᠂ ᠨᠠᠮ ᠵᠠᠰᠠᠭ ᠠᠴᠠ ᠵᠥᠪᠳᠡᠯᠴᠡᠵᠦ ᠰᠢᠢᠳᠪᠦᠷᠢᠯᠡᠬᠦ︾ ᠤᠴᠢᠷ ᠵᠥᠪᠯᠡᠬᠦ ᠰᠢᠨ᠎ᠡ ᠪᠠᠶᠢᠷᠢᠰᠢᠯ ᠢ ᠪᠣᠢ ᠪᠣᠯᠭᠠᠨ᠂ ᠦᠨᠳᠦᠰᠦᠨ ᠱᠠᠲᠤᠨ ᠤ ᠤᠯᠤᠰ | ᠲᠦᠷᠦ ᠶᠢᠨ ᠵᠥᠪᠯᠡᠯᠭᠡᠨ ᠤ ᠳᠦᠷᠢᠮ ᠤᠨ ᠳᠠᠪᠠᠭᠤᠯᠢᠭ ᠢ ᠦᠨᠡᠨᠬᠦ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ | ᠨᠢᠭᠡ᠂ ᠤᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠭᠡᠮ ᠢ ᠡᠷᠢᠪᠡ | ᠳᠤᠷ᠎ᠠ ᠪᠠᠷ ᠢᠶᠠᠨ ᠡᠷᠦᠢ ᠬᠤᠷᠤᠢ ᠦᠭᠡᠢ ᠲᠠᠲᠠᠭᠰᠠᠨ ᠴᠠᠬᠢᠯᠭᠠᠨ ᠤᠲᠠᠰᠤ ᠨᠢ ᠬᠠᠭᠤᠴᠢᠨ ᠰᠠᠭᠤᠭᠠᠯᠢ ᠲᠣᠭᠤᠷᠢᠭ ᠤᠨ ᠣᠯᠠᠨ ᠲᠦᠮᠡᠨ ᠤ | ᠰᠠᠨᠠᠭᠠᠰᠢᠷᠠᠭᠰᠠᠭᠠᠷ ᠢᠷᠡᠭᠰᠡᠨ ᠠᠰᠠᠭᠤᠳᠠᠯ ᠶᠤᠮ᠂ ᠲᠡᠷᠡ ᠨᠢ ᠠᠭᠠᠯᠵᠢᠨ ᠲᠣᠣᠷ ᠮᠡᠲᠦ ᠠᠳᠡ ᠲᠡᠨᠳᠡ ᠦᠭᠡᠢ ᠬᠠᠷᠠᠭᠳᠠᠵᠤ᠂ ᠰᠠᠭᠤᠭᠠᠯᠢ ᠲᠣᠭᠤᠷᠢᠭ ᠤᠨ ᠲᠦᠷᠰᠦ | ᠪᠠᠶᠢᠳᠠᠯ ᠢ ᠨᠥᠯᠥᠭᠡᠯᠡᠭᠰᠡᠨ ᠢᠶᠠᠷ ᠪᠠᠷᠠᠬᠤ ᠦᠭᠡᠢ ᠪᠠᠰᠠ ᠯᠤᠲᠤ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ ᠭᠡᠵᠦ ᠰᠠᠭᠤᠭᠠᠯᠢ ᠠᠷᠠᠳ | ᠶᠠᠷᠢᠵᠠᠭᠠᠨ᠎ᠠ᠃ ᠤᠯᠠᠨ ᠲᠦᠮᠡᠨ ᠤ ᠳᠤᠷᠠᠳᠤᠭᠰᠠᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠴᠢ ᠫᠠᠨ ᠵᠢᠩ ᠪᠠᠯᠭᠠᠰᠤ ᠶᠢᠨ ᠬᠢᠨ 2024 ᠣᠨ ᠤ ᠬᠤᠲᠠ | ᠪᠠᠯᠭᠠᠰᠤᠨ ᠤ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠥᠷᠨᠢᠭᠦᠯᠬᠦ ᠪᠠᠷ ᠲᠣᠬᠢᠶᠠᠯᠳᠤᠭᠤᠯᠵᠤ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠥᠮᠴᠢᠲᠡᠳ ᠤᠨ ᠵᠥᠪᠯᠡᠯ᠂ ᠥᠮᠴᠢᠲᠡᠳ ᠤᠨ ᠲᠥᠯᠥᠭᠡᠯᠡᠭᠴᠢ᠂ ᠠᠳᠠᠯ ᠠᠬᠤᠢ ᠶᠢᠨ ᠺᠣᠮᠫᠠᠨᠢ᠂ ᠰᠠᠭᠤᠭᠠᠯᠢ ᠠᠷᠠᠳ ᠤᠨ | ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠰᠠᠭᠤᠳᠠᠯ ᠤᠨ ᠬᠤᠷᠠᠯ ᠬᠤᠷᠠᠯᠳᠤᠭᠤᠯᠤᠨ ᠭᠦᠨᠵᠡᠭᠡᠢ ᠵᠥᠪᠳᠡᠯᠴᠡᠵᠦ᠂ ᠡᠷᠦᠢ ᠬᠤᠷᠤᠢ ᠦᠭᠡᠢ ᠴᠠᠬᠢᠯᠭᠠᠨ ᠤᠲᠠᠰᠤ ᠶᠢ | ᠴᠡᠭᠴᠡᠯᠡᠬᠦ ᠠᠰᠠᠭᠤᠳᠠᠯ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠣᠷᠣᠭᠤᠯᠪᠠ᠃ ᠴᠢ ᠫᠠᠨ ᠵᠢᠩ ᠪᠠᠯᠭᠠᠰᠤ ᠢᠮᠠᠭᠲᠠ | ᠳᠤᠷᠠᠳᠤᠭᠰᠠᠨ ᠠᠰᠠᠭᠤᠳᠠᠯ ᠢ ᠵᠥᠪᠳᠡᠯᠴᠡᠬᠦ ᠶᠢ ᠬᠡᠷᠡᠭ ᠵᠥᠪᠯᠡᠬᠦ ᠶᠢᠨ ᠭᠤᠣᠯᠳᠠᠯᠭ᠎ᠠ ᠪᠣᠯᠭᠠᠵᠤ᠂ ᠣᠯᠠᠨ ᠲᠦᠮᠡᠨ ᠤ ᠳᠡᠷᠭᠡᠳᠡᠬᠢ ︽ᠵᠠᠩᠭᠢᠯᠠᠭ᠎ᠠ ᠶᠢᠨ ᠪᠠᠭ᠎ᠠ ᠶᠠᠪᠤᠳᠠᠯ︾ | ᠳᠤ ᠠᠩᠬᠠᠷᠤᠯ ᠢᠶᠠᠨ ᠲᠥᠪᠯᠡᠷᠡᠭᠦᠯᠦᠨ ᠵᠥᠪᠯᠡᠬᠦ ᠰᠡᠳᠦᠪ ᠢᠶᠠᠨ ᠲᠣᠭᠲᠠᠭᠠᠬᠤ ᠶᠢ ᠪᠠᠷᠢᠮᠲᠠᠯᠠᠪᠠ᠃ ᠣᠯᠠᠨ ᠲᠦᠮᠡᠨ ᠥᠪᠡᠷ ᠢᠶᠠᠨ ᠬᠡᠯᠡᠬᠦ᠂ ᠲᠤᠬᠠᠢ ᠶᠢᠨ ᠲᠠᠯᠠᠪᠤᠷ ᠲᠤ | ᠬᠡᠯᠡᠬᠦ᠂ ᠲᠥᠪᠯᠡᠷᠡᠭᠦᠯᠦᠨ ᠬᠡᠯᠡᠬᠦ ᠵᠡᠷᠭᠡ ᠠᠷᠭ᠎ᠠ ᠮᠠᠶ᠋ᠢᠭ ᠤᠨ ᠰᠠᠭᠤᠷᠢᠨ ᠳᠡᠭᠡᠷ᠎ᠡ᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠᠶᠢᠴᠠᠭᠠᠨ ᠰᠤᠳᠤᠯᠤᠯᠲᠠ | ᠬᠢᠬᠦ᠂ ᠰᠠᠭᠤᠭᠠᠯᠢ ᠠᠷᠠᠳ ᠤᠨ ᠸᠢᠴᠠᠲ ᠤᠨ ᠬᠤᠯᠪᠣᠭ᠎ᠠ ᠪᠠᠷ ᠰᠠᠨᠠᠯ ᠬᠤᠷᠢᠶᠠᠬᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠳᠡᠭᠡᠭᠰᠢ ᠮᠡᠳᠡᠭᠦᠯᠬᠦ᠂ ᠲᠤᠭ᠎ᠠ | ᠪᠠᠷᠢᠮᠲᠠ ᠶᠢᠨ ᠬᠥᠮᠥᠷᠭᠡ ᠪᠠᠷ ᠬᠠᠷᠢᠭᠤ ᠲᠤᠰᠬᠠᠬᠤ᠂ ᠵᠥᠪᠯᠡᠬᠦ ᠰᠡᠳᠦᠪ ᠴᠤᠭᠯᠠᠭᠤᠯᠬᠤ ᠬᠥᠰᠥᠨᠥᠭ ᠢ ᠲᠠᠭᠯᠠᠬᠤ︾ ᠵᠡᠷᠭᠡ ᠣᠯᠠᠨ ᠠᠷᠭ᠎ᠠ ᠵᠠᠮ ᠢᠶᠠᠷ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠵᠥᠪᠯᠡᠬᠦ ᠰᠡᠳᠦᠪ ᠴᠤᠭᠯᠠᠭᠤᠯᠬᠤ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ︽12345︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠲᠤᠰᠬᠠᠭᠰᠠᠨ ᠠᠰᠠᠭᠤᠳᠠᠯ ᠢ ᠮᠠᠭᠠᠳᠯᠠᠨ ᠵᠠᠳᠠᠯᠬᠤ ᠪᠠᠨ ᠴᠢᠩᠭᠠᠳᠬᠠᠨ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠨᠡᠯᠢᠶᠡᠳ ᠥᠨᠳᠥᠷ᠂ ᠵᠥᠷᠢᠴᠡᠯ ᠵᠢᠭᠤᠷᠠᠯᠳᠤᠭᠠᠨ ᠪᠠ ᠠᠰᠠᠭᠤᠳᠠᠯ ᠲᠥᠪᠯᠡᠷᠡᠩᠭᠦᠢ᠂ ᠪᠠᠴᠢᠮ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠡᠮᠬᠢᠯᠡᠨ | ᠣᠨᠣᠪᠴᠢᠲᠠᠶ ᠡᠷᠢᠵᠦ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠦᠷᠳᠡᠭᠡ ᠶᠢ ᠪᠠᠶᠢᠭᠤᠯᠬᠤ᠂ ᠭᠤᠳᠤᠮᠵᠢ ᠶᠢᠨ ᠵᠠᠮ ᠢ ᠬᠠᠲᠠᠭᠤᠷᠠᠭᠤᠯᠬᠤ᠂ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠷᠣᠨ ᠰᠠᠭᠤᠴᠠ ᠶᠢ ᠪᠠᠲᠤᠯᠠᠬᠤ ᠵᠡᠷᠭᠡ ᠠᠷᠠᠳ ᠤᠨ ᠠᠮᠢᠳᠤᠷᠠᠯ ᠤᠨ ᠲᠠᠯ᠎ᠠ ᠪᠠᠷ ᠬᠢ | ᠭᠤᠣᠯᠳᠠᠯᠭ᠎ᠠ ᠲᠠᠢ ᠰᠡᠳᠦᠪ ᠤᠳ ᠢ ᠳᠤᠰ ᠳᠤᠰ ᠰᠣᠩᠭᠤᠨ᠂ 32 ᠵᠥᠪᠯᠡᠬᠦ ᠰᠡᠳᠦᠪ ᠢ ᠴᠤᠭᠯᠠᠭᠤᠯᠤᠨ ᠨᠠᠷᠢᠨ ᠰᠣᠩᠭᠤᠵᠤ᠂ ᠵᠥᠪᠯᠡᠬᠦ ᠰᠡᠳᠦᠪ ᠢ ᠱᠠᠲᠤ ᠬᠤᠪᠢᠶᠠᠨ | ᠲᠦᠷᠦᠯ ᠬᠤᠪᠢᠶᠠᠬᠤ᠂ ᠨᠠᠷᠢᠯᠢᠭ ᠣᠨᠣᠪᠴᠢᠲᠠᠢ ᠪᠠᠷ ᠲᠥᠪᠯᠡᠷᠡᠭᠦᠯᠬᠦ ᠶᠢ ᠪᠠᠲᠤᠯᠠᠨ᠂ ᠵᠥᠪᠯᠡᠬᠦ ᠰᠡᠳᠦᠪ ᠨᠢ ᠠᠰᠠᠭᠤᠳᠠᠯ ᠤᠨ ᠭᠤᠣᠯᠳᠠᠯᠭ᠎ᠠ ᠶᠢ ᠠᠳᠬᠤᠵᠤ᠂ ᠤᠯᠠᠨ | ᠲᠦᠮᠡᠨ ᠤ ᠰᠡᠳᠬᠢᠯ ᠢ ᠳᠤᠯᠠᠭᠠᠴᠠᠭᠤᠯᠬᠤ ᠪᠠᠷ ᠴᠢᠷᠮᠠᠶᠢᠪᠠ᠃ | ᠬᠤᠶᠠᠷ᠂ ᠠᠰᠠᠭᠤᠳᠠᠯ ᠢ ᠵᠥᠪᠯᠡᠨ ᠰᠢᠢᠳᠪᠦᠷᠢᠯᠡᠵᠦ᠂ ᠣᠯᠠᠨ ᠠᠷᠭ᠎ᠠ ᠵᠠᠮ ᠢ ᠰᠦᠪᠡᠭᠴᠢᠯᠡᠪᠡ | ᠴᠢ ᠫᠠᠠ ᠨᠡᠶᠢᠭᠡᠮ ᠲᠣᠭᠤᠷᠢᠭ ᠤᠨ ᠰᠠᠭᠰᠤᠨ ᠪᠥᠮᠪᠦᠭᠡ ᠶᠢᠨ ᠲᠠᠯᠠᠪᠤᠷ ᠨᠢ ᠱᠦᠢᠨᠢ ᠭᠠᠳᠠᠷᠭᠤ ᠲᠠᠢ᠂ ᠬᠤᠲᠣᠭᠤᠷ ᠭᠦᠳᠦᠭᠦᠷ ᠲᠡᠭᠰᠢ ᠦᠭᠡᠢ᠂ ᠵᠢᠷᠤᠭᠠᠰᠤ | ᠨᠢ ᠴᠤ ᠦᠵᠡᠭᠳᠡᠬᠦ ᠪᠠᠨ ᠪᠣᠯᠢᠭᠠᠳ ᠪᠥᠮᠪᠥᠭᠡᠨ ᠲᠠᠯᠠᠪᠤᠷ ᠤᠨ ᠤᠤᠯ ᠤᠨ ᠴᠢᠳᠠᠮᠵᠢ ᠪᠠᠨ ᠪᠠᠷᠤᠭ ᠠᠯᠳᠠᠭᠰᠠᠨ ᠠᠰᠠᠭᠤᠳᠠᠯ ᠢ ᠰᠢᠢᠳᠪᠦᠷᠢᠯᠡᠬᠦ ᠪᠠᠷ ᠨᠡᠶᠢᠭᠡᠮ | ᠲᠣᠭᠤᠷᠢᠭ ᠤᠨ ᠬᠢᠨ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ ᠬᠡᠷᠡᠭ ᠵᠥᠪᠯᠡᠬᠦ ᠲᠣᠭᠲᠠᠴᠠ ᠪᠠᠷ ᠳᠠᠮᠵᠢᠭᠤᠯᠵᠤ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ᠂ | ᠰᠠᠭᠤᠭᠠᠯᠢ ᠠᠷᠠᠳ ᠤᠨ ᠲᠥᠯᠥᠭᠡᠯᠡᠭᠴᠢ ᠶᠢ ᠤᠷᠢᠵᠤ ᠴᠢ ᠫᠠᠨ ᠨᠡᠶᠢᠭᠡᠮ ᠲᠣᠭᠤᠷᠢᠭ ᠲᠤ ᠣᠴᠢᠭᠤᠯᠤᠨ᠂ ︽ᠰᠠᠭᠰᠤᠨ ᠪᠥᠮᠪᠦᠭᠡ ᠶᠢᠨ ᠲᠠᠯᠠᠪᠤᠷ ᠢ ᠰᠡᠯᠪᠢᠨ ᠵᠠᠰᠠᠵᠤ | ᠥᠭᠡᠷᠡᠴᠢᠯᠡᠬᠦ ᠲᠥᠯᠥᠪᠯᠡᠭᠡ︾ ᠶᠢᠨ ᠲᠣᠭᠤᠷᠢᠨ ᠳᠤ ᠬᠡᠷᠡᠭ ᠵᠥᠪᠯᠡᠬᠦ ᠰᠠᠭᠤᠳᠠᠯ ᠤᠨ ᠬᠤᠷᠠᠯ ᠬᠤᠷᠠᠯᠳᠤᠭᠤᠯᠵᠤ᠂ ᠪᠥᠮᠪᠥᠭᠡᠨ ᠲᠠᠯᠠᠪᠤᠷ ᠢ ᠰᠡᠯᠪᠢᠨ ᠵᠠᠰᠠᠬᠤ | ᠲᠥᠰᠥᠯ ᠤᠨ ᠲᠤᠬᠠᠢ ᠶᠠᠷᠢᠯᠴᠠᠨ ᠵᠠᠳᠠᠯᠤᠯᠲᠠ ᠬᠢᠪᠡ᠃ ︽ᠰᠠᠭᠰᠤᠨ ᠪᠥᠮᠪᠦᠭᠡ ᠶᠢᠨ ᠲᠠᠯᠠᠪᠤᠷ ᠢ ᠰᠡᠯᠪᠢᠨ ᠵᠠᠰᠠᠬᠤ ᠪᠣᠯ ᠰᠠᠶᠢᠨ ᠶᠠᠪᠤᠳᠠᠯ ᠮᠥᠨ᠂ ᠬᠡᠷᠬᠢᠨ ᠰᠠᠶᠢᠨ | ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠰᠠᠭᠰᠤᠨ ᠪᠥᠮᠪᠦᠭᠡ ᠶᠢᠨ ᠲᠠᠯᠠᠪᠤᠷ ᠤᠨ ᠠᠮᠤᠷ ᠲᠦᠪᠰᠢᠨ ᠢᠶᠠᠷ ᠵᠢᠷᠤᠮᠵᠢᠭᠤᠯᠤᠨ | ᠬᠡᠷᠡᠭᠯᠡᠬᠦ ᠶᠢ ᠪᠠᠲᠤᠯᠠᠬᠤ ᠪᠣᠢ︾᠂ ︽ᠲᠠᠯᠠᠪᠤᠷ ᠢ ᠠᠬᠢᠨ ᠳᠠᠬᠢᠨ ᠬᠡᠷᠡᠭᠯᠡᠬᠦ ᠪᠠᠶᠢᠳᠠᠯ ᠢ ᠭᠦᠢᠴᠡᠳ ᠪᠣᠳᠣᠯᠬᠢᠯᠠᠵᠤ᠂ ᠡᠯᠡᠭᠳᠡᠵᠦ ᠢᠯᠵᠠᠷᠠᠬᠤ ᠶᠢ ᠳᠠᠭᠠᠭᠠᠵᠤ ᠴᠢᠳᠠᠬᠤ | ᠮᠠᠲ᠋ᠧᠷᠢᠶᠠᠯ ᠢ ᠰᠣᠩᠭᠤᠵᠤ ᠳᠡᠪᠢᠰᠬᠦ︾ ᠭᠡᠬᠦ ᠮᠡᠨᠳᠦᠴᠢᠯᠡᠨ ᠭᠡᠰᠢᠭᠦᠳ ᠵᠢᠴᠢ ᠬᠤᠯᠪᠣᠭᠳᠠᠯ ᠪᠦᠬᠦᠢ ᠲᠥᠯᠥᠭᠡᠯᠡᠭᠴᠢᠳ ᠰᠠᠶᠢᠲᠤᠷ ᠶᠠᠷᠢᠯᠴᠠᠵᠤ᠂ ᠤᠯᠠᠨ ᠢᠶᠠᠷ ᠢᠶᠠᠨ | ᠠᠷᠭ᠎ᠠ ᠪᠣᠳᠣᠯᠭ᠎ᠠ ᠳᠤᠷᠠᠳᠤᠨ᠂ ᠲᠤᠰ ᠠᠵᠢᠯ ᠢ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠭᠠᠬᠤ ᠶᠢ | ᠤᠯᠠᠨ ᠢᠶᠠᠷ ᠢᠶᠠᠨ ᠵᠥᠪᠰᠢᠶᠡᠷᠡᠪᠡ᠃ ᠡᠶᠢᠮᠦᠷᠬᠦ ᠨᠡᠶᠢᠭᠡᠮ ᠲᠣᠭᠤᠷᠢᠭ ᠤᠨ ᠬᠢᠨ ᠭᠠᠭᠴᠠᠭᠠᠷ ᠢᠶᠠᠨ ᠰᠢᠢᠳᠪᠦᠷᠢᠯᠡᠬᠦ ᠳᠤ ᠬᠦᠴᠢᠷᠲᠡᠢ ᠠᠰᠠᠭᠤᠳᠠᠯ ᠢ ᠴᠢ ᠫᠠᠨ ᠵᠢᠩ | ᠪᠠᠯᠭᠠᠰᠤ ᠶᠢᠨ ᠬᠢᠨ ︽ᠣᠯᠠᠨ ᠢ ᠴᠤᠭᠯᠠᠭᠤᠯᠵᠤ ᠤᠴᠢᠷ ᠵᠥᠪᠯᠡᠬᠦ︾᠂ ︽ᠴᠠᠢ ᠤᠤᠭᠤᠵᠤ ᠤᠴᠢᠷ ᠵᠥᠪᠯᠡᠬᠦ︾᠂ ︽ᠦᠨᠳᠦᠰᠦᠨ ᠱᠠᠲᠤᠨ ᠤ ᠵᠥᠪᠯᠡᠯᠭᠡ ᠶᠢ | ᠰᠠᠭᠤᠭᠠᠯᠢ ᠲᠣᠭᠤᠷᠢᠭ ᠲᠤ ᠣᠷᠣᠭᠤᠯᠬᠤ︾ ᠵᠡᠷᠭᠡ ᠤᠯᠠᠨ ᠵᠦᠢᠯ ᠤᠨ ᠬᠡᠯᠪᠡᠷᠢ ᠪᠠᠷ ᠵᠥᠪᠯᠡᠨ᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠳᠠᠶᠢᠴᠢᠯᠠᠵᠤ | ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠥᠨᠥ ᠵᠢᠯ᠂ ᠣᠯᠠᠨ ᠲᠦᠮᠡᠨ ᠤ ᠠᠮᠢᠳᠤᠷᠠᠯ᠂ ᠰᠣᠶᠣᠯ ᠵᠡᠷᠭᠡ ᠲᠠᠯ᠎ᠠ ᠶᠢᠨ | ᠣᠯᠠᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠴᠢ ᠫᠠᠨ ᠵᠢᠩ ᠪᠠᠯᠭᠠᠰᠤ ᠨᠢ ︽ᠨᠠᠮ ᠤᠨ ᠭᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠥᠷᠲᠡᠭᠡ ᠶᠢ ᠶᠠᠭᠠᠬᠢᠵᠤ ᠪᠠᠶᠢᠭᠤᠯᠬᠤ᠂ ᠪᠡᠯᠡ ᠮᠥᠩᠭᠦ ᠶᠢ ᠬᠠᠮᠢᠭ᠎ᠠ ᠠᠴᠠ ᠣᠯᠬᠤ︾ ᠵᠡᠷᠭᠡ ᠬᠦᠴᠢᠷ ᠠᠰᠠᠭᠤᠳᠠᠯ ᠤᠳ ᠲᠤ ᠲᠣᠭᠤᠷᠢᠭᠤᠯᠤᠨ᠂ | ᠲᠥᠯᠦᠪᠵᠢᠭᠦᠯᠭᠡ ᠠᠴᠠ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ ᠠᠴᠠ ᠬᠡᠷᠡᠭᠯᠡᠯᠲᠡ ᠬᠦᠷᠲᠡᠯᠡᠬᠢ ᠪᠦᠬᠦ ᠶᠠᠪᠤᠴᠠ ᠳᠤ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ᠂ ᠠᠳᠠᠯ ᠠᠬᠤᠢ ᠶᠢᠨ ᠺᠣᠮᠫᠠᠨᠢ᠂ ᠥᠮᠴᠢᠲᠡᠳ ᠤᠨ ᠵᠥᠪᠯᠡᠯ᠂ ᠰᠠᠭᠤᠭᠠᠯᠢ ᠠᠷᠠᠳ ᠤᠨ ᠲᠥᠯᠥᠭᠡᠯᠡᠭᠴᠢ ᠶᠢ | ᠤᠷᠢᠵᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠦᠷᠲᠡᠭᠡ ᠶᠢᠨ ᠢᠵᠢ ᠲᠦᠬᠦᠷ ᠪᠦᠲᠦᠭᠡᠨ ᠪᠠᠶᠢᠭᠤᠯᠤᠯᠲᠠ ᠳᠤ ᠠᠷᠭ᠎ᠠ ᠪᠣᠳᠣᠯᠭ᠎ᠠ | ᠳᠤᠷᠠᠳᠤᠭᠤᠯᠤᠨ᠂ ᠦᠨᠳᠦᠰᠦᠨ ᠱᠠᠲᠤᠨ ᠤ ᠬᠡᠷᠡᠭ ᠵᠥᠪᠯᠡᠬᠦ ᠬᠤᠷᠠᠯ ᠢ ᠬᠤᠷᠠᠯᠳᠤᠭᠤᠯᠤᠭᠰᠠᠨ ᠪᠥᠭᠡᠳ ᠵᠥᠪᠯᠡᠬᠦ ᠰᠡᠳᠦᠪ ᠢ ᠪᠣᠢ ᠪᠣᠯᠭᠠᠵᠤ᠂ ᠵᠥᠪᠯᠡᠬᠦ ᠰᠡᠳᠦᠪ ᠢ | ᠰᠢᠢᠳᠪᠦᠷᠢᠯᠡᠬᠦ ᠳᠤ ᠰᠢᠨ᠎ᠡ ᠰᠡᠳᠬᠢᠮᠵᠢ ᠬᠠᠩᠭᠠᠨ᠂ ᠨᠡᠶᠢᠭᠡᠮ ᠲᠣᠭᠤᠷᠢᠭ ᠤᠨ ᠵᠠᠰᠠᠯᠲᠠ ᠶᠢ ︽ᠭᠠᠭᠴᠠᠭᠠᠷ ᠢᠶᠠᠨ ᠠᠵᠢᠯᠯᠠᠵᠤ︾ ᠪᠠᠶᠢᠭᠰᠠᠨ ᠠᠴᠠ ︽ᠬᠠᠮᠵᠢᠯᠴᠠᠨ | ᠵᠠᠰᠠᠬᠤ︾ ᠪᠣᠯᠭᠠᠨ ᠬᠤᠪᠢᠷᠠᠭᠤᠯᠪᠠ᠃ | ᠭᠤᠷᠪᠠ᠂ ᠨᠠᠮ ᠵᠠᠰᠠᠭ ᠠᠴᠠ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠰᠠᠶᠢᠲᠤᠷ ᠬᠢᠪᠡ | ︽ᠰᠠᠭᠤᠭᠠᠯᠢ ᠲᠣᠭᠤᠷᠢᠭ ᠤᠨ ᠵᠠᠮ ᠤᠨ ᠳ᠋ᠧᠩ ᠢ ᠤᠭᠰᠠᠷᠠᠭᠰᠠᠨ ᠠᠴᠠ ᠰᠥᠨᠢ ᠶᠢᠨ ᠡᠭᠡᠯᠵᠢᠨ ᠳᠤ ᠭᠠᠷᠬᠤ ᠬᠥᠮᠥᠰ ᠪᠣᠯᠣᠨ ᠣᠶᠢᠷ᠎ᠠ ᠬᠠᠪᠢ ᠶᠢᠨ ᠨᠠᠰᠤᠲᠠᠳ | ᠬᠡᠦᠬᠡᠳ ᠲᠤ ᠭᠡᠷᠡᠯ ᠭᠡᠭᠡ ᠠᠪᠴᠢᠷᠠᠯ᠎ᠠ︾ ᠭᠡᠵᠦ ᠵᠢᠩ ᠠᠨ ᠨᠡᠶᠢᠭᠡᠮ ᠲᠣᠭᠤᠷᠢᠭ ᠤᠨ ᠭᠡᠷ ᠪᠠᠶᠢᠰᠢᠩ ᠤᠨ ᠲᠣᠭᠤᠷᠢᠭ ᠤᠨ ᠰᠠᠭᠤᠭᠠᠯᠢ ᠠᠷᠠᠳ ᠤᠳ ᠨᠢᠭᠡ | ᠨᠢᠭᠡᠨ ᠳᠡᠭᠡᠨ ᠪᠠᠶᠠᠷᠲᠠᠢ ᠳᠠᠮᠵᠢᠭᠤᠯᠤᠨ᠎ᠠ᠃ ︽ᠥᠩᠭᠡᠷᠡᠭᠰᠡᠨ ᠤ ᠵᠠᠮ ᠡᠪᠳᠡᠷᠡᠭᠡᠳ ᠶᠠᠪᠤᠬᠤ ᠳᠤ ᠳᠥᠭᠦᠮ ᠦᠭᠡᠢ᠂ ᠣᠨᠴᠠᠭᠠᠶᠢᠯᠠᠨ ᠪᠣᠷᠣᠭᠠᠨ ᠣᠷᠣᠴᠢᠬᠠᠪᠠᠯ | ᠶᠠᠪᠤᠬᠤ ᠴᠤ ᠠᠷᠭ᠎ᠠ ᠦᠭᠡᠢ ᠪᠠᠶᠢᠭᠰᠠᠨ᠂ ᠣᠳᠣ ᠬᠠᠷᠢᠨ ᠰᠠᠶᠢᠬᠠᠨ ᠵᠠᠰᠠᠴᠢᠬᠠᠯᠠ︾ ᠭᠡᠵᠦ ᠠᠷᠠᠳ ᠤᠨ ᠬᠡᠷᠡᠭᠯᠡᠭᠡᠨ ᠤ ᠳᠡᠯᠪᠡᠴᠢᠬᠦ ᠶᠡᠭᠡ ᠠᠩᠭᠢ ᠶᠢᠨ ᠵᠡᠭᠡᠯᠢ ᠲᠠᠢ | ᠨᠢᠭᠤᠷᠯᠠᠭᠰᠠᠨ ᠭᠡᠷ ᠪᠠᠶᠢᠰᠢᠩ ᠤᠨ ᠲᠣᠭᠤᠷᠢᠭ ᠤᠨ ᠰᠠᠭᠤᠭᠠᠯᠢ ᠠᠷᠠᠳ ᠶᠠᠷᠢᠨ᠎ᠠ᠃ ᠡᠨᠡᠬᠦ ᠦᠢᠯᠡ ᠶᠠᠪᠤᠳᠠᠯ ᠤᠳ ᠨᠢ ᠴᠢ ᠫᠠᠨ ᠵᠢᠩ ᠪᠠᠯᠭᠠᠰᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠠᠷᠠᠳ ᠲᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ ᠥᠭᠭᠦᠭᠰᠡᠨ ᠤ ᠠᠮᠢᠳᠤᠯᠢᠭ ᠵᠢᠷᠤᠭᠯᠠᠯ | ᠪᠣᠯᠣᠨ᠎ᠠ᠃ | ᠴᠢ ᠫᠠᠨ ᠵᠢᠩ ᠪᠠᠯᠭᠠᠰᠤᠨ ᠤ ᠨᠠᠮ ᠤᠨ ᠬᠤᠷᠢᠶ᠎ᠠ ᠢᠮᠠᠭᠲᠠ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ ᠶᠢ ᠲᠡᠷᠢᠭᠦᠨ ᠪᠠᠷᠢᠮᠵᠢᠶ᠎ᠠ ᠪᠣᠯᠭᠠᠵᠤ᠂ | ᠤᠳᠤᠷᠢᠳᠬᠤ ᠪᠠᠭ ᠤᠨ ᠪᠦᠷᠢᠯᠳᠦᠭᠦᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠠᠬᠢᠭᠤᠯᠤᠨ᠂ ᠨᠠᠮ ᠤᠨ ᠭᠡᠰᠢᠭᠦᠨ ᠭᠡᠰᠢᠭᠦᠳ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ︽ᠱᠦᠵᠢ ᠪᠣᠯᠣᠨ ᠪᠠᠯᠭᠠᠰᠤᠨ ᠤ ᠳᠠᠷᠤᠭ᠎ᠠ ᠨᠡᠶᠢᠭᠡᠮ ᠲᠣᠭᠤᠷᠢᠭ ᠲᠤ ᠣᠴᠢᠬᠤ︾ ᠠᠵᠢᠯᠯᠠᠭ᠎ᠠ ᠶᠢ ᠥᠷᠨᠢᠭᠦᠯᠪᠡ᠃ ᠦᠨᠳᠦᠰᠦᠨ ᠱᠠᠲᠤᠨ ᠤ | ᠵᠥᠪᠯᠡᠯᠭᠡ ᠪᠠᠷ ᠲᠤᠰᠬᠠᠭᠰᠠᠨ ᠨᠠᠰᠤᠲᠠᠶᠢᠴᠤᠳ ᠤᠨ ᠦᠢᠯᠡᠴᠢᠯᠡᠭᠡ᠂ ᠰᠠᠭᠤᠷᠢ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠤ ᠪᠠᠲᠤᠯᠠᠭ᠎ᠠ᠂ ᠰᠣᠶᠣᠯ ᠤᠨ | ᠠᠮᠢᠳᠤᠷᠠᠯ ᠵᠡᠷᠭᠡ ᠠᠰᠠᠭᠤᠳᠠᠯ ᠠᠴᠠ ᠭᠠᠷᠳᠠᠵᠤ᠂ ᠨᠡᠶᠢᠭᠡᠮ ᠲᠣᠭᠤᠷᠢᠭ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ ᠳᠡᠭᠡᠷᠡᠬᠢ ᠠᠰᠠᠭᠤᠳᠠᠯ ᠢ ᠥᠨᠥ | ᠵᠢᠯ ᠤᠨ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠰᠡᠳᠦᠪ ᠲᠤ ᠣᠷᠣᠭᠤᠯᠤᠨ᠂ ᠨᠠᠮ ᠤᠨ ᠬᠤᠷᠢᠶᠠᠨ ᠤ ᠬᠤᠷᠠᠯ᠂ ᠨᠠᠮ ᠵᠠᠰᠠᠭ ᠤᠨ ᠬᠠᠮᠲᠤᠷᠠᠭᠰᠠᠨ ᠬᠤᠷᠠᠯ ᠢ | ᠨᠡᠶᠢᠳᠡ 11 ᠤᠳᠠᠭ᠎ᠠ ᠬᠤᠷᠠᠯᠳᠤᠭᠤᠯᠵᠤ ᠦᠨᠳᠦᠰᠦᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠲᠤᠰᠬᠠᠢ ᠰᠡᠳᠦᠪ ᠢᠶᠠᠷ ᠰᠤᠳᠤᠯᠤᠨ᠂ ᠢᠷᠭᠡᠨ ᠤ ᠬᠡᠷᠡᠭ ᠤᠨ ᠲᠥᠷᠥᠯ ᠵᠦᠢᠯ ᠤᠨ ᠪᠡᠯᠡ ᠮᠥᠩᠭᠦᠨ ᠤ ᠢᠷᠡᠯᠲᠡ ᠶᠢ ᠲᠣᠭᠲᠠᠭᠠᠵᠤ᠂ ᠤᠯᠠᠨ ᠲᠦᠮᠡᠨ ᠳᠤ | ᠦᠢᠯᠡᠴᠢᠯᠡᠬᠦ ᠪᠡᠯᠡ ᠮᠥᠩᠭᠦᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠨ ᠠᠬᠢᠭᠤᠯᠪᠠ᠃ ᠬᠤᠷᠠᠯ ᠤᠨ ᠳᠠᠷᠠᠭ᠎ᠠ ᠡᠯ᠎ᠡ | ᠬᠤᠲᠠ ᠪᠠᠯᠭᠠᠰᠤᠨ ᠤ ᠨᠡᠶᠢᠭᠡᠮ ᠲᠣᠭᠤᠷᠢᠭ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ᠂ ᠨᠠᠮ ᠤᠨ ᠭᠡᠰᠢᠭᠦᠨ ᠪᠠ | ᠤᠯᠠᠨ ᠲᠦᠮᠡᠨ ᠳᠤ ᠦᠢᠯᠡᠴᠢᠯᠡᠬᠦ ᠦᠷᠲᠡᠭᠡ ᠶᠢ ᠰᠢᠨ᠎ᠡ ᠪᠠᠷ ᠪᠠᠶᠢᠭᠤᠯᠬᠤ᠂ ᠵᠠᠮ ᠢ ᠬᠠᠲᠠᠭᠤᠷᠠᠭᠤᠯᠬᠤ᠂ ᠡᠷᠦᠢ ᠬᠤᠷᠤᠢ ᠦᠭᠡᠢ ᠴᠠᠬᠢᠯᠭᠠᠨ ᠤᠲᠠᠰᠤ ᠶᠢ ᠴᠡᠭᠴᠡᠯᠡᠬᠦ᠂ | ᠵᠠᠮ ᠤᠨ ᠳ᠋ᠧᠩ ᠢ ᠤᠭᠰᠠᠷᠠᠬᠤ ᠵᠡᠷᠭᠡ 25 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠯᠡᠳᠬᠡᠨ ᠬᠡᠷᠡᠭᠵᠢᠭᠦᠯᠵᠦ᠂ ᠵᠥᠪᠯᠡᠭᠰᠡᠨ | ᠦᠷ᠎ᠡ ᠪᠦᠲᠦᠭᠡᠯ ᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠣᠯᠭᠠᠨ ᠪᠦᠲᠦᠮᠵᠢᠲᠡᠢ ᠬᠤᠪᠢᠷᠠᠭᠤᠯᠪᠠ᠃ ᠥᠨᠥ ᠵᠢᠯ ᠪᠣᠯᠲᠠᠯ᠎ᠠ᠂ ᠴᠢ | ᠫᠠᠨ ᠵᠢᠩ ᠪᠠᠯᠭᠠᠰᠤ ᠶᠢᠨ ᠬᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠦᠨᠳᠦᠰᠦᠨ ᠱᠠᠲᠤᠨ ᠤ ᠬᠦᠴᠢᠷ ᠶᠠᠪᠤᠳᠠᠯ ᠤᠨ ᠲᠣᠭᠤᠷᠢᠨ ᠳᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠰᠣᠶᠣᠯ ᠤᠨ ᠠᠮᠢᠳᠤᠷᠠᠯ ᠵᠡᠷᠭᠡ 6 ᠶᠡᠭᠡ ᠲᠥᠷᠥᠯ ᠤᠨ ᠰᠠᠨᠠᠯ | ᠰᠠᠨᠠᠭᠤᠯᠭ᠎ᠠ ᠶᠢ ᠴᠤᠭᠯᠠᠭᠤᠯᠵᠤ᠂ ᠦᠨᠳᠦᠰᠦᠨ ᠱᠠᠲᠤᠨ ᠤ ᠵᠥᠪᠯᠡᠬᠦ ᠬᠤᠷᠠᠯ ᠢ ᠨᠡᠶᠢᠳᠡ 60 ᠭᠠᠷᠤᠢ ᠤᠳᠠᠭ᠎ᠠ ᠬᠤᠷᠠᠯᠳᠤᠭᠤᠯᠤᠨ᠂ ᠵᠥᠪᠯᠡᠬᠦ ᠬᠤᠷᠠᠯ ᠳᠤ 840 | ᠭᠠᠷᠤᠢ ᠬᠥᠮᠥᠨ ᠣᠷᠣᠯᠴᠠᠵᠠᠢ᠃ ᠡᠮᠦᠨᠡᠬᠢ ᠬᠤᠭᠤᠴᠠᠭᠠᠨ ᠤ ᠨᠢᠮᠪᠠᠢ ᠪᠡᠯᠡᠳᠬᠡᠯ ᠢᠶᠠᠷ ᠳᠠᠮᠵᠢᠭᠠᠳ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ | ᠦᠷᠳᠡᠭᠡ ᠶᠢᠨ ᠲᠦᠷᠦᠯ ᠵᠦᠢᠯ ᠢ 5 ᠳ᠋ᠤᠭᠠᠷ ᠰᠠᠷ᠎ᠠ ᠶᠢᠨ ᠰᠡᠭᠦᠯᠴᠢ ᠪᠠᠷ ᠡᠬᠢᠯᠡᠭᠦᠯᠦᠭᠡᠳ 10 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ ᠨᠡᠶᠢᠭᠡᠮ | ᠲᠣᠭᠤᠷᠢᠭ ᠤᠨ ᠵᠠᠰᠠᠯᠲᠠ᠂ ᠰᠡᠯᠡᠭᠦᠴᠡᠯ ᠵᠤᠭ᠎ᠠ ᠴᠡᠩᠭᠡᠯ ᠵᠡᠷᠭᠡ ᠤᠯᠠᠨ ᠲᠦᠷᠦᠯ ᠤᠨ ᠦᠢᠯᠡᠴᠢᠯᠡᠭᠡᠨ ᠤ ᠴᠢᠳᠠᠪᠬᠢ ᠶᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠢ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠦᠷᠳᠡᠭᠡ ᠶᠢ 13 ᠪᠠᠶᠢᠭᠤᠯᠤᠨ᠂ ᠠᠷᠠᠳ ᠤᠨ ᠠᠮᠢᠳᠤᠷᠠᠯ ᠤᠨ | ᠦᠢᠯᠡᠴᠢᠯᠡᠭᠡ ᠶᠢ ᠰᠠᠭᠤᠭᠠᠯᠢ ᠠᠷᠠᠳ ᠤᠨ ᠳᠡᠷᠭᠡᠳᠡ ᠬᠦᠷᠭᠡᠵᠦ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠦᠷᠳᠡᠭᠡ ᠶᠢ ᠰᠠᠭᠤᠭᠠᠯᠢ ᠠᠷᠠᠳ ᠤᠨ | ᠭᠡᠷ ᠤᠨ ᠡᠭᠦᠳᠡᠨ ᠳᠠᠬᠢ ᠵᠢᠷᠭᠠᠯᠲᠤ ᠣᠷᠣᠨ ᠵᠠᠢ ᠪᠣᠯᠭᠠᠬᠤ ᠶᠢ ᠦᠨᠡᠨᠬᠦ ᠪᠡᠶᠡᠯᠡᠭᠦᠯᠪᠡ᠃ ᠡᠭᠦᠨ ᠤ ᠵᠡᠷᠭᠡᠪᠡᠷ᠂ ᠬᠠᠮᠲᠤ ᠪᠠᠷ ᠠᠰᠢᠭᠯᠠᠬᠤ ᠪᠥᠮᠪᠥᠭᠡᠨ ᠲᠠᠯᠠᠪᠤᠷ ᠢ 2 | ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ 5 ᠠᠰᠠᠷ ᠤᠨ ᠬᠤᠯᠠᠭᠠᠢ ᠶᠢ ᠰᠡᠷᠭᠡᠶᠢᠯᠡᠬᠦ ᠡᠭᠦᠳᠡ ᠶᠢ ᠰᠣᠯᠢᠨ᠂ 135 ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠭᠡᠷ ᠳᠣᠲᠣᠷᠠᠬᠢ ᠲᠥᠬᠦᠭᠡᠷᠦᠮᠵᠢ ᠶᠢ ᠰᠡᠯᠪᠢᠨ ᠵᠠᠰᠠᠵᠤ᠂ ᠰᠠᠭᠤᠭᠠᠯᠢ ᠠᠷᠠᠳ ᠤᠨ ᠣᠷᠣᠰᠢᠨ ᠰᠠᠭᠤᠷᠢᠰᠢᠬᠤ ᠲᠥᠷᠥᠭᠳᠡᠯ ᠢ ᠪᠦᠲᠦᠮᠵᠢᠲᠡᠶ | ᠳᠡᠭᠡᠭᠰᠢᠯᠡᠭᠦᠯᠪᠡ︔ 2 ᠵᠡᠭᠡᠯᠢ ᠭᠤᠳᠤᠮᠵᠢ ᠶᠢᠨ ᠵᠠᠮ ᠤᠨ ᠡᠩᠬᠦᠯ ᠳᠤᠩᠬᠤᠯ ᠲᠡᠭᠰᠢ ᠪᠤᠰᠤ ᠪᠠᠶᠢᠳᠠᠯ ᠢ ᠰᠢᠢᠳᠪᠦᠷᠢᠯᠡᠨ᠂ ᠨᠡᠶᠢᠳᠡ 1200 ᠲᠡᠭᠰᠢ ᠳᠥᠷᠪᠡᠯᠵᠢᠨ | ᠮᠧᠲᠷ ᠤᠨ ᠭᠤᠳᠤᠮᠵᠢ ᠶᠢᠨ ᠵᠠᠮ ᠢ ᠬᠠᠲᠠᠭᠤᠷᠠᠭᠤᠯᠪᠠ︔ ᠪᠤᠵᠠᠷ ᠪᠣᠳᠠᠰ ᠭᠠᠳᠠᠭᠰᠢᠯᠠᠭᠤᠯᠬᠤ ᠬᠤᠭᠤᠯᠠᠢ ᠶᠢ ᠰᠣᠯᠢᠬᠤ᠂ ᠦᠶᠡᠷ ᠢ ᠰᠡᠷᠭᠡᠶᠢᠯᠡᠬᠦ | ᠥᠭᠡᠷᠡᠴᠢᠯᠡᠯᠲᠡ ᠶᠢᠨ ᠠᠵᠢᠯ ᠢ ᠬᠢᠵᠦ᠂ 286 ᠡᠷᠦᠬᠡ ᠶᠢᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠪᠠ︔ 77 ᠵᠠᠮ ᠤᠨ ᠳ᠋ᠧᠩ ᠪᠠ 10 | ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠵᠤ ᠠᠰᠢᠭᠯᠠᠯᠲᠠ ᠳᠤ ᠣᠷᠣᠭᠤᠯᠤᠨ᠂ ᠬᠤᠲᠠ ᠪᠠᠯᠭᠠᠰᠤᠨ ᠤ 6 ᠰᠠᠭᠤᠭᠠᠯᠢ ᠲᠣᠭᠤᠷᠢᠭ ᠤᠨ ᠭᠡᠷᠡᠯᠲᠦᠭᠦᠯᠭᠡ ᠪᠠ | ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠵᠤ᠂ 860 ᠭᠠᠷᠤᠢ ᠬᠥᠮᠥᠨ ᠳᠤ ᠠᠰᠢᠭ ᠬᠦᠷᠲᠡᠭᠡᠪᠡ︔ ᠳᠤᠷ᠎ᠠ ᠪᠠᠷ ᠴᠠᠬᠢᠯᠭᠠᠨ ᠤᠲᠠᠰᠤ ᠲᠠᠲᠠᠭᠰᠠᠨ | ᠠᠰᠠᠭᠤᠳᠠᠯ ᠳᠤ ᠲᠤᠰᠬᠠᠢ ᠵᠠᠰᠠᠯᠲᠠ ᠥᠷᠨᠢᠭᠦᠯᠵᠦ᠂ 4 ᠰᠠᠭᠤᠭᠠᠯᠢ ᠲᠣᠭᠤᠷᠢᠭ ᠤᠨ 3500 ᠭᠠᠷᠤᠢ ᠡᠷᠦᠬᠡ ᠶᠢ ᠬᠠᠮᠤᠷᠪᠠ ᠁ ᠪᠠᠯᠭᠠᠰᠤᠨ ᠲᠣᠭᠤᠷᠢᠭ ᠤᠨ ︽ | ᠵᠠᠮ ᠲᠡᠭᠰᠢ ᠦᠭᠡᠢ᠂ ᠤᠰᠤ ᠨᠡᠪᠲᠡᠷᠡᠬᠦ ᠦᠭᠡᠢ᠂ ᠳ᠋ᠧᠩ ᠨᠣᠴᠣᠬᠤ ᠦᠭᠡᠢ︾ ᠵᠡᠷᠭᠡ ᠠᠷᠠᠳ ᠤᠨ ᠠᠮᠢᠳᠤᠷᠠᠯ ᠤᠨ 34 ᠦᠨᠳᠦᠰᠦᠨ ᠠᠰᠠᠭᠤᠳᠠᠯ ᠢ | ᠰᠢᠢᠳᠪᠦᠷᠢᠯᠡᠵᠦ᠂ ᠪᠥᠬᠦ ᠪᠠᠯᠭᠠᠰᠤ ᠶᠢᠨ 4 ᠲᠦᠮᠡ ᠭᠠᠷᠤᠢ ᠬᠥᠮᠥᠨ ᠳᠤ ᠠᠰᠢᠭ ᠬᠦᠷᠲᠡᠭᠡᠨ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠢᠯᠡᠳᠲᠡ ᠳᠡᠭᠡᠭᠰᠢᠯᠡᠭᠰᠡᠨ ᠪᠠᠶᠢᠨ᠎ᠠ᠃ | | | |