ᠵᠢᠭᠳᠡ
ᠨᠡᠶᠢᠲᠡᠯᠡᠭᠰᠡᠨ ᠴᠠᠭ᠄
2024/12/17
      ᠤᠷᠤᠭᠰᠢᠯ ᠵᠢᠮᠢᠰ ᠤᠨ ᠢᠵᠠᠭᠤᠷ᠂ ᠤᠷᠤᠭᠰᠢᠯ ᠵᠢᠮᠢᠰ ᠤᠨ ᠲᠥᠷᠥᠯ᠃ ᠪᠣᠳᠠ ᠮᠣᠳᠣ ᠪᠤᠶᠤ ᠪᠠᠭᠠᠪᠲᠤᠷ ᠲᠤᠷᠤᠭ ᠮᠣᠳᠣ᠂ 5 — 6 ᠳ᠋ᠤᠭᠠᠷ ᠰᠠᠷ᠎ᠠ ᠳᠤ ᠴᠡᠴᠡᠭᠯᠡᠵᠦ᠂ 9 ᠳ᠋ᠦ᠋ᠭᠡᠷ ᠰᠠᠷ᠎ᠠ ᠳᠤ ᠦᠷᠡᠯᠡᠨ᠎ᠡ᠃      ᠬᠤᠵᠢᠷ ᠲᠤ ᠳᠠᠭᠠᠭᠠᠴᠠᠲᠠᠢ ᠭᠠᠩᠰᠠᠭ ᠤᠷᠭᠤᠮᠠᠯ ᠪᠣᠯᠣᠨ᠎ᠠ᠃ ᠪᠦᠬᠦ ᠬᠤᠰᠢᠭᠤᠨ ᠤ ᠡᠯ᠎ᠡ ᠭᠠᠵᠠᠷ ᠲᠤ ᠲᠠᠷᠢᠳᠠᠭ᠃      ᠵᠢᠮᠢᠰ ᠲᠤᠨᠢ ᠥᠭᠡᠬᠦ᠂ ᠤᠭᠤᠷᠠᠭ ᠵᠡᠷᠭᠡ ᠠᠭᠤᠯᠤᠭᠳᠠᠵᠤ᠂ ᠰᠢᠮ᠎ᠡ ᠲᠡᠵᠢᠭᠡᠯ ᠤᠨ ᠪᠦᠷᠢᠯᠳᠦᠬᠦᠨ ᠨᠢ ᠰᠢᠰᠢ ᠲᠠᠢ ᠣᠶᠢᠷᠠᠯᠴᠠᠭ᠎ᠠ᠂ ᠢᠳᠡᠵᠦ ᠪᠣᠯᠣᠨ᠎ᠠ᠃ ᠨᠠᠪᠴᠢ ᠳᠤᠨᠢ ᠤᠭᠤᠷᠠᠭ᠂ ᠪᠦᠳᠦᠭᠦᠯᠢᠭ ᠥᠭᠡᠬᠦ ᠵᠡᠷᠭᠡ ᠠᠭᠤᠯᠤᠭᠳᠠᠵᠤ᠂ ᠰᠢᠮ᠎ᠡ ᠲᠡᠵᠢᠭᠡᠯ ᠤᠨ ᠪᠦᠷᠢᠯᠳᠦᠬᠦᠨ ᠨᠢ ᠴᠠᠷᠭᠠᠰᠤ ᠲᠠᠢ ᠣᠶᠢᠷᠠᠯᠴᠠᠭ᠎ᠠ ᠪᠠᠶᠢᠵᠦ᠂ ᠨᠡᠯᠢᠶᠡᠳ ᠰᠠᠶᠢᠨ ᠪᠣᠷᠳᠤᠭ᠎ᠠ ᠪᠣᠯᠬᠤ ᠶᠤᠮ᠃ ᠮᠣᠳᠣ ᠨᠢ ᠬᠠᠲᠠᠭᠤ ᠪᠠᠬᠢ᠂ ᠬᠡ ᠬᠤᠸᠠᠷ ᠨᠢ ᠭᠤᠶᠣ᠂ ᠭᠡᠷ ᠤᠨ ᠠᠪᠳᠠᠷ᠎ᠠ ᠬᠤᠷᠭᠤ ᠬᠢᠬᠦ ᠪᠠ ᠪᠠᠷᠢᠯᠭ᠎ᠠ ᠳᠤ ᠬᠡᠷᠡᠭᠯᠡᠳᠡᠭ᠃ ᠮᠣᠳᠣᠨ ᠬᠠᠯᠢᠰᠤ ᠪᠠ ᠵᠢᠮᠢᠰ ᠨᠢ ᠡᠮ ᠳᠤ ᠣᠷᠣᠨ᠎ᠠ᠃                        ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ