1︱ 9 ᠳ᠋ᠦ᠋ᠭᠡᠷ ᠰᠠᠷ᠎ᠠ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠲᠦᠭᠦᠬᠡᠢ ᠨᠡᠭᠦᠷᠡᠰᠦ᠂ ᠨᠠᠷᠢᠯᠢᠭ ᠨᠡᠭᠦᠷᠡᠰᠦ᠂ ᠴᠠᠬᠢᠯᠭᠠᠨ | ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠭᠲᠠᠭᠤᠨ ᠤ ᠳᠤᠮᠳᠠ ᠳᠡᠭᠡᠭᠰᠢᠯᠡᠨ᠂ ᠬᠡᠦᠷᠡᠰᠦᠨ ᠤ ᠭᠠᠷᠤᠯᠲᠠ ᠶᠢᠨ ᠬᠡᠮᠵᠢᠶ᠎ᠡ ᠪᠠᠭᠠᠰᠪᠠ᠃ | 1︱ 9 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ | ᠨᠡᠭᠦᠷᠡᠰᠦᠨ ᠤ ᠲᠣᠰ ᠰᠠᠷ᠎ᠠ ᠶᠢᠨ ᠭᠠᠷᠤᠯᠲᠠ 435.0 ᠲᠦᠮᠡᠨ ᠲᠣᠨ ᠳᠤ ᠬᠦᠷᠪᠡ︔ ᠪᠦᠬᠦ ᠭᠠᠷᠤᠯᠲᠠ ᠨᠢ 3146.3 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 12.5% ᠪᠠᠷ ᠨᠡᠮᠡᠭᠳᠡᠨ᠂ 1︱ 8 ᠳ᠋ᠤᠭᠠᠷ ᠰᠠᠷ᠎ᠠ ᠶᠢᠨ ᠬᠢ ᠠᠴᠠ ᠵᠠᠭᠤᠨ ᠤ 3.4 ᠨᠢᠭᠡᠴᠢ ᠳᠡᠭᠡᠭᠰᠢᠯᠡᠪᠡ᠃ | 1︱ 9 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠷᠢᠯᠢᠭ | ᠨᠡᠭᠦᠷᠡᠰᠦᠨ ᠤ ᠲᠣᠰ ᠰᠠᠷ᠎ᠠ ᠶᠢᠨ ᠭᠠᠷᠤᠯᠲᠠ 168.5 ᠲᠦᠮᠡᠨ ᠲᠣᠨ ᠬᠦᠷᠪᠡ︔ ᠪᠦᠬᠦ ᠭᠠᠷᠤᠯᠲᠠ ᠨᠢ 1462.1 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.7% ᠪᠠᠷ ᠨᠡᠮᠡᠭᠳᠡᠨ᠂ 1︱ 8 ᠳ᠋ᠤᠭᠠᠷ ᠰᠠᠷ᠎ᠠ ᠶᠢᠨ ᠬᠢ ᠠᠴᠠ ᠵᠠᠭᠤᠨ ᠤ 1.7 ᠨᠢᠭᠡᠴᠢ ᠪᠠᠭᠤᠷᠠᠪᠠ᠃ | 1︱ 9 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠦᠷᠡᠰᠦ ᠶᠢᠨ ᠲᠣᠰ | ᠰᠠᠷ᠎ᠠ ᠶᠢᠨ ᠭᠠᠷᠤᠯᠲᠠ 59.5 ᠲᠦᠮᠡᠨ ᠲᠣᠨ ᠬᠦᠷᠪᠡ︔ ᠪᠦᠬᠦ ᠭᠠᠷᠤᠯᠲᠠ ᠨᠢ 553.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 26.7% ᠪᠠᠷ ᠪᠠᠭᠤᠷᠠᠨ᠂ 1︱ 8 ᠳ᠋ᠤᠭᠠᠷ ᠰᠠᠷ᠎ᠠ ᠶᠢᠨ ᠬᠢ ᠠᠴᠠ ᠵᠠᠭᠤᠨ ᠤ 0.9 ᠨᠢᠭᠡᠴᠢ ᠳᠡᠭᠡᠭᠰᠢᠯᠡᠪᠡ᠃ | 1︱9 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠰ ᠰᠠᠷ᠎ᠠ ᠶᠢᠨ | ᠴᠠᠬᠢᠯᠭᠠᠨ ᠭᠠᠷᠭᠠᠬᠤ ᠬᠡᠮᠵᠢᠶ᠎ᠡ 29.5 ᠳ᠋ᠦᠩᠰᠢᠭᠤᠷ ᠺᠢᠯᠣᠸᠠᠲ ᠴᠠᠭ ᠬᠦᠷᠪᠡ︔ ᠴᠠᠬᠢᠯᠭᠠᠨ ᠭᠠᠷᠭᠠᠭᠰᠠᠨ ᠬᠡᠮᠵᠢᠶ᠎ᠡ ᠨᠢ ᠨᠡᠶᠢᠲᠡ 272.9 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠨ᠂ 1︱8 ᠳ᠋ᠤᠭᠠᠷ ᠰᠠᠷ᠎ᠠ ᠶᠢᠨ ᠬᠢ ᠠᠴᠠ ᠵᠠᠭᠤᠨ ᠤ 1.0 ᠨᠢᠭᠡᠴᠢ | ᠳᠡᠭᠡᠭᠰᠢᠯᠡᠪᠡ᠃ | |