1︱10 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/12/17
      2024 ᠣᠨ ᠤ 1︱ 10 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠡᠶᠢᠲᠡ 120 ︵8 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠪᠠᠭᠲᠠᠨ᠎ᠠ︶ ᠪᠠᠶᠢᠵᠤ᠂ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ᠃ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 6.1 ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 3.6 ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 12.6 ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.6% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ ᠵᠠᠭᠤᠨ ᠤ 7.5 ᠨᠢᠭᠡᠴᠢ ᠪᠠᠭᠤᠷᠠᠭᠤᠯᠪᠠ᠃       ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ᠃ 1︱ 10 ᠳ᠋ᠤᠭᠠᠷ ᠰᠠᠷ᠎ᠠ ᠳᠤ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 89.6% ᠶᠢ ᠡᠵᠡᠯᠡᠨ᠂ ᠣᠲᠤᠭ ᠬᠤᠰᠢᠭᠤᠨ ᠤ ᠵᠢᠶᠠᠨ ᠶᠤᠸᠠᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 60 ᠲᠦᠮᠡᠨ ᠲᠣᠨ ᠨᠠᠷᠢᠯᠢᠭ ᠾᠧᠺᠰᠠ ᠬᠤᠶᠠᠷᠴᠢ ᠬᠦᠴᠢᠯ ᠳᠤ 185 ᠲᠦᠮᠡᠨ ᠲᠣᠨ/ ᠵᠢᠯ ᠤᠨ ᠪᠣᠬᠢᠷᠲᠤᠯ ᠦᠭᠡᠢ ᠬᠡᠦᠷᠰᠢᠭᠦᠯᠬᠦ ᠲᠥᠷᠥᠯ ᠵᠦᠢᠯ᠂ ᠣᠷᠳᠣᠰ ᠬᠤᠳᠠ ᠶᠢᠨ ᠣᠯᠠᠨ ᠡᠨᠧᠷᠬᠢ ᠶᠢ ᠬᠠᠷᠢᠯᠴᠠᠨ ᠨᠥᠬᠦᠪᠦᠷᠢᠯᠡᠭᠦᠯᠬᠦ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠳᠦᠷᠦᠯ ᠵᠦᠢᠯ᠂ ᠣᠷᠳᠣᠰ ᠬᠤᠳᠠ ᠶᠢᠨ ᠵᠢᠶᠦ᠋ᠨ ᠵᠧᠩ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦ ᠰᠢᠲᠠᠭᠠᠵᠤ ᠥᠪᠡᠷᠲᠡᠭᠡᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠠᠬᠢᠨ ᠡᠭᠦᠰᠴᠦ ᠪᠣᠯᠬᠤ ᠡᠨᠧᠷᠭᠢ ᠶᠢᠨ ᠣᠷᠣᠯᠠᠭᠤᠯᠤᠯᠳᠡ ᠶᠢᠨ ᠳᠦᠷᠦᠯ ᠵᠦᠢᠯ ᠪᠠ ᠤᠲᠤᠭ ᠬᠤᠰᠢᠭᠤᠨ ᠤ ᠰᠠᠯᠬᠢ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠨᠣᠭᠤᠭᠠᠨ ᠰᠢᠪᠲᠦᠷ ᠤᠨ ᠳᠦᠷᠦᠯ ᠵᠦᠢᠯ ᠤᠨ 500MW ᠰᠠᠯᠬᠢᠨ ᠬᠦᠴᠦᠨ ᠤ ᠴᠠᠬᠢᠯᠭᠠᠨ ᠤ ᠳᠦᠷᠦᠯ ᠵᠦᠢᠯ ᠤᠨ ᠳᠠᠭᠠᠭᠤᠯᠭ᠎ᠠ ᠪᠠᠷ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠮᠥᠨ ᠬᠦ ᠭᠤᠣᠯᠯᠠᠬᠤ ᠪᠠᠶᠢᠷᠢ ᠶᠢ ᠡᠵᠡᠯᠡᠵᠦ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠴᠢᠬᠤᠯᠠ ᠲᠤᠯᠭᠠᠭᠤᠷᠢᠯᠠᠬᠤ ᠬᠦᠴᠦᠨ ᠵᠦᠢᠯ ᠪᠣᠯᠪᠠ᠃       ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ᠃ ᠲᠦᠷᠦᠭᠦᠸ ᠭᠤᠷᠪᠠᠨ ᠤᠯᠠᠷᠢᠯ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.2 ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠤ 41.7% ᠶᠢᠨ ᠬᠤᠪᠢ ᠶᠢᠨ ᠵᠢᠩ ᠢ ᠡᠵᠡᠯᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 34.5 ᠨᠢᠭᠡᠴᠢ ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠨᠡᠯᠢᠶᠡᠳ ᠶᠡᠭᠡ ᠪᠣᠯᠪᠠ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.2 ᠳᠠᠬᠢᠨ ᠨᠡᠮᠡᠭᠳᠡᠵᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠳᠤ 93.9% ᠬᠤᠪᠢ ᠶᠢᠨ ᠵᠢᠩ ᠢ ᠡᠵᠡᠯᠡᠨ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 3.6 ᠳᠠᠬᠢᠨ ᠳᠠᠶᠢᠴᠢᠯᠠᠪᠠ᠃       ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠷᠬᠡᠢ ᠪᠣᠯᠪᠠ᠃ ᠪᠠᠷᠢᠯᠭ᠎ᠠ ᠶᠢᠨ ᠤᠭᠰᠠᠷᠠᠭᠤᠯᠬᠤ ᠠᠵᠢᠯ ᠪᠠ ᠲᠤᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠳᠤ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠨᠡᠶᠢᠯᠡᠪᠦᠷᠢ ᠨᠢ ᠪᠦᠬᠦ ᠪᠡᠯᠡ ᠣᠷᠣᠭᠤᠯᠤᠯᠲᠠ ᠶᠢᠨ 96.2% ᠬᠤᠪᠢ ᠶᠢᠨ ᠵᠢᠩ ᠢ ᠡᠵᠡᠯᠡᠪᠡ᠃ ᠡᠭᠦᠨ ᠳᠤ᠂ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠲᠤᠰᠬᠠᠭᠰᠠᠨ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 44% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 16.2 ᠨᠢᠭᠡᠴᠢ ᠳᠠᠶᠢᠴᠢᠯᠠᠪᠠ︔ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ ᠶᠢ ᠲᠤᠰᠬᠠᠭᠰᠠᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠳᠤ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ4.9% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 1.7 ᠨᠢᠭᠡᠴᠢ ᠳᠠᠶᠢᠴᠢᠯᠠᠪᠠ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠶᠠᠪᠤᠴᠠ ᠳᠤ ᠪᠣᠶ ᠪᠣᠯᠤᠭᠰᠠᠨ ᠪᠤᠰᠤᠳ ᠵᠠᠷᠤᠳᠠᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 0.6 ᠨᠢᠭᠡᠴᠢ ᠳᠠᠶᠢᠴᠢᠯᠠᠪᠠ᠃  
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ