ᠮᠡᠳᠡᠭᠡ ᠵᠠᠩᠬᠢᠴᠢᠯᠠᠯᠲᠠ ᠪᠣᠯ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠬᠦ᠂ ᠨᠡᠶᠢᠭᠡᠮ ᠤᠨ | ᠲᠠᠪᠰᠢᠯᠳᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃ ᠠᠷᠪᠠᠰ ᠰᠤᠮᠤ ︽ᠦᠨᠳᠦᠰᠦᠨ ᠳ᠋ᠠᠶᠢᠲ᠋ᠠ ᠶᠢᠨ ᠬᠥᠮᠥᠷᠭᠡ︾᠂ ︽ᠨᠡᠪᠲᠡᠷᠬᠡᠢ ᠬᠦᠰᠦᠨᠦᠭ︾ ᠤᠨ | ᠮᠡᠳᠡᠭᠡ ᠵᠠᠩᠬᠢᠴᠢᠯᠠᠯᠲᠠ ᠶᠢᠨ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠶᠢ ᠥᠷᠨᠢᠭᠦᠯᠦᠭᠰᠡᠨ ᠠᠴᠠ ᠨᠠᠭᠠᠰᠢ᠂ ᠰᠤᠮᠤᠨ ᠤ ᠺᠠᠳ᠋ᠷ ᠠᠵᠢᠯᠲᠠᠨ᠂ ᠭᠠᠴᠠᠭᠠᠨ ᠤ | ᠬᠤᠶᠠᠷ ᠵᠥᠪᠯᠡᠯ ᠤᠨ ᠪᠠᠭ ᠤᠨ ᠭᠡᠰᠢᠭᠦᠨ ᠵᠢᠴᠢ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠭᠤᠷᠪᠠ ᠤᠳᠠᠭ᠎ᠠ ᠪᠣᠯᠪᠠᠰᠤᠷᠠᠯ ᠬᠢᠵᠦ᠂ | ᠨᠡᠶᠢᠲᠡ 490 ᠭᠠᠷᠤᠢ ᠬᠥᠮᠥᠨ ᠤᠳᠠᠭ᠎ᠠ ᠪᠣᠯᠪᠠᠰᠤᠷᠠᠯ ᠳᠤ ᠣᠷᠣᠯᠴᠠᠨ᠂ ᠲᠠᠪᠴᠠᠩ ᠤᠨ ᠠᠵᠢᠯᠯᠠᠬᠤ ᠠᠷᠭ᠎ᠠ ᠪᠠ ᠠᠵᠢᠯᠯᠠᠬᠤ ᠵᠠᠭᠪᠤᠷ ᠢ ᠰᠢᠰᠲ᠋ᠧᠮ ᠲᠠᠢ | ᠰᠤᠷᠤᠯᠴᠠᠵᠤ᠂ ᠬᠤᠶᠢᠰᠢᠳᠠ ᠶᠢᠨ ᠲᠠᠪᠴᠠᠩ ᠤᠨ ᠠᠵᠢᠯᠯᠠᠭᠠᠨ ᠵᠢᠴᠢ ᠬᠠᠮᠠᠭᠠᠯᠠᠯᠲᠠ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ | 14 ᠭᠠᠴᠠᠭ᠎ᠠ ᠳᠤ ᠲᠣᠭᠤᠷᠢᠭᠤᠯᠤᠨ ᠬᠥᠮᠥᠨ᠂ ᠭᠡᠷ ᠪᠠᠶᠢᠰᠢᠩ᠂ ᠠᠵᠤ ᠠᠬᠤᠶᠢᠯᠠᠯ᠂ ᠤᠴᠢᠷ ᠶᠠᠪᠤᠳᠠᠯ ᠵᠡᠷᠭᠡ ᠶᠢᠨ ᠮᠡᠳᠡᠭᠡ ᠵᠠᠩᠭᠢ ᠶᠢ ᠨᠢᠭᠡ ᠯᠡ | ᠲᠣᠪᠴᠢ ᠪᠠᠷ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠳᠤ ᠲᠡᠮᠳᠡᠭᠯᠡᠨ ᠣᠷᠣᠭᠤᠯᠵᠤ᠂ ᠰᠠᠭᠤᠭᠠᠯᠢ ᠠᠷᠠᠳ ᠤᠨ ᠱᠣᠰᠢᠭ᠎ᠠ ᠲᠡᠮᠳᠡᠭ ᠪᠠ ᠲᠤᠭ᠎ᠠ ᠪᠠᠷᠢᠮᠲᠠ ᠶᠢᠨ | ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠠᠭᠠᠯᠠᠨ ᠰᠢᠨᠡᠳᠬᠡᠪᠡ᠃ ᠣᠲᠣ ᠪᠣᠯᠲᠠᠯ᠎ᠠ᠂ ᠨᠢᠭᠡᠨᠲᠡ 3282 ᠭᠡᠷ ᠪᠠᠶᠢᠰᠢᠩ ᠤᠨ ᠲᠤᠭ᠎ᠠ ᠪᠠᠷᠢᠮᠲᠠ᠂ 3446 | ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠠᠷᠢᠮᠲᠠ᠂ 2781 ᠮᠠᠰᠢᠨ ᠴᠠᠬᠢᠯᠭᠠᠨ ᠬᠤᠳᠳᠤᠭ ᠤᠨ ᠲᠤᠭ᠎ᠠ ᠪᠠᠷᠢᠮᠲᠠ᠂ 690178 ᠮᠠᠯ ᠤᠨ ᠲᠤᠭ᠎ᠠ | ᠪᠠᠷᠢᠮᠲᠠ ᠶᠢ ᠴᠤᠭᠯᠠᠭᠤᠯᠵᠤ᠂ 166 ᠲᠠᠩᠰᠠᠨ ᠡᠷᠦᠬᠡ ᠶᠢ ᠨᠡᠭᠡᠭᠡᠪᠡ᠃ | ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠬᠡᠷᠡᠭᠯᠡᠭᠡᠨ ᠤ ᠲᠠᠪᠴᠠᠩ ᠤᠨ ᠠᠵᠢᠯᠯᠠᠭᠠᠨ ᠤ ᠵᠠᠭᠪᠤᠷ ᠶᠣᠰᠣᠭᠠᠷ᠂ ᠰᠤᠮᠤᠨ ᠤ | ᠬᠤᠯᠪᠣᠭᠳᠠᠯ ᠪᠦᠬᠦᠢ ᠺᠠᠳ᠋ᠷ ᠵᠢᠴᠢ ᠡᠯ᠎ᠡ ᠭᠠᠴᠠᠭᠠᠨ ᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ︽ᠳᠤᠯᠠᠭᠠᠨ ᠬᠤᠲᠠ ᠶᠢᠨ ᠨᠡᠪᠲᠡᠷᠬᠡᠢ ᠬᠦᠰᠦᠨᠦᠭ︾ ᠤᠨ | ᠸᠢᠴᠠᠲ ᠤᠨ ᠵᠢᠵᠢᠭ ᠫᠷᠣᠭ᠍ᠷᠠᠮ ᠢ ᠠᠰᠢᠭᠯᠠᠨ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ᠂ ᠡᠮᠴᠢᠯᠡᠭᠡ ᠶᠢ ᠪᠠᠲᠤᠯᠠᠬᠤ᠂ ᠬᠦᠴᠢᠷᠳᠡᠯ ᠢ ᠠᠪᠤᠷᠠᠨ ᠲᠤᠰᠠᠯᠠᠬᠤ ᠵᠡᠷᠭᠡ ᠡᠳᠦᠷ ᠲᠤᠲᠤᠮ ᠤᠨ ᠠᠵᠢᠯ ᠢ | ᠥᠷᠨᠢᠭᠦᠯᠦᠨ᠂ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠨᠢᠭᠡ ᠯᠡ ᠤᠳᠠᠭ᠎ᠠ ᠳᠡᠭᠡᠷ᠎ᠡ ᠴᠤᠭᠯᠠᠭᠤᠯᠵᠤ᠂ ᠣᠯᠠᠨ ᠲᠠᠯ᠎ᠠ ᠪᠠᠷ ᠬᠠᠮᠲᠤ ᠪᠠᠷ ᠮᠡᠳᠡᠷᠡᠨ᠂ ᠮᠠᠯᠴᠢᠨ | ᠲᠦᠮᠡᠨ ᠤ ᠳᠠᠩᠳᠠ ᠭᠦᠢᠴᠡᠳᠬᠡᠬᠦ ᠵᠦᠢᠯᠡᠰ ᠤᠨ ᠴᠠᠭ ᠤᠨ ᠬᠢᠵᠠᠭᠠᠷ ᠢ ᠶᠡᠬᠡᠪᠡᠷ ᠪᠠᠭᠠᠰᠬᠠᠪᠠ᠃ ᠣᠳᠣᠬᠠᠨ ᠪᠣᠯᠲᠠᠯ᠎ᠠ᠂ 3992 ᠤᠳᠠᠭ᠎ᠠ ᠲᠤᠬᠠᠢ ᠶᠢᠨ ᠭᠠᠵᠠᠷ | ᠲᠤᠨᠢ ᠬᠦᠷᠴᠦ ᠪᠠᠶᠢᠳᠠᠯ ᠢ ᠣᠶᠢᠯᠠᠭᠠᠨ᠂ 1407 ᠤᠳᠠᠭ᠎ᠠ ᠲᠣᠭᠤᠷᠢᠨ ᠪᠠᠶᠢᠴᠠᠭᠠᠵᠤ᠂ 482 ᠤᠳᠠᠭ᠎ᠠ ᠠᠵᠢᠯᠯᠠᠭ᠎ᠠ ᠥᠷᠨᠢᠭᠦᠯᠦᠨ᠂ 82 ᠤᠳᠠᠭ᠎ᠠ | ᠪᠠᠶᠢᠴᠠᠭᠠᠯᠲᠠ ᠬᠢᠵᠦ᠂ 4 ᠠᠰᠠᠭᠤᠳᠠᠯ ᠢ ᠰᠢᠢᠳᠪᠦᠷᠢᠯᠡᠨ᠂ 45374 ᠵᠤᠷᠪᠤᠰ ᠡᠯ᠎ᠡ ᠲᠥᠷᠥᠯ ᠤᠨ ᠲᠤᠭ᠎ᠠ ᠪᠠᠷᠢᠮᠲᠠ ᠶᠢ ᠬᠠᠮᠠᠭᠠᠯᠠᠨ ᠰᠢᠨᠡᠳᠬᠡᠵᠦ᠂ ᠮᠠᠯᠴᠢᠨ | ᠲᠦᠮᠡᠨ ᠤ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠭᠰᠡᠨ ᠪᠠᠶᠢᠨ᠎ᠠ᠃ | ᠳᠠᠷᠠᠭ᠎ᠠ ᠠᠯᠬᠤᠮ ᠳᠤ᠂ ᠠᠷᠪᠠᠰ ᠰᠤᠮᠤ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠡᠪᠲᠡᠷᠬᠡᠢ ᠬᠦᠰᠦᠨᠦᠭ ᠤᠨ ᠬᠡᠷᠡᠭᠯᠡᠭᠡᠨ ᠤ ᠲᠠᠪᠴᠠᠩ ᠤᠨ ᠬᠠᠮᠢᠶ᠎ᠠ | ᠪᠦᠬᠦᠢ ᠮᠡᠳᠡᠭᠡ ᠵᠠᠩᠭᠢ ᠶᠢ ᠲᠠᠰᠤᠷᠠᠯᠲᠠ ᠦᠭᠡᠢ ᠰᠢᠨᠡᠳᠬᠡᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠬᠤᠢ ᠲᠠᠯᠠᠪᠠᠶ ᠶᠢᠨ ᠬᠡᠷᠡᠭᠯᠡᠭᠡ ᠶᠢ ᠢᠳᠡᠪᠬᠢᠲᠡᠢ | ᠥᠷᠭᠡᠳᠬᠡᠨ᠂ ᠮᠡᠳᠡᠭᠡ ᠵᠠᠩᠭᠢ ᠶᠢ ᠨᠢᠭᠲᠠ ᠬᠤᠯᠪᠣᠭᠳᠠᠭᠤᠯᠬᠤ ᠪᠠ ᠲᠤᠭ᠎ᠠ ᠪᠠᠷᠢᠮᠲᠠ ᠶᠢ ᠨᠡᠪᠲᠡᠷᠡᠭᠦᠯᠬᠦ ᠶᠢ ᠪᠡᠶᠡᠯᠡᠭᠦᠯᠵᠦ᠂ ᠤᠯᠠᠨ ᠵᠢᠯ ᠤᠨ ᠲᠤᠷᠰᠢ ᠦᠨᠳᠦᠰᠦᠨ | ᠱᠠᠲᠤᠨ ᠤ ᠠᠵᠢᠯ ᠢ ᠰᠢᠨᠠᠯᠭᠠᠵᠤ ᠪᠠᠶᠢᠭᠰᠠᠨ ᠮᠡᠳᠡᠭᠦᠯᠦᠯᠲᠡ ᠶᠢᠨ ᠬᠦᠰᠦᠨᠦᠭ ᠤᠯᠠᠨ᠂ ᠵᠤᠷᠪᠤᠰ ᠱᠤᠭᠤᠮ ᠰᠠᠯᠤᠩᠬᠢ᠂ ᠳᠠᠪᠬᠤᠷᠳᠠᠭᠤᠯᠤᠨ ᠲᠠᠭᠯᠠᠨ ᠮᠡᠳᠡᠭᠦᠯᠬᠦ | ᠵᠡᠷᠭᠡ ᠲᠤᠭ᠎ᠠ ᠪᠠᠷᠢᠮᠲᠠ ᠶᠢᠨ ᠪᠣᠭᠤᠮᠲᠠ ᠶᠢ ᠰᠢᠪᠲᠤᠯᠤᠨ᠂ ᠨᠢᠭᠡᠳᠦᠯᠲᠡᠢ ᠣᠷᠣᠭᠤᠯᠬᠤ᠂ ᠨᠢᠭᠡᠳᠦᠯᠲᠡᠢ ᠢᠯᠡ ᠪᠣᠯᠭᠠᠬᠤ᠂ ᠨᠢᠭᠡᠳᠦᠯᠲᠡᠢ ᠢᠯᠭᠠᠬᠤ᠂ ᠨᠢᠭᠡᠳᠦᠯᠲᠡᠢ | ᠲᠠᠭᠯᠠᠨ ᠮᠡᠳᠡᠭᠦᠯᠬᠦ ᠶᠢ ᠪᠡᠶᠡᠯᠡᠭᠦᠯᠵᠦ᠂ ᠬᠠᠮᠤᠭ ᠡᠴᠦᠰ ᠲᠤ ᠦᠨᠳᠦᠰᠦᠨ ᠱᠠᠲᠤᠨ ᠤ ᠬᠦᠰᠦᠨᠦᠭ ᠤᠯᠠᠨ᠂ ᠰᠢᠰᠲ᠋ᠧᠮ ᠤᠯᠠᠨ᠂ ᠳᠠᠪᠬᠤᠷᠳᠠᠭᠤᠯᠤᠨ ᠲᠠᠭᠯᠠᠨ | ᠮᠡᠳᠡᠭᠦᠯᠬᠦ ᠵᠡᠷᠭᠡ ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠠᠵᠢᠯ ᠤᠨ ᠦᠷ᠎ᠡ | ᠪᠦᠲᠦᠮᠵᠢ ᠪᠣᠯᠣᠨ ᠵᠠᠰᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ | | | |