1︱ 10 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠣᠭᠲᠠᠭᠤᠨ | ᠪᠥᠭᠡᠳ ᠡᠮᠬᠢ ᠵᠢᠷᠤᠮ ᠲᠠᠢ ᠦᠢᠯᠡᠳᠪᠦᠷᠢᠯᠡᠯ ᠤᠨ ᠪᠠᠶᠢᠳᠠᠯ ᠢᠯᠡᠷᠡᠪᠡ᠃ ᠭᠤᠣᠯ ᠦᠢᠯᠡᠳᠪᠦᠷᠢᠯᠡᠬᠦ ᠡᠨᠧᠷᠭᠢ ᠶᠢᠨ ᠦᠢᠯᠡᠳᠬᠦᠨ ᠪᠣᠯᠬᠤ ᠲᠦᠭᠦᠬᠡᠢ ᠨᠡᠭᠦᠷᠡᠰᠦ᠂ | ᠨᠠᠷᠢᠯᠢᠭ ᠨᠡᠭᠦᠷᠡᠰᠦ ᠵᠢᠴᠢ ᠴᠠᠬᠢᠯᠭᠠᠨ ᠭᠠᠷᠭᠠᠬᠤ ᠬᠡᠮᠵᠢᠶ᠎ᠡ ᠨᠢ ᠴᠥᠮ ᠠᠳᠠᠯᠢ ᠬᠤᠭᠤᠴᠠᠭᠠᠨ ᠤ ᠬᠢ ᠠᠴᠠ ᠲᠣᠭᠲᠠᠭᠤᠨ ᠢᠶᠠᠷ ᠨᠡᠮᠡᠭᠳᠡᠵᠦ᠂ ᠬᠡᠦᠷᠡᠰᠦ ᠶᠢᠨ | ᠦᠢᠯᠡᠳᠪᠦᠷᠢᠯᠡᠯ ᠦᠨᠳᠦᠰᠦᠨ ᠳᠡᠭᠡᠨ ᠲᠣᠭᠲᠠᠪᠤᠷᠢᠵᠢᠨ᠂ ᠨᠡᠮᠡᠭᠳᠡᠯ ᠤᠨ ᠬᠤᠷᠳᠤᠴᠠ ᠨᠢ ᠪᠠᠭᠤᠷᠠᠪᠠ᠃ | 1︱10 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠭᠰᠡᠨ ᠲᠦᠭᠦᠬᠡᠢ ᠨᠡᠭᠦᠷᠡᠰᠦᠨ ᠤ ᠭᠠᠷᠤᠯᠲᠠ 3489.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠪᠠᠷ | ᠨᠡᠮᠡᠭᠳᠡᠪᠡ᠃ ᠡᠨᠡ ᠬᠦ ᠮᠡᠳᠡᠭᠳᠡᠬᠦᠶᠢᠴᠡ ᠨᠡᠮᠡᠭᠳᠡᠯ ᠤᠨ ᠨᠤᠷᠮ᠎ᠠ ᠨᠢ ᠲᠦᠭᠦᠬᠡᠢ ᠨᠡᠭᠦᠷᠡᠰᠦ ᠦᠢᠯᠡᠳᠪᠦᠷᠢᠯᠡᠬᠦ ᠬᠡᠪᠴᠢᠶᠡᠨ ᠳᠤ ᠮᠡᠳᠡᠭᠳᠡᠬᠦᠶᠢᠴᠡ ᠠᠬᠢᠯᠲᠠ ᠲᠠᠢ | ᠪᠣᠯᠣᠭᠰᠠᠨ ᠢ ᠬᠠᠷᠠᠭᠤᠯᠪᠠ᠃ | 1︱10 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠷᠢᠯᠢᠭ | ᠨᠡᠭᠦᠷᠡᠰᠦᠨ ᠤ ᠭᠠᠷᠤᠯᠲᠠ ᠶᠢᠨ ᠬᠡᠮᠵᠢᠶ᠎ᠡ 1610.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠨ᠂ ᠨᠡᠮᠡᠭᠳᠡᠯ ᠤᠨ | ᠬᠡᠮᠵᠢᠶ᠎ᠡ ᠨᠢ ᠬᠠᠷᠢᠴᠠᠩᠭᠤᠢ ᠪᠠᠭ᠎ᠠ ᠪᠠᠶᠢᠪᠠᠴᠤ ᠲᠣᠭᠲᠠᠭᠤᠨ ᠨᠡᠮᠡᠭᠳᠡᠯ ᠨᠢ ᠡᠨᠡ ᠬᠤᠭᠤᠴᠠᠭᠠᠨ ᠳᠤ ᠨᠠᠷᠢᠯᠢᠭ ᠨᠡᠭᠦᠷᠡᠰᠦᠨ ᠤ ᠦᠢᠯᠡᠳᠪᠦᠷᠢᠯᠡᠯ ᠤᠨ ᠬᠥᠭᠵᠢᠯᠲᠡ ᠶᠢᠨ | ᠰᠠᠶᠢᠨ ᠪᠠᠶᠢᠳᠠᠯ ᠢᠶᠠᠨ ᠪᠠᠲᠤᠯᠠᠭᠰᠠᠨ ᠢ ᠬᠠᠷᠠᠭᠤᠯᠪᠠ᠃ | 1︱10 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠷᠤᠯᠲᠠ ᠨᠡᠶᠢᠲᠡ | 616.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.8% ᠪᠠᠷ ᠪᠠᠭᠤᠷᠠᠪᠠ᠃ ᠵᠠᠬ᠎ᠠ ᠳᠡᠯᠭᠡᠭᠦᠷ ᠤᠨ ᠬᠡᠷᠡᠭᠴᠡᠭᠡ ᠵᠢᠴᠢ ᠪᠤᠰᠤᠳ | ᠭᠠᠳᠠᠭᠠᠳᠤ ᠡᠯᠧᠮᠧᠨ᠋ᠲ ᠤᠨ ᠨᠥᠯᠥᠭᠡ ᠠᠴᠠ ᠪᠣᠯᠵᠤ ᠡᠨᠡᠬᠦ ᠲᠤᠭ᠎ᠠ ᠪᠠᠷᠢᠮᠲᠠ ᠡᠳᠦᠢ ᠲᠡᠳᠦᠢ ᠪᠠᠭᠤᠷᠠᠭᠰᠠᠨ ᠪᠠᠶᠢᠪᠠᠴᠤ ᠪᠦᠬᠦ᠋ᠢᠯᠡ ᠦᠢᠯᠡᠳᠪᠦᠷᠢᠯᠡᠯ ᠤᠨ ᠪᠠᠶᠢᠳᠠᠯ | ᠮᠥᠨ ᠯᠡ ᠲᠣᠭᠲᠠᠭᠤᠨ ᠪᠠᠶᠢᠳᠠᠯ ᠢᠶᠠᠨ ᠪᠠᠲᠤᠯᠠᠪᠠ᠃ | 1︱ 10 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ | ᠭᠠᠷᠭᠠᠭᠰᠠᠨ ᠬᠡᠮᠵᠢᠶ᠎ᠡ ᠨᠡᠶᠢᠲᠡ 302.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠡᠨᠡ ᠬᠦ | ᠨᠡᠮᠡᠭᠳᠡᠯ ᠨᠢ ᠴᠠᠬᠢᠯᠭᠠᠨ ᠭᠠᠷᠭᠠᠬᠤ ᠠᠵᠤ ᠠᠬᠤᠶᠢᠯᠠᠯ ᠴᠤ ᠡᠨᠡᠬᠦ ᠬᠤᠭᠤᠴᠠᠭᠠᠨ ᠳᠤ ᠢᠳᠡᠪᠬᠢᠲᠡᠢ ᠠᠬᠢᠯᠲᠠ ᠲᠠᠢ ᠪᠣᠯᠵᠤ᠂ ᠭᠠᠵᠠᠷ ᠣᠷᠣᠨ ᠤ ᠡᠨᠧᠷᠭᠢ ᠶᠢᠨ | ᠬᠠᠩᠭᠠᠯᠭ᠎ᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠢ ᠬᠠᠷᠠᠭᠤᠯᠪᠠ᠃ | 1︱ 10 ᠳ᠋ᠤᠭᠠᠷ ᠰᠠᠷ᠎ᠠ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠭᠤᠣᠯ ᠪᠣᠯᠬᠤ | ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠤᠨ ᠲᠠᠯ᠎ᠠ ᠪᠠᠷ ᠢᠳᠡᠪᠬᠢᠲᠡᠢ ᠠᠬᠢᠯᠲᠠ ᠲᠠᠢ ᠪᠣᠯᠤᠭᠰᠠᠨ ᠢᠶᠠᠷ ᠪᠠᠷᠠᠬᠤ ᠦᠭᠡᠢ᠂ ᠪᠦᠬᠦ᠋ᠢᠯᠡ ᠦᠢᠯᠡᠳᠪᠦᠷᠢᠯᠡᠯ ᠤᠨ | ᠪᠠᠶᠢᠳᠠᠯ ᠨᠢ ᠴᠤ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠨ᠂ ᠭᠠᠵᠠᠷ ᠣᠷᠣᠨ ᠤ ᠠᠵᠤ ᠠᠬᠤᠢ ᠶᠢᠨ | ᠲᠣᠭᠲᠠᠭᠤᠨ ᠢᠶᠠᠷ ᠬᠥᠭᠵᠢᠬᠦ ᠳᠤ ᠬᠦᠴᠦᠲᠡᠢ ᠳᠡᠮᠵᠢᠯᠭᠡ ᠦᠵᠡᠭᠦᠯᠪᠡ᠃ | |