ᠤᠯᠠᠭᠠᠨᠪᠠᠯᠭᠠᠰᠤ ᠮᠡᠳᠡᠭᠡ ᠵᠠᠩᠭᠢ ᠶᠢᠨ ᠴᠠᠭ ᠦᠶ᠎ᠡ ᠶᠢᠨ ᠠᠷᠠᠳ ᠤᠨ ᠠᠮᠢᠳᠤᠷᠠᠯ ᠤᠨ ᠰᠠᠭᠤᠷᠢ ᠪᠣᠯᠬᠤ ᠳ᠋ᠠᠶᠢᠲ᠋ᠠ ᠶᠢᠨ ᠬᠥᠮᠥᠷᠭᠡ ᠶᠢ ᠰᠠᠶᠢᠲᠤᠷ ᠠᠰᠢᠭᠯᠠᠵᠤ ᠪᠠᠶᠢᠨ᠎ᠠ
ᠨᠡᠶᠢᠲᠡᠯᠡᠭᠰᠡᠨ ᠴᠠᠭ᠄
2024/12/13
      ᠤᠯᠠᠭᠠᠨᠪᠠᠯᠭᠠᠰᠤ ᠳᠤ ᠲᠤᠭ᠎ᠠ ᠪᠠᠷᠢᠮᠲᠠ ᠨᠢ ᠵᠥᠪᠬᠡᠨ ᠲᠤᠭ᠎ᠠ ᠬᠡᠳᠦᠢ ᠪᠢᠰᠢ᠂ ᠬᠠᠷᠢᠨ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠠᠴᠢᠶᠠᠯᠠᠭᠰᠠᠨ ᠬᠤᠪᠣᠷ ᠨᠠᠨᠳᠢᠨ ᠡᠬᠢ ᠪᠠᠶᠠᠯᠢᠭ ᠪᠣᠯᠣᠭᠰᠠᠨ ᠪᠠᠶᠢᠨ᠎ᠠ᠃ ᠦᠨᠳᠦᠰᠦᠨ ᠳ᠋ᠠᠶᠢᠲ᠋ᠠ ᠶᠢᠨ ᠬᠥᠮᠥᠷᠭᠡ ᠨᠢ ᠮᠡᠳᠡᠭᠡ ᠵᠠᠩᠭᠢ ᠶᠢᠨ ᠴᠠᠭ ᠦᠶ᠎ᠡ ᠶᠢᠨ ᠰᠢᠨ᠎ᠡ ᠮᠠᠶ᠋ᠢᠭ ᠤᠨ ᠵᠠᠰᠠᠯᠲᠠ ᠶᠢᠨ ᠪᠠᠭᠠᠵᠢ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠨᠢᠭᠡᠪᠦᠷᠢ ᠶᠢᠨ ᠦᠨᠳᠦᠰᠦᠨ ᠮᠡᠳᠡᠭᠡ ᠵᠠᠩᠭᠢ ᠶᠢ ᠨᠠᠷᠢᠨ ᠲᠡᠮᠳᠡᠭᠯᠡᠭᠰᠡᠨ ᠢᠶᠠᠷ ᠪᠠᠷᠠᠬᠤ ᠦᠭᠡᠢ᠂ ᠨᠡᠩ ᠴᠤ ᠬᠥᠮᠥᠨ ᠨᠢᠭᠡᠪᠦᠷᠢ ᠶᠢᠨ ᠠᠮᠢᠳᠤᠷᠠᠯ ᠤᠨ ᠳᠠᠳᠬᠠᠯ᠂ ᠡᠷᠡᠭᠦᠯ ᠴᠢᠭᠢᠷᠠᠭ ᠤᠨ ᠪᠠᠶᠢᠳᠠᠯ᠂ ᠰᠤᠷᠭᠠᠨ ᠬᠥᠮᠦᠵᠢᠯ ᠤᠨ ᠠᠬᠤᠢ ᠪᠠᠶᠢᠳᠠᠯ ᠵᠡᠷᠭᠡ ᠤᠯᠠᠨ ᠲᠤᠭ᠎ᠠ ᠪᠠᠷᠢᠮᠲᠠ ᠶᠢ ᠲᠡᠮᠳᠡᠭᠯᠡᠭᠰᠡᠨ ᠰᠠᠬᠢᠨ ᠬᠠᠮᠠᠭᠠᠯᠠᠭᠴᠢ ᠪᠣᠯᠵᠤ᠂ ᠵᠠᠰᠠᠭ ᠤᠨ ᠣᠷᠳᠣᠨ ᠳᠤ ᠨᠠᠷᠢᠯᠢᠭ ᠣᠨᠣᠪᠴᠢᠲᠠᠢ ᠠᠷᠠᠳ ᠤᠨ ᠠᠮᠢᠳᠤᠷᠠᠯ ᠤᠨ ᠪᠠᠶᠢᠳᠠᠯ ᠢ ᠵᠢᠷᠤᠭᠯᠠᠵᠤ ᠥᠭᠴᠡᠢ᠃      ᠡᠲᠡᠭᠡᠷ ᠠᠮᠢᠳᠤᠯᠢᠭ ᠲᠤᠭ᠎ᠠ ᠪᠠᠷᠢᠮᠲᠠ ᠨᠢ ᠤᠯᠠᠭᠠᠨᠪᠠᠯᠭᠠᠰᠤᠨ ᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠪᠠᠲᠤ ᠪᠠᠬᠢ ᠦᠨᠳᠦᠰᠦ ᠪᠠᠷᠢᠮᠲᠠ ᠬᠠᠩᠭᠠᠭᠰᠠᠨ ᠪᠠᠶᠢᠨ᠎ᠠ᠃ ᠵᠢᠱᠢᠶᠡᠯᠡᠪᠡᠯ᠂ ᠲᠤᠭ᠎ᠠ ᠪᠠᠷᠢᠮᠲᠠ ᠶᠢ ᠵᠠᠳᠠᠯᠬᠤ ᠪᠠᠷ ᠳᠡᠮᠵᠢᠨ᠂ ᠱᠤᠸᠠᠢ ᠹᠧᠩ ᠨᠡᠶᠢᠭᠡᠮ ᠲᠣᠭᠤᠷᠢᠭ ᠤᠨ ᠬᠢᠨ ᠣᠨᠴᠠᠭᠠᠶᠢᠯᠠᠨ ᠬᠠᠯᠠᠮᠵᠢᠯᠠᠬᠤ ᠴᠢᠬᠤᠯᠠᠲᠠᠢ ᠵᠡᠮᠳᠡᠭᠴᠦᠳ ᠢ ᠣᠨᠣᠪᠴᠢᠲᠠᠶ ᠡᠷᠢᠨ ᠭᠠᠷᠭᠠᠵᠤ᠂ ᠲᠡᠳᠡᠨ ᠳᠤ ᠬᠦᠷᠳᠦᠲᠦ ᠰᠠᠨᠳᠠᠯᠢ ᠵᠡᠷᠭᠡ ᠲᠤᠰᠠᠯᠠᠬᠤ ᠲᠥᠬᠦᠭᠡᠷᠦᠮᠵᠢ ᠶᠢ ᠴᠠᠭ ᠲᠤᠬᠠᠢ ᠳᠤᠨᠢ ᠬᠦᠷᠭᠡᠵᠦ ᠥᠭᠭᠦᠨ᠂ ᠬᠠᠶᠢᠷ᠎ᠠ ᠪᠠᠷ ᠰᠡᠳᠬᠢᠯ ᠢ ᠨᠢ ᠳᠤᠯᠠᠭᠠᠴᠠᠭᠤᠯᠪᠠ᠃ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠬᠡᠷᠡᠭᠵᠢᠭᠦᠯᠬᠦ ᠶᠠᠪᠤᠴᠠ ᠳᠤ ᠦᠨᠳᠦᠰᠦᠨ ᠳ᠋ᠠᠶᠢᠲ᠋ᠠ ᠶᠢᠨ ᠬᠥᠮᠥᠷᠭᠡ ᠨᠢ ᠴᠦ ᠴᠢᠬᠤᠯᠠ ᠦᠢᠯᠡᠳᠦᠯ ᠪᠠᠳᠠᠷᠠᠭᠤᠯᠵᠤ᠂ ᠰᠠᠭᠤᠭᠠᠯᠢ ᠠᠷᠠᠳ ᠨᠢᠭᠡᠪᠦᠷᠢ ᠳᠤ ᠪᠡᠶ᠎ᠡ ᠳᠤᠨᠢ ᠲᠣᠬᠢᠷᠠᠬᠤ ᠡᠮᠴᠢᠯᠡᠭᠡᠨ ᠤ ᠪᠠᠲᠤᠯᠠᠭ᠎ᠠ ᠶᠢ ᠬᠦᠷᠲᠡᠭᠡᠵᠡᠢ᠃ ᠡᠭᠦᠨ ᠠᠴᠠ ᠭᠠᠳᠠᠨ᠎ᠠ᠂ ᠴᠡᠷᠢᠭ ᠲᠤ ᠶᠠᠪᠤᠵᠤ ᠤᠯᠤᠰ ᠬᠦᠷᠦᠨ ᠳᠡᠭᠡᠨ ᠬᠦᠴᠦ ᠪᠠᠨ ᠡᠷᠭᠦᠬᠦ ᠰᠠᠨᠠᠭ᠎ᠠ ᠲᠠᠢ ᠵᠠᠯᠠᠭᠤᠴᠤᠳ ᠲᠤ ᠲᠤᠭ᠎ᠠ ᠪᠠᠷᠢᠮᠲᠠ ᠶᠢᠨ ᠵᠠᠳᠠᠯᠤᠯᠲᠠ ᠬᠢᠬᠦ ᠪᠠᠷ ᠳᠡᠮᠵᠢᠨ᠂ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠶᠡᠷᠦᠩᠬᠡᠢ ᠬᠡᠪ ᠴᠢᠨᠠᠷ ᠢ ᠨᠠᠩ ᠣᠨᠣᠪᠴᠢᠲᠠᠶ ᠦᠨᠡᠯᠡᠨ᠂ ᠲᠡᠳᠡᠨ ᠳᠤ ᠴᠡᠷᠢᠭ ᠲᠤ ᠣᠷᠣᠬᠤ ᠥᠪᠡᠷᠮᠢᠴᠡ ᠵᠢᠯᠣᠭᠤᠳᠤᠯᠭ᠎ᠠ ᠪᠠ ᠳᠡᠮᠵᠢᠯᠭᠡ ᠶᠢ ᠬᠠᠩᠭᠠᠪᠠ᠃      ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠪᠠ ︽ᠨᠡᠪᠲᠡᠷᠬᠡᠢ ᠬᠦᠰᠦᠨᠦᠭ︾ ᠤᠨ ᠬᠡᠷᠡᠭᠯᠡᠭᠡᠨ ᠤ ᠲᠠᠪᠴᠠᠩ ᠢ ᠪᠠᠶᠢᠭᠤᠯᠵᠤ ᠬᠡᠷᠡᠭᠯᠡᠭᠰᠡᠨ ᠨᠢ ᠤᠯᠠᠭᠠᠨᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠳᠤ ᠰᠢᠨᠵᠢᠯᠡᠬᠦ ᠤᠬᠠᠭᠠᠨ ᠤ ᠬᠦᠴᠦᠲᠡᠢ ᠳᠡᠮᠵᠢᠯᠭᠡ ᠦᠵᠡᠭᠦᠯᠦᠭᠰᠡᠨ ᠪᠠᠶᠢᠨ᠎ᠠ᠃ ᠲᠡᠷᠡ ᠨᠢ ᠵᠠᠰᠠᠭ ᠤᠨ ᠣᠷᠳᠣᠨ ᠳᠤ ᠠᠷᠠᠳ ᠤᠨ ᠰᠠᠨᠠᠭ᠎ᠠ ᠶᠢ ᠨᠡᠩ ᠭᠦᠨᠵᠡᠭᠡᠢ ᠰᠣᠨᠣᠰᠤᠭᠤᠯᠵᠤ᠂ ᠨᠡᠶᠢᠭᠡᠮ ᠤᠨ ᠬᠡᠷᠡᠭᠴᠡᠭᠡ ᠶᠢ ᠨᠡᠩ ᠲᠦᠷᠭᠡᠨ ᠣᠶᠢᠯᠠᠭᠠᠭᠤᠯᠤᠨ᠂ ᠡᠯ᠎ᠡ ᠵᠦᠢᠯ ᠤᠨ ᠬᠦᠴᠢᠷ ᠠᠰᠠᠭᠤᠳᠠᠯ ᠢ ᠨᠡᠩ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ ᠨᠡᠶᠢᠭᠡᠮ ᠤᠨ ᠵᠠᠰᠠᠯᠲᠠ ᠳᠤ ᠣᠷᠣᠯᠴᠠᠬᠤ ᠬᠥᠭᠦᠷᠭᠡ ᠪᠣᠯᠪᠠ᠃ ᠲᠣᠰᠣᠲᠤ ᠨᠡᠶᠢᠭᠡᠮ ᠲᠣᠭᠤᠷᠢᠭ ᠤᠨ ᠠᠵᠢᠯᠲᠠᠳ ᠦᠨᠳᠦᠰᠦᠨ ᠳ᠋ᠠᠶᠢᠲ᠋ᠠ ᠶᠢᠨ ᠬᠥᠮᠥᠷᠭᠡ ᠶᠢᠨ ᠱᠣᠰᠢᠭ᠎ᠠ ᠶᠢᠨ ᠬᠠᠮᠢᠶᠠᠷᠤᠯᠲᠠ ᠶᠢᠨ ᠴᠢᠳᠠᠮᠵᠢ ᠶᠢ ᠠᠰᠢᠭᠯᠠᠨ᠂ ᠠᠵᠢᠯ ᠠᠯᠳᠠᠭᠰᠠᠳ ᠢ ᠠᠮᠵᠢᠯᠲᠠ ᠲᠠᠢ ᠲᠣᠳᠣᠷᠬᠠᠶᠢᠯᠠᠵᠤ᠂ ᠲᠣᠬᠢᠷᠠᠮᠵᠢᠲᠠᠢ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠᠶᠢᠪᠠᠯ᠂ ᠦᠨᠳᠦᠰᠦᠨ ᠳ᠋ᠠᠶᠢᠲ᠋ᠠ ᠶᠢᠨ ᠣᠬᠤᠷ ᠮᠡᠳᠡᠭᠡ ᠶᠢᠨ ᠴᠢᠳᠠᠮᠵᠢ ᠪᠠᠷ ᠳᠠᠮᠵᠢᠭᠤᠯᠤᠨ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠷᠢᠯᠢᠭ ᠣᠨᠣᠪᠴᠢᠲᠠᠢ ᠪᠠᠷ ᠶᠠᠪᠤᠭᠤᠯᠵᠤ᠂ ᠣᠯᠠᠨ ᠲᠦᠮᠡᠨ ᠤ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃      ᠬᠦᠰᠦᠨᠦᠭ ᠤᠯᠠᠨ᠂ ᠲᠤᠭ᠎ᠠ ᠪᠠᠷᠢᠮᠲᠠ ᠶᠢ ᠭᠦᠢᠴᠡᠳ ᠠᠰᠢᠭᠯᠠᠵᠤ ᠴᠢᠳᠠᠬᠤ ᠦᠬᠡᠢ ᠪᠠᠶᠢᠬᠤ ᠨᠢ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠬᠦᠴᠢᠷ ᠠᠰᠠᠭᠤᠳᠠᠯ ᠪᠣᠯᠣᠭᠰᠠᠭᠠᠷ ᠢᠷᠡᠭᠰᠡᠨ ᠶᠤᠮ᠂ ᠬᠡᠷᠬᠢᠨ ᠦᠨᠳᠦᠰᠦᠨ ᠱᠠᠲᠤᠨ ᠤ ︽ᠳᠠᠷᠤᠭᠠᠰᠤ ᠶᠢ ᠬᠥᠩᠭᠡᠷᠡᠭᠦᠯᠬᠦ︾ ᠠᠰᠠᠭᠤᠳᠠᠯ ᠳᠤ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠰᠢᠰᠲ᠋ᠧᠮ ᠨᠢ ᠣᠨᠣᠪᠴᠢᠲᠠᠢ ᠬᠠᠷᠢᠭᠤᠯᠲᠠ ᠥᠭᠭᠦᠭᠰᠡᠨ ᠪᠠᠶᠢᠨ᠎ᠠ᠃ ᠦᠨᠳᠦᠰᠦᠨ ᠱᠠᠲᠤᠨ ᠤ ᠬᠦᠰᠡᠯ ᠡᠷᠡᠮᠡᠯᠵᠡᠯ ᠪᠠ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠲᠣᠳᠣᠷᠬᠠᠢ ᠪᠣᠯᠭᠠᠬᠤ ᠪᠠᠷ ᠤᠯᠠᠭᠠᠨᠪᠠᠯᠭᠠᠰᠤ ᠶᠢᠨ ᠬᠢᠨ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠰᠢᠰᠲ᠋ᠧᠮ ᠤᠨ ᠲᠦᠭᠡᠮᠡᠯᠵᠢᠭᠦᠯᠦᠯᠲᠡ ᠪᠠ ᠬᠡᠷᠡᠭᠯᠡᠯᠲᠡ ᠶᠢ ᠦᠷᠭᠦᠯᠵᠢᠯᠡᠨ ᠴᠢᠩᠭᠠᠳᠬᠠᠪᠠ᠃ ᠣᠲᠣ ᠪᠣᠯᠲᠠᠯ᠎ᠠ᠂ ᠨᠢᠭᠡᠨᠲᠡ 290 ᠲᠠᠩᠰᠠᠨ ᠡᠷᠦᠬᠡ ᠨᠡᠭᠡᠭᠡᠵᠦ᠂ 10 ᠤᠳᠠᠭ᠎ᠠ ᠶᠢᠨ ᠪᠣᠯᠪᠠᠰᠤᠷᠠᠯ ᠥᠷᠨᠢᠭᠦᠯᠦᠨ᠂ ᠨᠢᠭᠡ ᠤᠳᠠᠭ᠎ᠠ ᠭᠠᠳᠠᠭᠰᠢ ᠭᠠᠷᠴᠤ ᠲᠣᠭᠤᠷᠢᠨ ᠦᠵᠡᠵᠦ ᠰᠤᠷᠤᠯᠴᠠᠪᠠ᠃ ᠰᠢᠰᠲ᠋ᠧᠮ ᠢ ᠳᠡᠯᠭᠡᠷᠡᠩᠭᠦᠢ ᠬᠡᠷᠡᠭᠯᠡᠭᠰᠡᠨ ᠨᠢ ᠵᠠᠰᠠᠭ ᠤᠨ ᠣᠷᠳᠣᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠭᠰᠡᠨ ᠪᠥᠭᠡᠳ ᠨᠡᠩ ᠴᠤ ᠦᠨᠳᠦᠰᠦᠨ ᠱᠠᠲᠤᠨ ᠤ ᠠᠵᠢᠯᠲᠠᠳ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠪᠠᠶᠢᠴᠠᠭᠠᠨ ᠯᠠᠪᠯᠠᠬᠤ᠂ ᠭᠠᠷᠭᠠᠨ ᠠᠪᠬᠤ᠂ ᠭᠠᠷᠭᠠᠬᠤ ᠪᠠ ᠬᠡᠷᠡᠭᠯᠡᠬᠦ ᠳᠤ ᠳᠥᠭᠦᠮ ᠦᠵᠡᠭᠦᠯᠦᠨ᠂ ᠲᠡᠳᠡᠨ ᠤ ᠠᠵᠢᠯ ᠤᠨ ᠳᠠᠷᠤᠭᠠᠰᠤ ᠶᠢ ᠶᠡᠬᠡᠪᠡᠷ ᠬᠥᠩᠭᠡᠯᠡᠪᠡ᠃      ᠣᠲᠣ ᠪᠣᠯᠲᠠᠯ᠎ᠠ᠂ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠲᠠᠪᠴᠠᠩ ᠳᠤ ᠣᠷᠣᠭᠰᠠᠨ 15623 ᠲᠤᠭ᠎ᠠ᠂ ᠠᠵᠢᠯᠯᠠᠭ᠎ᠠ ᠥᠷᠨᠢᠭᠦᠯᠦᠭᠰᠡᠨ 345 ᠲᠤᠭ᠎ᠠ᠂ ᠲᠤᠬᠠᠢ ᠶᠢᠨ ᠲᠠᠯᠠᠪᠤᠷ ᠲᠤ ᠬᠦᠷᠴᠦ ᠪᠠᠶᠢᠳᠠᠯ ᠢ ᠣᠶᠢᠯᠠᠭᠠᠭᠰᠠᠨ 15443 ᠲᠤᠭ᠎ᠠ᠂ ᠲᠣᠭᠤᠷᠢᠨ ᠪᠠᠶᠢᠴᠠᠭᠠᠭᠰᠠᠨ 795 ᠲᠤᠭ᠎ᠠ᠂ ᠠᠰᠠᠭᠤᠳᠠᠯ ᠢ ᠢᠯᠡᠷᠡᠭᠦᠯᠦᠭᠰᠡᠨ 63 ᠲᠤᠭ᠎ᠠ᠂ ᠪᠠᠶᠢᠴᠠᠭᠠᠯᠲᠠ ᠬᠢᠭᠰᠡᠨ 20 ᠲᠤᠭ᠎ᠠ᠂ 24210 ᠬᠦᠮᠦᠨ ᠪᠠ 1588 ᠭᠡᠷ ᠪᠠᠶᠢᠰᠢᠩ ᠤᠨ ᠲᠤᠭ᠎ᠠ ᠶᠢ ᠰᠢᠨᠡᠳᠬᠡᠪᠡ᠃ ᠡᠲᠡᠭᠡᠷ ᠲᠤᠭ᠎ᠠ ᠪᠠᠷᠢᠮᠲᠠ ᠶᠢᠨ ᠠᠷᠤ ᠳᠤ ᠤᠯᠠᠭᠠᠨᠪᠠᠯᠭᠠᠰᠤ ᠶᠢᠨ ᠵᠠᠰᠠᠭ ᠤᠨ ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠡᠷᠴᠢ ᠵᠣᠷᠢᠭ ᠪᠣᠯᠣᠨ ᠦᠶᠯᠡ ᠠᠵᠢᠯᠯᠠᠭ᠎ᠠ ᠨᠢᠭᠤᠭᠳᠠᠵᠤ ᠪᠣᠶ᠃ ᠲᠠᠪᠴᠠᠩ ᠢ ᠥᠷᠭᠡᠨ ᠢᠶᠠᠷ ᠬᠡᠷᠡᠭᠯᠡᠬᠦ ᠪᠠᠷ ᠳᠠᠮᠵᠢᠭᠤᠯᠤᠨ᠂ ᠵᠠᠰᠠᠭ ᠤᠨ ᠣᠷᠳᠣᠨ ᠠᠴᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠣᠨᠣᠪᠴᠢᠲᠠᠶ ᠡᠵᠡᠮᠰᠢᠵᠦ᠂ ᠨᠡᠩ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠬᠠᠩᠭᠠᠨ᠂ ᠠᠷᠠᠳ ᠤᠯᠠᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠳᠤᠮᠳᠠ ᠠᠴᠠ ᠨᠡᠩ ᠤᠯᠠᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠲᠥᠷᠥᠭᠳᠡᠯ ᠢ ᠮᠡᠳᠡᠷᠡᠭᠦᠯᠪᠡ᠃      ᠲᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤ ᠶᠢᠨ ᠬᠢᠨ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠲᠠᠪᠴᠠᠩ ᠤᠨ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠳᠤ ᠢᠯᠡᠭᠦᠬᠡᠨ ᠠᠵᠢᠯ ᠶᠠᠪᠤᠳᠠᠯ ᠪᠦᠲᠦᠭᠡᠨ᠂ ᠣᠯᠠᠨ ᠲᠦᠮᠡᠨ ᠢ ᠳᠤᠲᠠᠭᠤ ᠭᠦᠶᠦᠯᠭᠡᠬᠦ ᠪᠠᠷ ᠴᠢᠷᠮᠠᠶᠢᠨ᠎ᠠ᠃ ᠲᠠᠪᠴᠠᠩ ᠤᠨ ᠴᠢᠳᠠᠮᠵᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠪᠠᠶᠢᠭᠠᠳ ᠤᠯᠠᠭᠠᠨᠪᠠᠯᠭᠠᠰᠤ ︽ᠡᠴᠦᠰ ᠤᠨ ᠨᠢᠭᠡ ᠮᠧᠲᠷ︾ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠩ ᠣᠯᠠᠨ ᠤᠯᠠᠭᠠᠨᠪᠠᠯᠭᠠᠰᠤ ᠶᠢᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ