ᠣᠲᠤᠭ ᠬᠤᠰᠢᠭᠤᠨ ᠤ 2024 ᠣᠨ ᠤ 1 ︱10 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/12/17
      2024 ᠣᠨ ᠤ 10 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠰᠢᠭᠤᠨ ᠤ 119 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠠᠴᠠ ᠠᠯᠳᠠᠭᠳᠠᠯ ᠲᠠᠢ ᠠᠵᠤ ᠠᠬᠤᠶᠢᠯᠠᠯ 43 ᠪᠠᠶᠢᠵᠤ᠂ ᠠᠯᠳᠠᠭᠳᠠᠯ ᠤᠨ ᠬᠡᠪᠴᠢᠶ᠎ᠡ ᠨᠢ 36% ᠶᠢ ᠡᠵᠡᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠨᠡᠶᠢᠲᠡ 2174.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 7.1% ᠪᠠᠷ ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ ᠶᠢ ᠨᠡᠶᠢᠲᠡ 947 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 7.2% ᠢᠶᠠᠷ ᠪᠠᠭᠤᠷᠠᠪᠠ︔ ᠡᠵᠡᠩᠨᠡᠯᠲᠡ ᠶᠢᠨ ᠥᠪᠡᠷ ᠤᠨ ᠦᠷᠳᠡᠭ 780.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 6.9% ᠪᠠᠷ ᠪᠠᠭᠤᠷᠠᠪᠠ︔ ᠭᠠᠶᠢᠯᠢ ᠶᠢᠨ ᠮᠥᠩᠭᠦ ᠵᠢᠴᠢ ᠨᠡᠮᠡᠯᠲᠡ ᠨᠢ 25.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ  ᠬᠢ ᠠᠴᠠ 8.9% ᠪᠠᠷ ᠪᠠᠭᠤᠷᠠᠪᠠ︔ ᠰᠤᠳᠤᠯᠤᠨ ᠨᠡᠭᠡᠭᠡᠬᠦ ᠵᠠᠷᠤᠳᠠᠯ 13.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ4.7% ᠪᠠᠷ ᠨᠡᠮᠡᠭᠳᠡᠪᠡ︔ ᠪᠤᠰᠤᠳ ᠠᠰᠢᠭ ᠣᠷᠣᠯᠭ᠎ᠠ 4.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 72% ᠢᠶᠠᠷ ᠨᠡᠮᠡᠭᠳᠡᠪᠡ︔ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠪᠡ︔ ᠡᠵᠡᠩᠨᠡᠯᠲᠡ ᠶᠢᠨ ᠠᠰᠢᠭ ᠣᠷᠣᠯᠭ᠎ᠠ ᠶᠢ 109.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠪᠠᠭᠤᠷᠠᠪᠠ︔ ᠡᠵᠡᠩᠨᠡᠯᠲᠡ ᠠᠴᠠ ᠭᠠᠳᠠᠨᠠᠬᠢ ᠣᠷᠣᠯᠭ᠎ᠠ ᠶᠢ 2.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.6% ᠪᠠᠷ ᠨᠡᠮᠡᠭᠳᠡᠪᠡ︔ ᠨᠡᠶᠢᠲᠡ ᠪᠡᠶᠡᠯᠡᠭᠦᠯᠦᠭᠰᠡᠨ ᠠᠰᠢᠭ ᠣᠷᠣᠯᠭ᠎ᠠ ᠶᠢᠨ ᠶᠡᠷᠦᠩᠬᠡᠢ ᠲᠤᠭ᠎ᠠ 105.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 8.9% ᠪᠠᠷ ᠪᠠᠭᠤᠷᠠᠪᠠ︔ ᠠᠯᠳᠠᠭᠳᠠᠯ ᠲᠠᠢ ᠠᠵᠤ ᠠᠬᠤᠶᠢᠯᠠᠯ ᠤᠨ ᠠᠯᠳᠠᠭᠳᠠᠯ ᠤᠨ ᠶᠡᠷᠦᠩᠬᠡᠢ ᠲᠤᠭ᠎ᠠ 28.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠪᠡ︔ ᠲᠤᠰᠢᠶᠠᠬᠤ ᠶᠣᠰᠣᠲᠠᠢ ᠥᠷᠲᠡᠭ ᠤᠨ ᠨᠡᠮᠡᠭᠳᠡᠯ ᠤᠨ ᠭᠠᠶᠢᠯᠢ 25.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ ᠪᠠᠭᠤᠷᠠᠪᠠ︔ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 50.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠪᠠᠭᠤᠷᠠᠪᠠ︔ ᠠᠵᠤ ᠠᠬᠤᠶᠢᠯᠠᠯ ᠤᠨ ᠠᠵᠢᠯᠴᠢᠨ ᠬᠡᠷᠡᠭᠯᠡᠭᠰᠡᠨ ᠳᠤᠮᠳᠠᠴᠢ ᠬᠥᠮᠥᠨ ᠤ ᠲᠤᠭ᠎ᠠ 3.9 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠪᠠᠭᠤᠷᠠᠪᠠ᠃       ᠲᠥᠷᠥᠯ ᠵᠦᠢᠯ ᠠᠴᠠ ᠨᠢ ᠦᠵᠡᠪᠡᠯ᠂ ᠠᠭᠤᠷᠬᠠᠢ ᠮᠠᠯᠲᠠᠬᠤ ᠦᠢᠯᠡᠰ᠂ ᠴᠠᠬᠢᠯᠭᠠᠨ ᠬᠥᠴᠣ᠂ ᠢᠯᠴᠢ ᠶᠢᠨ ᠬᠥᠴᠤ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠵᠡᠩᠨᠡᠯᠲᠡ ᠶᠢᠨ ᠠᠰᠢᠭ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 312.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠨ᠂ ᠡᠵᠡᠩᠨᠡᠯᠲᠡ ᠶᠢᠨ ᠠᠰᠢᠭ ᠣᠷᠣᠯᠭ᠎ᠠ ᠶᠢ 66.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.5% ᠪᠠᠷ ᠨᠡᠮᠡᠭᠳᠡᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 30.8 ᠳ᠋ᠦᠩᠰᠢᠭᠤᠷ ᠲᠥᠭᠦᠷᠢᠭ ᠲᠤ ᠬᠦᠷᠪᠡ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 489.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠪᠠᠷ ᠪᠠᠭᠤᠷᠠᠨ᠂ ᠡᠵᠡᠩᠨᠡᠯᠲᠡ ᠶᠢᠨ ᠠᠰᠢᠭ ᠣᠷᠣᠯᠭ᠎ᠠ 27.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 49.4% ᠪᠠᠷ ᠪᠠᠭᠤᠷᠠᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠪᠥᠬᠦ ᠲᠤᠭ᠎ᠠ 14.8 ᠳ᠋ᠦᠩᠰᠢᠭᠤᠷ ᠲᠥᠭᠦᠷᠢᠭ ᠲᠤ ᠬᠦᠷᠪᠡ︔ ᠴᠠᠬᠢᠯᠭᠠᠨ ᠬᠥᠴᠦ᠂ ᠢᠯᠴᠢ ᠶᠢᠨ ᠬᠥᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 145 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 11% ᠪᠠᠷ ᠨᠡᠮᠡᠭᠳᠡᠨ᠂ ᠡᠵᠡᠩᠨᠡᠯᠲᠡ ᠶᠢᠨ ᠠᠰᠢᠭ ᠣᠷᠣᠯᠭ᠎ᠠ 15.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 187% ᠪᠠᠷ ᠨᠡᠮᠡᠭᠳᠡᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 5.2 ᠳ᠋ᠦᠩᠰᠢᠭᠤᠷ ᠲᠥᠭᠦᠷᠢᠭ ᠲᠤ ᠬᠦᠷᠪᠡ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ