2024 ᠣᠨ ᠤ 1︱10 ᠳ᠋ᠤᠭᠠᠷ ᠰᠠᠷ᠎ᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭᠠᠨ ᠤ ᠦᠨᠳᠦᠰᠦᠨ ᠪᠠᠶᠢᠳᠠᠯ
ᠨᠡᠶᠢᠲᠡᠯᠡᠭᠰᠡᠨ ᠴᠠᠭ᠄
2024/12/17
      2024 ᠣᠨ ᠤ 1 ︱ 10 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠥᠭᠵᠢᠶᠡᠨᠲᠡᠢ ᠪᠠᠶᠢᠳᠠᠯ ᠢ ᠪᠠᠲᠤᠯᠠᠪᠠ᠃ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 30.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃ ᠡᠭᠦᠨ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 4.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 19.9% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠶᠢᠳᠠᠯ ᠢᠶᠠᠷ ᠬᠤᠪᠢᠶᠠᠪᠠᠯ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠭᠤᠯᠠᠨ ᠵᠠᠷᠤᠳᠠᠯ ᠤᠨ ᠣᠷᠣᠯᠭ᠎ᠠ ᠨᠡᠶᠢᠲᠡ 1.4 ᠳ᠋ᠦᠩᠰᠢᠭᠤᠷ ᠲᠥᠭᠦᠷᠢᠭ ᠲᠤ ᠬᠦᠷᠴᠦ᠂ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠣᠷᠣᠯᠭ᠎ᠠ ᠨᠡᠶᠢᠲᠡ 3.0 ᠳ᠋ᠦᠩᠰᠢᠭᠤᠷ ᠲᠥᠭᠦᠷᠢᠭ ᠲᠤ ᠬᠦᠷᠪᠡ᠃ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ  ᠡᠷᠭᠢᠯᠲᠡ ᠶᠢᠨ ᠪᠠᠶᠢᠳᠠᠯ ᠨᠢ ᠳᠣᠣᠷᠠᠬᠢ ᠮᠡᠲᠦ᠄      1︱10 ᠳ᠋ᠤᠭᠠᠷ ᠰᠠᠷ᠎ᠠ ᠳᠤ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠪᠣᠷᠣᠯᠠᠭᠤᠯᠬᠤ ᠦᠢᠯᠡᠰ ᠲᠤ ᠬᠦᠴᠦᠲᠡᠢ ᠨᠡᠮᠡᠭᠳᠡᠯ ᠤᠨ ᠬᠠᠨᠳᠤᠰᠢ ᠢᠯᠡᠷᠡᠨ᠂ ᠵᠢᠵᠢᠭᠯᠡᠨ ᠪᠣᠷᠣᠯᠠᠭᠤᠯᠤᠭᠰᠠᠨ ᠲᠤᠭ᠎ᠠ ᠨᠡᠶᠢᠲᠡ 3.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 40.8% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠯᠭᠠᠯ ᠢ ᠦᠨᠳᠦᠰᠦᠯᠡᠪᠡᠯ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ ᠬᠦᠷᠢᠶ᠎ᠡ ᠬᠡᠪᠴᠢᠶ᠎ᠡ ᠳᠠᠬᠢ ᠵᠢᠵᠢᠭᠯᠡᠨ ᠪᠣᠷᠣᠯᠠᠭᠤᠯᠤᠭᠰᠠᠨ ᠲᠤᠭ᠎ᠠ ᠢᠯᠡᠳᠲᠡ ᠨᠡᠮᠡᠭᠳᠡᠪᠡ᠃ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠵᠦ᠂ ᠤᠮᠳᠠᠭᠠᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 35.4% ᠪᠠᠷ ᠨᠡᠮᠡᠭᠳᠡᠨ᠂ ᠠᠷᠢᠬᠢ ᠲᠠᠮᠠᠬᠢᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 31.7% ᠪᠠᠷ ᠨᠡᠮᠡᠭᠳᠡᠪᠡ᠃ ᠵᠠᠰᠠᠯ ᠴᠢᠮᠡᠭᠯᠡᠯ ᠤᠨ ᠡᠳ᠋ ᠤᠨ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 36.3% ᠪᠠᠷ ᠨᠡᠮᠡᠭᠳᠡᠪᠡ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 32.8% ᠪᠠᠷ ᠨᠡᠮᠡᠭᠳᠡᠪᠡ︔ ᠴᠢᠮᠡᠭᠡ ᠬᠤᠯᠪᠣᠭ᠎ᠠ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 55.4% ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 102.7% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 609.4%  ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠯᠤᠲᠤ ᠶᠡᠭᠡ ᠳᠠᠯᠳᠠ ᠬᠦᠴᠦᠨ ᠪᠠ ᠢᠷᠡᠭᠡᠳᠦᠢ ᠶᠢᠨ ᠲᠥᠯᠥᠪ ᠢ ᠢᠯᠡᠷᠡᠭᠦᠯᠪᠡ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ