1︱10 ᠳ᠋ᠤᠭᠠᠷ ᠰᠠᠷ᠎ᠠ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠶᠡᠬᠡᠪᠡᠷ ᠰᠠᠶᠢᠵᠢᠷᠠᠵᠤ᠂ ᠡᠵᠡᠩᠨᠡᠯᠲᠡ ᠶᠢᠨ ᠣᠷᠣᠯᠭ᠎ᠠ ᠨᠢ ᠡᠶᠡᠷᠡᠬᠦ ᠨᠡᠮᠡᠭᠳᠡᠯ ᠲᠠᠢ ᠪᠣᠯᠪᠠ
ᠨᠡᠶᠢᠲᠡᠯᠡᠭᠰᠡᠨ ᠴᠠᠭ᠄
2024/12/17
      2024 ᠣᠨ ᠤ 1︱10 ᠳ᠋ᠤᠭᠠᠷ ᠰᠠᠷ᠎ᠠ ᠳᠤ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠬᠦᠴᠦᠷᠬᠡᠭ ᠶᠡᠭᠡ ᠬᠥᠭᠵᠢᠯᠲᠡ ᠶᠢᠨ ᠤᠶᠠᠨ ᠬᠠᠳᠠᠨ ᠬᠦᠴᠦᠨ ᠪᠠ ᠳᠠᠯᠳᠠ ᠬᠦᠴᠦᠨ ᠢᠶᠠᠨ ᠢᠯᠡᠷᠡᠭᠦᠯᠵᠦ᠂ ᠪᠤᠳᠤᠯᠢᠶᠠᠨᠲᠠᠢ ᠮᠥᠷᠲᠡᠭᠡᠨ ᠤᠯᠠᠨ ᠲᠠᠯ᠎ᠠ ᠶᠢᠨ ᠬᠤᠷᠸ᠎ᠠ ᠠᠵᠤ ᠠᠬᠤᠢ ᠶᠢᠨ ᠣᠷᠴᠢᠨ ᠲᠣᠭᠤᠷᠢᠨ ᠪᠠ ᠡᠯ᠎ᠡ ᠵᠦᠢᠯ ᠤᠨ ᠥᠷᠢᠰᠦᠯᠳᠦᠭᠡᠨ ᠤ ᠡᠮᠦᠨ᠎ᠡ᠂ ᠮᠠᠨ ᠤ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠠᠷᠤᠭᠠᠰᠤ ᠶᠢ ᠳᠠᠭᠠᠭᠠᠨ ᠦᠷᠭᠦᠯᠵᠢᠯᠡᠨ ᠬᠥᠭᠵᠢᠪᠡ᠃ ᠪᠥᠬᠦ ᠬᠤᠰᠢᠭᠤᠨ ᠤ 28 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 1︱10 ᠳ᠋ᠤᠭᠠᠷ ᠰᠠᠷ᠎ᠠ ᠳᠤ᠂ 29.08 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 1.4% ᠪᠠᠷ ᠨᠡᠮᠡᠭᠳᠡᠨ᠂ ᠡᠵᠡᠩᠨᠡᠯᠲᠡ ᠶᠢᠨ ᠣᠷᠣᠯᠭ᠎ᠠ ᠶᠢᠨ ᠶᠡᠷᠦᠩᠬᠡᠢ ᠬᠡᠮᠵᠢᠶ᠎ᠡ ᠪᠣᠯᠣᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃       ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 26.52 ᠳ᠋ᠦᠩᠰᠢᠭᠤᠷ ᠲᠥᠭᠦᠷᠢᠭ  ᠬᠦᠷᠴᠦ᠂ ᠠᠳᠠᠯᠢ ᠬᠤᠭᠤᠴᠠᠭᠠᠨ ᠤ ᠬᠢ ᠠᠴᠠ 1.39% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 91.1% ᠶᠢᠨ  ᠬᠤᠪᠢ ᠶᠢᠨ ᠵᠢᠩ ᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠵᠠᠭᠤᠨ ᠤ 1.3 ᠨᠢᠭᠡᠴᠢ ᠨᠡᠮᠡᠭᠳᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠠᠬᠢ ᠲᠤᠯᠭᠠᠭᠤᠷᠢᠯᠠᠬᠤ ᠪᠠᠶᠢᠷᠢ ᠰᠠᠭᠤᠷᠢ ᠶᠢ ᠳᠣᠪᠤᠶᠢᠯᠭᠠᠪᠠ︔ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 1.87 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ2.84% ᠪᠠᠷ ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.34% ᠪᠠᠷ ᠪᠠᠭᠤᠷᠠᠪᠠ᠃ ᠪᠠᠭᠤᠷᠠᠯᠲᠠ ᠶᠢᠨ ᠬᠡᠮᠵᠢᠶ᠎ᠡ ᠨᠢ 1︱ 9 ᠳ᠋ᠦ᠋ᠭᠡᠷ ᠰᠠᠷ᠎ᠠ ᠶᠢᠨ ᠬᠢ ᠠᠴᠠ ᠵᠠᠭᠤᠨ ᠤ 12.48 ᠨᠢᠭᠡᠴᠢ ᠪᠠᠭᠠᠰᠪᠠ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ